鄂尔多斯市人民政府蒙古文网站 Bet体育365提款不到账_网上365bet_365速发国际是黑平台吗

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠵᠠᠰᠠᠭ  ᠤᠨ ᠤᠷᠳᠤᠨ  ᠤ ᠠᠵᠢᠯ  ᠤᠨ ᠢᠯᠡᠳᠭᠡᠯ
        ᠨᠡᠶᠢᠲᠡᠯᠡᠭᠰᠡᠨ ᠴᠠᠭ᠄
        2018/4/5
                       — 2011 ᠤᠨ  ᠤ 2 ᠰᠠᠷ᠎ᠠ  ᠎ ᠶᠢᠨ 12᠎ ᠤᠨ ᠡᠳᠦᠷ ᠤᠷᠳᠤᠰ ᠬᠤᠳᠠ ᠶᠢᠨ                    ᠬᠤᠶᠠᠳᠤᠭᠠᠷ  ᠬᠤᠭᠤᠴᠠᠭᠠᠨ ᠤ ᠠᠷᠠᠳ  ᠤᠨ ᠲᠦᠯᠦᠭᠡᠯᠡᠭᠴᠢᠳ ᠤᠨ                    ᠶᠡᠭᠡ ᠬᠤᠷᠠᠯ  ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠠ                                    ᠤᠷᠳᠤᠰ ᠬᠤᠳᠠ ᠶᠢᠨ ᠲᠠᠷᠤᠭ᠎ᠠ    ᠶᠦᠨ ᠭᠤᠸᠠᠩ ᠵᠦᠡᠭᠲᠦᠯᠦᠭᠡᠯᠡᠭᠴᠢᠳ ᠡ᠄      ᠤᠳᠤ ᠪᠢ ᠬᠤᠳᠠ ᠶᠢᠨ ᠠᠷᠠᠳ  ᠤᠨ ᠵᠠᠰᠠᠭ  ᠤᠨ ᠤᠷᠳᠤᠨ  ᠢ ᠲᠦᠯᠦᠭᠡᠯᠡᠨ ᠶᠡᠭᠡ ᠬᠤᠷᠠᠯ  ᠳᠤ ᠠᠵᠢᠯ  ᠤᠨ ᠢᠯᠡᠳᠭᠡᠯ ᠬᠢᠶ᠎ᠠ᠂ ︽ᠤᠷᠳᠤᠰ ᠬᠤᠳᠠ ᠎ ᠶᠢᠨ ᠤᠯᠤᠰ ᠠᠷᠠᠳ  ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠠ ᠶᠢᠨ ᠠᠷᠪᠠᠨ ᠬᠤᠶᠠᠳᠤᠭᠠᠷ ᠲᠠᠪᠤᠨ ᠵᠢᠯ  ᠤᠨ ᠲᠦᠯᠦᠪᠵᠢᠬᠦᠯᠭᠡ ᠶᠢᠨ ᠬᠦᠳᠦᠯᠪᠦᠷᠢ ᠶᠢᠨ ᠲᠤᠪᠴᠢ ︵ᠡᠭᠡ ᠨᠤᠤᠷᠠᠭ︶︾᠎ ᠲᠠᠢ ᠵᠡᠷᠭᠡᠪᠡᠷ ᠬᠢᠨᠠᠨ ᠵᠦᠪᠯᠡᠬᠦ ᠪᠤᠯᠪᠠᠤ᠂ ᠲᠠᠷᠠᠴᠢᠯᠠᠨ ᠤᠯᠤᠰ ᠲᠦᠷᠦ ᠶᠢᠨ ᠵᠦᠪᠯᠡᠯᠭᠡᠨ  ᠤ ᠬᠡᠰᠢᠬᠦᠳ ᠪᠠ ᠬᠤᠷᠠᠯ  ᠳᠤ ᠰᠤᠯᠠ ᠤᠷᠤᠯᠴᠠᠭᠰᠠᠳ ᠰᠠᠨᠠᠯ  ᠢᠶᠠᠨ ᠲᠤᠷᠠᠳᠬᠤ ᠪᠤᠯᠪᠠᠤ᠃         ᠨᠢᠭᠡ᠂ ︽ᠠᠷᠪᠠᠨ ᠨᠢᠭᠡᠳᠦᠭᠡᠷ ᠲᠠᠪᠤᠨ ᠵᠢᠯ︾ ᠎ ᠤᠨ                 ᠬᠤᠭᠤᠴᠠᠭᠠᠨ  ᠤ ᠠᠵᠢᠯ  ᠤᠨ ᠡᠷᠬᠢᠴᠡᠬᠦᠯᠦᠯ      ︽ᠠᠷᠪᠠᠨ ᠨᠢᠭᠡᠳᠦᠭᠡᠷ ᠲᠠᠪᠤᠨ ᠵᠢᠯ︾ ᠎ ᠤᠨ ᠬᠤᠭᠤᠴᠠᠭ᠎ᠠ ᠪᠤᠯ ᠮᠠᠨ  ᠤ ᠬᠤᠳᠠ ᠶᠢᠨ ᠬᠦᠭᠵᠢᠯᠳᠠ ᠶᠢᠨ ᠠᠬᠢᠴᠨ ᠳᠠᠬᠢ ᠲᠤᠶᠢᠯ  ᠤᠨ ᠶᠡᠷᠦ ᠶᠢᠨ ᠪᠤᠰᠤ ᠲᠠᠪᠤᠨ ᠵᠢᠯ ᠪᠤᠯᠤᠨ᠎ᠠ᠃ ᠲᠠᠪᠤᠨ ᠵᠢᠯ  ᠤᠨ ᠲᠤᠷᠰᠢ᠂ ᠬᠤᠳᠠ ᠶᠢᠨ ᠠᠷᠠᠳ  ᠤᠨ ᠵᠠᠰᠠᠭ  ᠤᠨ ᠤᠷᠳᠤᠨ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠪᠠᠷ ᠵᠢᠯᠤᠭᠤᠳᠤᠯᠭ᠎ᠠ ᠪᠤᠯᠭᠠᠵᠤ᠂ ᠪᠦᠬᠦ ᠬᠤᠳᠠ ᠶᠢᠨ ᠡᠯ᠎ᠠ ᠦᠨᠳᠤᠰᠦᠳᠠᠨ ᠨᠦᠭᠦᠳ ᠤᠨ ᠠᠷᠠᠳ ᠲᠦᠮᠠᠨ ᠢ ᠪᠦᠯᠬᠦᠮᠳᠠᠬᠦᠯᠦᠨ ᠲᠠᠶᠢᠴᠢᠯᠠᠵᠤ ᠦᠪᠡᠷᠳᠡᠭᠡᠨ ᠵᠠᠰᠠᠬᠤ ᠤᠷᠤᠨ  ᠤ ᠨᠠᠮ  ᠤᠨ ᠬᠤᠷᠢᠶ᠎ᠠ᠂ ᠵᠠᠰᠠᠭ  ᠤᠨ ᠤᠷᠳᠤᠨ ᠪᠠ ᠬᠤᠳᠠ ᠶᠢᠨ ᠨᠠᠮ  ᠤᠨ ᠬᠤᠷᠢᠶ᠎ᠠ ᠶᠢᠨ ᠡᠯ᠎ᠡ ᠲᠦᠷᠦᠯ ᠤᠨ ᠴᠢᠭᠯᠡᠯᠳᠠ ᠲᠦᠷᠦ ᠶᠢᠨ ᠪᠤᠳᠤᠯᠭ᠎ᠠ ᠵᠢᠴᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ  ᠤᠨ ᠲᠦᠯᠦᠭᠡᠯᠡᠭᠴᠢᠳ  ᠤᠨ ᠶᠡᠭᠡ ᠬᠤᠷᠠᠯ  ᠤᠨ ᠡᠯ᠎ᠠ ᠲᠦᠷᠦᠯ  ᠤᠨ ᠰᠢᠢᠳᠪᠦᠷᠢ ᠶᠢ ᠬᠢᠨᠠᠮᠠᠭᠠᠢ ᠬᠦᠢᠴᠡᠳᠭᠡᠵᠤ᠂ ︽ᠬᠤᠶᠠᠷ ᠲᠤᠮᠤ ᠪᠠᠶᠢᠯᠳᠤᠬᠤ ᠪᠤᠳᠤᠯᠭ᠎ᠠ︾᠎ ᠶᠢ ᠨᠠᠷᠢᠯᠢᠭ  ᠢᠶᠠᠷ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠬᠦᠴᠢᠷ ᠪᠡᠷᠭᠡᠰᠢᠶᠠᠯ  ᠢ ᠢᠯᠠᠨ ᠲᠠᠪᠠᠵᠤ᠂ ᠨᠡᠭᠡᠭᠡᠯᠳᠠ ᠲᠠᠢ ᠪᠠᠷ ᠰᠢᠨ᠎ᠠ ᠶᠢ ᠡᠬᠦᠳᠦᠭᠡᠳ ︽ᠠᠷᠪᠠᠨ ᠨᠢᠭᠡᠳᠦᠭᠡᠷ ᠲᠠᠪᠤᠨ ᠵᠢᠯ︾ ᠎ ᠤᠨ ᠡᠯ᠎ᠠ ᠬᠠᠷᠠᠯᠳᠠ ᠡᠬᠦᠷᠭᠡ ᠪᠠᠨ ᠠᠮᠵᠢᠯᠳᠠ ᠲᠠᠢ ᠪᠠᠷ ᠪᠠᠶᠠᠯᠡᠬᠦᠯᠵᠤ᠂ ᠤᠷᠳᠤᠰ  ᠤᠨ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠰᠢᠨ᠎ᠠ ᠪᠠᠶᠢᠳᠠᠯ ᠢ ᠡᠬᠦᠳᠴᠦ᠂ ᠪᠦᠬᠦ ᠤᠯᠤᠰ ᠤᠨ ᠦᠭᠡᠷᠡᠴᠢᠯᠡᠯᠳᠠ ᠬᠢᠵᠤ ᠴᠢᠯᠤᠭᠡᠳᠡᠢ ᠶᠠᠪᠤᠯᠴᠠᠭᠰᠠᠨ 30 ᠵᠢᠯ  ᠤᠨ ᠠᠷᠪᠠᠨ ᠨᠠᠢᠮᠠᠨ ᠨᠡᠶᠢᠳᠡᠯᠢᠭ ᠭᠠᠵᠠᠷ ᠤᠷᠤᠨ  ᠤ ᠨᠢᠭᠡ ᠪᠠ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠶᠢ ᠰᠤᠷᠤᠯᠴᠠᠨ ᠦᠢᠯᠡᠳᠦᠯᠭᠡᠵᠢᠬᠦᠯᠦᠭᠰᠡᠨ ᠲᠠᠪᠤᠨ ᠨᠠᠶᠢᠳᠡᠯᠢᠭ ᠬᠤᠳᠠ ᠶᠢᠨ ᠨᠢᠭᠡ ᠨᠢ ᠪᠤᠯᠤᠭᠰᠠᠨ ᠪᠠᠶᠢᠨ᠎ᠠ᠃      —  ᠠᠵᠤ ᠠᠬᠤᠢ ᠶᠢᠨ ᠶᠡᠷᠦᠩᠭᠡᠶᠢᠯᠡᠭᠰᠡᠨ ᠪᠤᠳᠠᠳᠤ ᠬᠦᠴᠦᠨ ᠶᠡᠭᠡ ᠲᠡᠭᠡᠭᠰᠢᠯᠠᠯᠳᠠ ᠶᠢ ᠪᠡᠶᠡᠯᠡᠬᠦᠯᠪᠠ᠃ ᠭᠠᠵᠠᠷ ᠤᠷᠤᠨ  ᠤ ᠦᠢᠯᠡᠳᠪᠦᠷᠢᠯᠠᠯ  ᠤᠨ ᠶᠡᠷᠦᠩᠭᠡᠢ ᠦᠷᠳᠡᠭ ᠮᠢᠩᠭᠠᠨ ᠳ᠋ᠦᠡᠭᠰᠢᠭᠤᠷ ᠲᠦᠬᠦᠷᠢᠭ᠂ ᠬᠤᠶᠠᠷ ᠮᠢᠩᠭᠠᠨ ᠳ᠋ᠦᠡᠭᠰᠢᠭᠤᠷ ᠲᠦᠬᠦᠷᠢᠭ  ᠤᠨ ᠲᠤᠮᠤ ᠪᠤᠭᠤᠮᠳᠠ ᠶᠢ ᠲᠠᠷᠠᠭᠠᠯᠠᠨ ᠰᠢᠪᠳᠤᠯᠵᠤ᠂ 2010 ᠤᠨ  ᠳᠤ 2643 ᠳ᠋ᠦᠡᠭᠰᠢᠭᠤᠷ ᠲᠦᠬᠦᠷᠢᠭ ᠲᠤ ᠬᠦᠷᠴᠦ᠂ ᠲᠠᠪᠤᠨ ᠵᠢᠯ  ᠳᠤ ᠭᠠᠵᠠᠷ ᠤᠷᠤᠨ  ᠤ ᠦᠢᠯᠡᠳᠪᠦᠷᠢᠯᠠᠯ  ᠤᠨ ᠶᠡᠷᠦᠩᠭᠡᠢ ᠦᠷᠳᠡᠭ  ᠢ ᠨᠠᠶᠢᠳᠠ 8490 ᠳ᠋ᠦᠡᠭᠰᠢᠭᠤᠷ ᠲᠦᠬᠦᠷᠢᠭ ᠡᠬᠦᠳᠴᠦ᠂ ︽ᠠᠷᠪᠠᠳᠤᠭᠠᠷ ᠲᠠᠪᠤᠨ ᠵᠢᠯ︾ ᠎ ᠤᠨ ᠬᠤᠭᠤᠴᠠᠭ᠎ᠠ ᠶᠢᠨ 5.2 ᠲᠠᠬᠢᠨ ᠪᠤᠯᠤᠨ᠎ᠠ᠂ ᠵᠢᠯ ᠪᠦᠷᠢ ᠲᠤᠮᠳᠠᠴᠢ ᠎ ᠪᠠᠷ 23.4 %᠎ ᠎ ᠪᠠᠷ ᠨᠡᠮᠡᠭᠳᠡᠪᠡ︔ ᠬᠦᠮᠦᠨ ᠲᠤᠮᠳᠠᠴᠢ GDP 4600 ᠳ᠋ᠤᠯᠯᠠᠷ ᠠᠴᠠ ᠨᠡᠮᠡᠭᠳᠡᠨ 20800 ᠳ᠋ᠤᠯᠯᠠᠷ ᠲᠤ ᠬᠦᠷᠪᠠ᠃ ᠡᠳ᠋  ᠤᠨ ᠵᠠᠰᠠᠭ ᠎ ᠤᠨ ᠶᠡᠷᠦᠩᠭᠡᠢ ᠤᠷᠤᠯᠭ᠎ᠠ 538.2 ᠳ᠋ᠦᠡᠭᠰᠢᠭᠤᠷ ᠲᠦᠬᠦᠷᠢᠭ ᠲᠤ ᠬᠦᠷᠴᠦ᠂ ᠲᠠᠪᠤᠨ ᠵᠢᠯ  ᠳᠤ ᠨᠠᠶᠢᠳᠠ 1515.7 ᠳ᠋ᠦᠡᠭᠰᠢᠭᠤᠷ ᠲᠦᠬᠦᠷᠢᠭ ᠪᠠᠶᠠᠯᠡᠬᠦᠯᠵᠤ᠂ ︽ᠠᠷᠪᠠᠳᠤᠭᠠᠷ ᠲᠠᠪᠤᠨ ᠵᠢᠯ︾ ᠎ ᠤᠨ ᠬᠤᠭᠤᠴᠠᠭ᠎ᠠ ᠶᠢᠨ 7.4 ᠲᠠᠬᠢᠨ ᠪᠠᠶᠢᠵᠤ᠂ ᠵᠢᠯ ᠪᠦᠷᠢ ᠲᠤᠮᠳᠠᠴᠢ ᠪᠠᠷ 42%᠎ ᠪᠠᠷ ᠨᠡᠮᠡᠭᠳᠡᠪᠠ᠃ ᠳ᠋ᠦᠡᠭᠱᠸᠡᠭ ᠲᠤᠭᠤᠷᠢᠭ᠂ ᠵᠡᠬᠦᠨᠭᠠᠷ ᠬᠤᠰᠢᠭᠤ ᠪᠠ ᠡᠵᠡᠨ ᠬᠤᠷᠤᠭ᠎ᠠ ᠬᠤᠰᠢᠭᠤᠨ  ᠤ ᠡᠳ᠋  ᠤᠨ ᠵᠠᠰᠠᠭ  ᠤᠨ ᠤᠷᠤᠯᠭ᠎ᠠ ᠵᠠᠭᠤᠨ ᠳ᠋ᠦᠡᠭᠰᠢᠭᠤᠷ ᠲᠦᠬᠦᠷᠢᠭ  ᠤᠨ ᠪᠤᠭᠤᠮᠳᠠ ᠶᠢ ᠰᠢᠪᠳᠤᠯᠪᠠ᠃ ᠲᠤᠭᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ ᠶᠢ 1898 ᠳ᠋ᠦᠡᠭᠰᠢᠭᠤᠷ ᠲᠦᠬᠦᠷᠢᠭ ᠪᠠᠶᠡᠯᠡᠬᠦᠯᠵᠤ᠂ ᠲᠠᠪᠤᠨ ᠵᠢᠯ  ᠳᠤ ᠨᠡᠶᠢᠳᠠ 6033 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ ︽ᠠᠷᠪᠠᠳᠤᠭᠠᠷ ᠲᠠᠪᠤᠨ ᠵᠢᠯ︾ ᠎ ᠤᠨ ᠬᠤᠭᠤᠴᠠᠭ᠎ᠠ ᠶᠢᠨ6.5 ᠲᠠᠬᠢᠨ ᠪᠤᠯᠤᠨ᠎ᠠ᠃ ᠠᠵᠤ ᠠᠬᠤᠢ ᠶᠢᠨ ᠭᠤᠤᠯ ᠪᠤᠯᠬᠤ ᠬᠦᠢᠴᠡᠳᠭᠡᠬᠦ ᠲᠤᠭ᠎ᠠ ᠪᠠᠷ ᠪᠦᠬᠦ ᠤᠷᠤᠨ  ᠳᠤ ᠤᠷᠤᠶᠢᠯᠠᠵᠤ᠂ ᠠᠵᠤ ᠠᠬᠤᠢ ᠶᠢᠨ ᠶᠡᠷᠦᠩᠭᠡᠶᠢᠯᠡᠭᠰᠡᠨ ᠪᠤᠳᠠᠳᠤ ᠬᠦᠴᠦᠨ ᠪᠦᠬᠦ ᠤᠯᠤᠰ  ᠤᠨ ᠲᠤᠰᠬᠠᠢ ᠤᠷᠤᠨ  ᠤ ᠲᠡᠰ  ᠤᠨ ᠬᠤᠳᠠ ᠶᠢᠨ ᠲᠤᠳᠤᠷ᠎ᠠ ᠡᠮᠦᠨ᠎ᠠ 20  ᠪᠠᠶᠢᠷᠢᠨ ᠳᠤ ᠲᠠᠪᠰᠢᠨ ᠤᠷᠤᠭᠰᠠᠨ ᠪᠠᠶᠢᠨ᠎ᠠ᠃      —  ᠠᠵᠤ ᠠᠬᠤᠢ ᠶᠢᠨ ᠪᠦᠳᠦᠴᠠ ᠶᠢᠨ ᠲᠤᠬᠢᠷᠠᠭᠤᠯᠤᠯᠳᠠ ᠶᠢᠨ ᠲᠠᠯ᠎ᠠ ᠪᠠᠷ ᠴᠢᠬᠤᠯᠠ ᠠᠬᠢᠯᠳᠠ ᠲᠠᠢ ᠪᠤᠯᠪᠠ᠃ ᠭᠤᠷᠪᠠᠨ ᠠᠵᠤ ᠦᠢᠯᠡᠰ  ᠤᠨ ᠬᠠᠷᠢᠴᠠᠯ ᠲᠤᠬᠢᠷᠠᠭᠤᠯᠤᠭᠳᠠᠨ 2.7᠄ 60.2᠄ 37.1 ᠪᠤᠯᠪᠠ᠃  ᠤᠯᠤᠰ  ᠤᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠪᠤᠬᠢᠷᠳᠤᠯ  ᠦᠭᠡᠢ ᠡᠨᠧᠷᠬᠢ ᠪᠠ ᠰᠢᠨ᠎ᠠ ᠬᠡᠯᠪᠡᠷᠢ ᠎ ᠶᠢᠨ ᠬᠢᠮᠢ  ᠤᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠠᠩᠬ᠎ᠠ ᠠᠯᠬᠤᠮ ᠬᠡᠪᠴᠢᠶᠠᠵᠢᠵᠤ᠂ ᠨᠡᠬᠦᠷᠡᠰᠦ ᠬᠢᠮᠢ ᠶᠢᠨ ᠠᠵᠤ ᠦᠢᠯᠡᠳᠪᠦᠷᠢ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠬᠢᠮᠢ ᠶᠢᠨ ᠠᠵᠤ ᠦᠢᠯᠡᠳᠪᠦᠷᠢ᠂ ᠡᠾᠯᠤᠷᠳᠤ ᠬᠤᠵᠢᠷ  ᠤᠨ ᠬᠢᠮᠢ ᠶᠢᠨ ᠠᠵᠤ ᠦᠢᠯᠡᠳᠪᠤᠷᠢ ᠶᠢᠨ ᠦᠢᠯᠡᠳᠪᠦᠷᠢᠯᠠᠯ  ᠤᠨ ᠴᠢᠳᠠᠪᠤᠷᠢ  ᠮᠢᠩᠭᠠᠨ ᠲᠦᠮᠡᠨ ᠲᠤᠨ ᠢ ᠲᠠᠪᠠᠭᠰᠠᠨ ᠪᠠᠶᠢᠨ᠎ᠠ᠃ ᠮᠠᠰᠢᠨ ᠲᠡᠷᠭᠡ᠂ ᠨᠡᠬᠦᠷᠡᠰᠦᠨ ᠮᠠᠰᠢᠨ᠂ ᠸᠠᠭᠠᠷ ᠱᠠᠭᠠᠵᠠᠩ᠂ ᠤᠯᠠᠨ ᠲᠠᠯᠠᠰᠳᠤ ᠴᠠᠬᠢᠭᠤᠷ᠂ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠵᠡᠷᠭᠡ ᠨᠡᠬᠦᠷᠡᠰᠦᠨ  ᠤ ᠪᠤᠰᠤ ᠠᠵᠤ ᠦᠢᠯᠡᠰ ᠦᠷᠨᠢᠨ ᠬᠦᠭᠵᠢᠵᠤ᠂ ᠮᠦᠡᠭᠬᠦᠨ ᠬᠦᠢᠯᠭᠡᠭᠡ᠂ ᠪᠤᠳᠠᠰ  ᠤᠨ ᠬᠦᠢᠯᠭᠡᠭᠡ᠂ ᠰᠤᠶᠤᠯ ᠵᠤᠭᠠᠴᠠᠯ ᠵᠡᠷᠭᠡ ᠤᠳᠤ ᠦᠶ᠎ᠠ ᠶᠢᠨ ᠦᠢᠯᠡᠴᠢᠯᠡᠭᠡᠨ  ᠤ ᠦᠢᠯᠡᠰ ᠲᠦᠷᠭᠡᠨ  ᠢᠶᠠᠷ ᠪᠤᠶᠢᠵᠢᠵᠤ᠂ ᠠᠵᠤ ᠦᠢᠯᠡᠰ  ᠢ ᠤᠯᠠᠨ ᠡᠰᠵᠢᠬᠦᠯᠬᠦ᠂ ᠤᠷᠳᠤᠳᠬᠠᠬᠤ ᠪᠠ ᠲᠡᠰᠵᠢᠬᠦᠯᠬᠦ ᠲᠠᠯ᠎ᠠ ᠪᠠᠷ ᠪᠤᠳᠠᠳᠤ ᠴᠢᠨᠠᠷᠳᠠᠢ ᠠᠬᠢᠯᠳᠠ ᠲᠠᠢ ᠪᠤᠯᠪᠠ  ᠃      —  ᠬᠤᠳᠠ ᠶᠢᠨ ᠦᠡᠭᠭᠡ ᠲᠦᠷᠰᠦ  ᠳᠤ ᠶᠡᠭᠡ ᠬᠤᠪᠢᠷᠠᠯᠳᠠ ᠭᠠᠷᠪᠠ᠃ ᠤᠷᠤᠨ ᠲᠤᠭᠤᠷᠢᠭ  ᠤᠨ ᠴᠢᠨᠠᠷᠳᠠᠢ ᠭᠤᠤᠯᠳᠠᠯᠭᠠᠳᠤ ᠬᠤᠳᠠ ᠶᠢᠨ ᠪᠦᠳᠦᠭᠡᠨ ᠪᠠᠶᠢᠭᠤᠯᠤᠯᠳᠠ  ᠳᠤ ᠶᠡᠭᠡᠭᠡᠨ ᠦᠷ᠎ᠠ ᠪᠦᠳᠦᠮᠵᠢ ᠤᠯᠵᠤ᠂ ᠳ᠋ᠦᠡᠭᠱᠸᠡᠭ ᠲᠤᠭᠤᠷᠢᠭ  ᠤᠨ ᠰᠢᠨ᠎ᠠ ᠲᠤᠭᠤᠷᠢᠭ  ᠤᠨ ᠪᠦᠳᠦᠭᠡᠨ ᠪᠠᠶᠢᠭᠤᠯᠤᠯᠳᠠ ᠪᠠ ᠬᠠᠭᠤᠴᠢᠨ ᠲᠤᠭᠤᠷᠢᠭ  ᠤᠨ ᠦᠭᠡᠷᠡᠴᠢᠯᠡᠯᠳᠠ ᠵᠤᠬᠢᠴᠠᠯᠳᠤᠨ ᠶᠠᠪᠤᠭᠳᠠᠵᠤ᠂ ᠬᠢᠶ᠎ᠠ ᠪᠠᠭᠰᠢ ᠰᠢᠨ᠎ᠠ ᠲᠤᠭᠤᠷᠢᠭ ᠪᠠ ᠠᠯᠳᠠᠨᠰᠢᠷᠡᠭᠡᠳᠤ ᠪᠠᠯᠭᠠᠰᠤ ᠴᠤᠭᠴᠠᠵᠢᠭᠰᠠᠨ ᠬᠦᠭᠵᠢᠯᠳᠠ ᠎ ᠶᠢᠨ ᠬᠠᠨᠳᠤᠰᠢ ᠲᠠᠢ ᠪᠤᠯᠵᠤ ᠬᠤᠳᠠ ᠶᠢᠨ ᠵᠠᠰᠠᠭ  ᠤᠨ ᠤᠷᠳᠤᠨ  ᠢ ᠬᠢᠶ᠎ᠠ ᠪᠠᠭᠰᠢ ᠰᠢᠨ᠎ᠠ ᠲᠤᠭᠤᠷᠢᠭ ᠲᠤ ᠨᠡᠬᠦᠯᠭᠡᠨ ᠠᠪᠴᠢᠷᠠᠵᠤ᠂ ᠬᠤᠳᠠ ᠶᠢᠨ ᠪᠠᠭᠳᠠᠭᠠᠮᠵᠢ ᠲᠦᠷᠭᠡᠨ  ᠢᠶᠠᠷ ᠦᠷᠭᠡᠵᠢᠨ ᠴᠢᠳᠠᠪᠬᠢ ᠦᠢᠯᠡᠳᠤᠯ ᠨᠢ ᠴᠢᠨᠠᠭᠰᠢᠳᠠ ᠲᠡᠬᠦᠯᠳᠡᠷᠵᠢᠵᠤ᠂ ᠴᠢᠨᠠᠷ ᠲᠡᠰ ᠨᠢ ᠲᠠᠰᠤᠷᠠᠯᠳᠠ ᠦᠭᠡᠢ ᠲᠡᠭᠡᠭᠰᠢᠯᠡᠵᠡᠢ᠃ ᠪᠦᠬᠦ ᠬᠤᠳᠠ ᠶᠢᠨ ᠬᠤᠳᠠ ᠪᠠᠯᠭᠠᠰᠤ ᠶᠢᠨ ᠨᠢᠭᠡᠨᠳᠠ ᠪᠠᠶᠢᠭᠤᠯᠤᠭᠳᠠᠭᠰᠠᠨ ᠲᠠᠯᠠᠪᠠᠢ ᠨᠢ 138  ᠲᠡᠭᠰᠢ ᠲᠦᠷᠪᠡᠯᠵᠢᠨ ᠺᠢᠯᠤᠮᠧᠲᠷ ᠠᠴᠠ ᠦᠷᠭᠡᠵᠢᠨ 243 ᠲᠡᠭᠰᠢ ᠲᠦᠷᠪᠡᠯᠵᠢᠨ ᠺᠢᠯᠤᠮᠧᠲᠷ ᠲᠤ ᠬᠦᠷᠴᠦ᠂ ᠬᠤᠳᠠ ᠪᠠᠯᠭᠠᠰᠤᠵᠢᠯᠳᠠ ᠶᠢᠨ ᠨᠤᠷᠮ᠎ᠠ 70%᠎ ᠎ ᠳᠤ ᠬᠦᠷᠦᠨ᠂ ︽ᠠᠷᠪᠠᠳᠤᠭᠠᠷ ᠲᠠᠪᠤᠨ ᠵᠢᠯ︾ ᠎ ᠤᠨ ᠬᠤᠭᠤᠴᠠᠭ᠎ᠠ ᠶᠢᠨ ᠰᠡᠬᠦᠯᠴᠢ ᠎ ᠠᠴᠠ ᠵᠠᠭᠤᠨ  ᠤ ᠬᠤᠪᠢ ᠶᠢᠨ ᠬᠠᠷᠢᠴᠠᠯ  ᠢᠶᠠᠷ 15.6 ᠲᠡᠭᠡᠭᠰᠢᠯᠡᠪᠠ᠃      —  ᠠᠷᠠᠳ  ᠤᠨ ᠠᠮᠢᠳᠤᠷᠠᠯ  ᠤᠨ ᠬᠢᠷᠢ ᠲᠦᠪᠰᠢᠨ ᠮᠡᠳᠡᠭᠳᠡᠮ᠎ᠠ ᠲᠡᠭᠡᠭᠰᠢᠯᠡᠪᠠ᠃ ᠬᠤᠳᠠ ᠪᠠᠯᠭᠠᠰᠤ ᠶᠢᠨ ᠰᠠᠭᠤᠭᠠᠯᠢ ᠠᠷᠠᠳ  ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ 2005 ᠤᠨ  ᠤ 11025 ᠲᠦᠬᠦᠷᠢᠭ ᠠᠴᠠ ᠨᠡᠮᠡᠭᠳᠡᠨ 25205 ᠲᠦᠬᠦᠷᠢᠭ ᠲᠤ ᠬᠦᠷᠴᠦ᠂ ᠵᠢᠯ ᠪᠦᠷᠢ ᠲᠤᠮᠳᠠᠴᠢ ᠪᠠᠷ 18%᠎ ᠪᠠᠷ ᠨᠡᠮᠡᠭᠳᠡᠪᠠ᠃ ᠮᠠᠯᠴᠢᠨ ᠲᠠᠷᠢᠶᠠᠴᠢᠳ  ᠤᠨ ᠬᠦᠮᠦᠨ ᠲᠤᠮᠳᠠᠴᠢ ᠴᠡᠪᠡᠷ ᠤᠷᠤᠯᠭ᠎ᠠ 4601 ᠲᠦᠬᠦᠷᠢᠭ ᠠᠴᠠ ᠨᠡᠮᠡᠭᠳᠡᠨ 8756 ᠲᠦᠬᠦᠷᠢᠭ ᠲᠤ ᠬᠦᠷᠴᠤ᠂ ᠵᠢᠯ ᠪᠦᠷᠢ ᠲᠤᠮᠳᠠᠴᠢ ᠪᠠᠷ 13.7%᠎ ᠪᠠᠷ ᠨᠡᠮᠡᠭᠳᠡᠪᠠ᠃ ᠦᠨ᠎ᠠ ᠲᠦᠯᠦᠪᠦᠷᠢ ᠦᠭᠡᠢ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠭᠡ ᠪᠠ ᠨᠠᠰᠤᠵᠢᠯ ᠎ ᠤᠨ ᠲᠠᠭᠠᠳᠬᠠᠯ᠂ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠲᠤᠷᠠᠯ  ᠤᠨ ᠪᠠᠳᠤᠯᠠᠭ᠎ᠠ ᠪᠠᠷ ᠭᠤᠤᠯᠳᠠᠯᠭ᠎ᠠ ᠪᠤᠯᠭᠠᠭᠰᠠᠨ ᠬᠤᠳᠠ ᠬᠦᠳᠡᠭᠡ ᠶᠢ ᠪᠦᠷᠬᠦᠭᠰᠡᠨ ᠤᠯᠨᠨ ᠨᠠᠶᠢᠳᠠ ᠶᠢᠨ ᠦᠢᠯᠡᠴᠢᠯᠡᠭᠡᠨ  ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠨᠡᠶᠢᠭᠡᠮ  ᠤᠨ ᠭᠤᠤᠯ ᠪᠤᠯᠬᠤ ᠪᠠᠳᠤᠯᠠᠭ᠎ᠠ ᠶᠢᠨ ᠬᠦᠢᠴᠡᠳᠭᠡᠬᠦ ᠲᠤᠭ᠎ᠠ ᠪᠦᠬᠦ ᠤᠯᠤᠰ  ᠤᠨ ᠲᠤᠰᠬᠠᠢ ᠤᠷᠤᠨ  ᠤ ᠲᠡᠰ  ᠤᠨ ᠬᠤᠳᠠ ᠶᠢᠨ ᠲᠤᠳᠤᠷ᠎ᠠ ᠲᠡᠷᠢᠬᠦᠨ ᠡᠩᠨᠡᠭᠡᠨ  ᠳᠤ ᠤᠷᠤᠵᠤ᠂  ᠠᠷᠠᠳ ᠲᠦᠮᠠᠨ  ᠤ ᠠᠮᠢᠳᠤᠷᠠᠯ ᠨᠡᠩ ᠪᠠᠶᠠᠨ ᠴᠢᠨᠡᠭᠡᠯᠢᠭ ᠪᠤᠯᠤᠭᠰᠠᠨ ᠪᠠᠶᠢᠨ᠎ᠠ᠃     ᠲᠠᠪᠤᠨ ᠵᠢᠯ  ᠤᠨ ᠲᠤᠷᠰᠢ᠂ ᠪᠢᠳᠠ ᠠᠵᠤ ᠦᠢᠯᠡᠳᠪᠦᠷᠢ ᠪᠠᠷ ᠭᠤᠤᠯ ᠪᠤᠯᠭᠠᠬᠤ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ᠂ ᠠᠵᠤ ᠠᠬᠤᠢ ᠶᠢᠨ ᠪᠦᠳᠦᠴᠠ ᠎ ᠳᠤ ᠶᠡᠭᠡᠪᠡᠷ ᠲᠤᠬᠢᠷᠠᠭᠤᠯᠤᠯᠳᠠ ᠬᠢᠵᠤ᠂ ᠬᠦᠭᠵᠢᠯᠳᠠ ᠶᠢᠨ ᠬᠡᠯᠪᠡᠷᠢ ᠪᠠᠨ ᠬᠤᠪᠢᠷᠠᠭᠤᠯᠵᠤ᠂ ᠤᠯᠠᠨ ᠡᠰᠵᠢᠯ ᠢᠶᠠᠷ ᠬᠦᠭᠵᠢᠬᠦᠯᠦᠭᠰᠡᠨ᠂ ᠤᠯᠠᠨ ᠲᠠᠯ᠎ᠠ ᠪᠠᠷ ᠲᠤᠯᠭᠠᠭᠤᠷᠢᠯᠠᠭᠰᠠᠨ ᠠᠵᠤ ᠦᠢᠯᠡᠰ  ᠤᠨ ᠰᠢᠰᠲ᠋ᠧᠮᠵᠢ ᠶᠢ ᠪᠠᠶᠢᠭᠤᠯᠤᠭᠰᠠᠨ ᠪᠠᠶᠢᠨ᠎ᠠ᠃ ᠤᠯᠤᠰ  ᠤᠨ ᠲᠤᠳᠤᠭᠠᠳᠤ ᠭᠠᠳᠠᠭᠠᠳᠤ ᠶᠢᠨ ᠪᠤᠳᠤᠯᠢᠶᠠᠨᠳᠠᠢ ᠬᠤᠪᠢᠷᠠᠯᠳᠠ ᠶᠡᠭᠡ ᠠᠵᠤ ᠠᠬᠤᠢ ᠶᠢᠨ ᠬᠦᠭᠵᠢᠯᠳᠠ ᠶᠢᠨ ᠤᠷᠴᠢᠨ ᠲᠤᠭᠤᠷᠢᠨ  ᠢ ᠪᠦᠳᠦᠮᠵᠢᠳᠠᠢ ᠪᠠᠷ ᠠᠷᠭᠠᠴᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠤᠭᠳᠠᠭᠤᠨ ᠮᠦᠷᠳᠡᠭᠡᠨ ᠡᠷᠡᠬᠦᠯ ᠢᠶᠠᠷ ᠬᠦᠭᠵᠢᠬᠦ ᠶᠢ ᠪᠦᠬᠦ ᠬᠦᠴᠦᠨ  ᠢᠶᠠᠷ  ᠢᠶᠠᠨ ᠪᠠᠳᠤᠯᠠᠵᠤ᠂ ᠪᠦᠬᠦ ᠬᠤᠳᠠ ᠶᠢᠨ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 202.5  ᠳ᠋ᠦᠡᠭᠰᠢᠭᠤᠷ ᠲᠦᠬᠦᠷᠢᠭ ᠠᠴᠠ ᠨᠡᠮᠡᠭᠳᠡᠨ 1139 ᠳ᠋ᠦᠡᠭᠰᠢᠭᠤᠷ ᠲᠦᠬᠦᠷᠢᠭ ᠲᠤ ᠬᠦᠷᠴᠦ᠂ ᠵᠢᠯ ᠪᠦᠷᠢ ᠲᠤᠮᠳᠠᠴᠢ ᠪᠠᠷ 27.1%᠎ ᠎ ᠪᠠᠷ ᠨᠡᠮᠡᠭᠳᠡᠪᠠ᠃ ᠭᠤᠤᠯᠳᠠᠯᠭ᠎ᠠ ᠲᠠᠢ ᠠᠵᠤ ᠦᠢᠯᠡᠳᠪᠦᠷᠢ  ᠶᠢᠨ ᠤᠷᠤᠨ ᠲᠤᠭᠤᠷᠢᠭ  ᠤᠨ ᠠᠵᠤ ᠦᠢᠯᠡᠰ  ᠤᠨ ᠰᠦᠷᠦᠭᠵᠢᠯ  ᠤᠨ ᠨᠦᠯᠦᠭᠡᠯᠡᠯ ᠡᠬᠢᠯᠡᠨ ᠢᠯᠡᠷᠡᠵᠤ᠂ ︽ᠨᠢᠭᠡ ᠲᠤᠭᠤᠷᠢᠭ ᠨᠢᠭᠡ ᠪᠦᠰᠠ︾᠎ ᠶᠢᠨ ᠠᠵᠤ ᠦᠢᠯᠡᠳᠪᠦᠷᠢ ᠶᠢᠨ ᠬᠦᠭᠵᠢᠯᠳᠠ ᠶᠢᠨ ᠪᠠᠶᠢᠷᠢᠯᠠᠭᠤᠯᠤᠯᠳᠠ ᠶᠢ ᠪᠦᠷᠢᠳᠦᠬᠦᠯᠪᠠ᠃ ᠨᠡᠬᠦᠷᠡᠰᠦ᠂ ᠴᠠᠬᠢᠯᠭᠠᠨ ᠬᠦᠴᠦ᠂ ᠬᠢᠮᠢ ᠶᠢᠨ ᠠᠵᠤ ᠦᠢᠯᠡᠳᠪᠦᠷᠢ ᠵᠡᠷᠭᠡ ᠲᠠᠪᠠᠭᠤᠯᠢᠭ ᠤᠨᠴᠠᠯᠢᠭᠳᠤ ᠠᠵᠤ ᠦᠢᠯᠡᠰ ᠬᠡᠪᠴᠢᠶᠡᠵᠢᠭᠰᠡᠨ᠂ ᠰᠦᠷᠦᠭᠵᠢᠭᠰᠡᠨ ᠬᠦᠭᠵᠢᠯᠳᠠ ᠶᠢᠨ ᠬᠠᠨᠳᠤᠰᠢ ᠲᠠᠢ ᠪᠤᠯᠵᠤ᠂ ᠢ ᠲᠠᠢ  ᠂ ᠱᠧᠨ ᠬᠤᠸᠠ ᠶᠢᠨ ᠨᠡᠬᠦᠷᠡᠰᠦ ᠪᠠᠷ ᠲᠤᠰᠤ  ᠦᠢᠯᠡᠳᠪᠦᠷᠢᠯᠡᠬᠦ᠂ ᠢ ᠯᠢ ᠶᠢᠨ PVC  ᠂ ᠤᠷᠳᠤᠰ ᠨᠤᠯᠤᠤᠷ ᠬᠠᠨᠳᠠᠭᠠᠵᠠ ᠎ ᠶᠢᠨ ᠪᠦᠯᠦᠭᠯᠡᠯ  ᠤᠨ ᠲᠤᠮᠤ ᠬᠢᠮᠢ ᠶᠢᠨ ᠪᠤᠷᠳᠤᠭᠤᠷ᠂ ᠵᠢᠤ ᠲᠠᠢ ᠶᠢᠨ ᠮᠧᠲ᠋ᠢᠯ ᠠᠯᠺᠤᠤᠯ ᠵᠡᠷᠭᠡ ᠴᠢᠬᠤᠯᠠ ᠲᠤᠮᠤ ᠲᠦᠷᠦᠯ ᠵᠦᠢᠯ ᠪᠠᠶᠢᠭᠤᠯᠤᠭᠳᠠᠨ ᠠᠰᠢᠭᠯᠠᠯᠳᠠ ᠎ ᠳᠤ ᠤᠷᠤᠵᠤ᠂ ᠰᠢᠨ᠎ᠠ ᠪᠠᠷ ᠨᠡᠮᠡᠭᠳᠡᠭᠰᠡᠨ ᠨᠡᠬᠦᠷᠡᠰᠦᠨ ᠤ ᠦᠢᠯᠡᠳᠪᠦᠷᠢᠯᠠᠯ  ᠤᠨ ᠴᠢᠳᠠᠪᠤᠷᠢ 2.2 ᠳ᠋ᠦᠡᠭᠰᠢᠭᠤᠷ ᠲᠤᠨ᠂ ᠴᠠᠬᠢᠯᠭᠠᠨ ᠬᠦᠴᠦᠨ  ᠤ ᠴᠤᠭᠴᠠᠯᠠᠪᠤᠷᠢ ᠎ ᠶᠢᠨ ᠪᠠᠭᠳᠠᠭᠠᠮᠵᠢ 809 ᠲᠦᠮᠠᠨ ᠺᠢᠯᠤᠸᠠᠲ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ  ᠤ ᠦᠢᠯᠡᠳᠪᠦᠷᠢᠯᠠᠯ  ᠤᠨ ᠬᠡᠮᠵᠢᠶ᠎ᠠ 633 ᠲᠦᠮᠠᠨ ᠲᠤᠨ ᠳᠤ ᠬᠦᠷᠪᠠ᠃ ᠬᠤᠸᠠ ᠲᠠᠢ ᠶᠢᠨ ᠮᠠᠰᠢᠨ ᠲᠡᠷᠭᠡ᠂ ᠠᠷᠢᠭᠤᠨ ᠴᠡᠪᠡᠷᠴᠢ ᠬᠦᠳᠡᠯᠭᠡᠬᠦᠷ᠂ ᠠᠦ᠋ᠲ᠋ᠤ᠋ ᠬᠤᠷᠳᠤᠴᠠ ᠦᠭᠡᠷᠡᠴᠢᠯᠡᠬᠦᠷ ᠪᠠ ᠵᠢᠩ ᠬᠦᠡᠭ  ᠤᠨ ᠬᠦᠨᠳᠤ ᠠᠴᠢᠶᠠᠨ ᠮᠠᠰᠢᠨ  ᠤ ᠲᠦᠷᠦᠯ ᠵᠦᠢᠯ ᠪᠠᠶᠢᠭᠤᠯᠤᠭᠳᠠᠨ ᠠᠰᠢᠭᠯᠠᠯᠳᠠ  ᠳᠤ ᠤᠷᠤᠵᠤ᠂ ᠸᠠᠭᠠᠷ ᠱᠠᠭᠠᠵᠠᠩ᠂ ᠤᠯᠠᠨ ᠲᠠᠯᠠᠰᠳᠤ ᠴᠠᠬᠢᠭᠤᠷ  ᠤᠨ ᠠᠵᠤ ᠦᠢᠯᠡᠰ ᠦᠢᠯᠡᠳᠪᠤᠷᠢᠯᠠᠯ  ᠤᠨ ᠪᠤᠳᠠᠳᠤ ᠬᠦᠴᠦᠨ  ᠢ ᠪᠦᠷᠢᠯᠳᠦᠬᠦᠯᠦᠭᠰᠡᠨ ᠪᠠᠶᠢᠨ᠎ᠠ᠃ ᠤᠷᠳᠤᠰ  ᠤᠨ ᠰᠤᠶᠤᠯ  ᠤᠨ ᠠᠵᠤ ᠦᠢᠯᠡᠰ  ᠤᠨ ᠤᠷᠤᠨ ᠲᠤᠭᠤᠷᠢᠭ᠂ ᠠᠯᠳᠠᠨᠰᠢᠷᠡᠭᠡᠳᠤ ᠬᠢᠶ᠎ᠠ ᠪᠠᠭᠰᠢ ᠶᠢᠨ ᠪᠤᠳᠠᠰ  ᠤᠨ ᠬᠦᠢᠯᠭᠡᠭᠡᠨ  ᠤ ᠤᠷᠤᠨ ᠲᠤᠭᠤᠷᠢᠭ᠂ ᠳ᠋ᠦᠡᠭᠱᠸᠡᠭ ᠲᠤᠭᠤᠷᠢᠭ  ᠤᠨ ᠮᠦᠡᠭᠬᠦᠨ ᠬᠦᠢᠯᠭᠡᠭᠡᠨ  ᠤ ᠠᠭᠤᠳᠠᠮ ᠲᠠᠯᠠᠪᠠᠢ ᠵᠡᠷᠭᠡ ᠨᠢᠭᠡ ᠪᠦᠯᠦᠭ ᠤᠳᠤ ᠦᠶ᠎ᠠ ᠶᠢᠨ ᠦᠢᠯᠡᠴᠢᠯᠡᠭᠡᠨ  ᠤ ᠰᠦᠷᠦᠭᠵᠢᠯ  ᠤᠨ ᠤᠷᠤᠨ  ᠢ ᠡᠬᠢᠯᠡᠨ ᠪᠦᠳᠦᠭᠡᠨ ᠪᠠᠶᠢᠭᠤᠯᠵᠤ᠂ ᠴᠢᠩᠭᠢᠰ ᠬᠠᠭᠠᠨ  ᠤ ᠤᠡᠭᠭᠤᠨ᠂ ᠪᠦᠷᠢᠶ᠎ᠠ ᠮᠠᠩᠬ᠎ᠠ ᠶᠢᠨ ᠵᠤᠭᠠᠴᠠᠯ  ᠤᠨ ᠤᠷᠤᠨ ᠦᠪᠡᠷᠳᠡᠭᠡᠨ ᠵᠠᠰᠠᠬᠤ ᠤᠷᠤᠨ  ᠤ ᠠᠩᠬ᠎ᠠ ᠪᠦᠯᠦᠭ ᠤᠯᠤᠰ  ᠤᠨ 5A ᠲᠡᠰ  ᠤᠨ ᠦᠵᠡᠮᠵᠢ ᠶᠢᠨ ᠤᠷᠤᠨ ᠪᠤᠯᠪᠠ  ᠃ ᠮᠠᠰᠢᠨ ᠲᠡᠷᠭᠡ᠂ ᠲᠠᠸᠠᠷ  ᠤᠨ ᠬᠡᠷ ᠪᠠᠶᠢᠰᠢᠩ᠂ ᠪᠠᠶ᠎ᠠ ᠴᠠᠬᠢᠷᠠᠭᠵᠢᠭᠤᠯᠤᠨ ᠰᠠᠯᠠᠬᠦᠴᠡᠬᠦ ᠵᠡᠷᠭᠡ ᠬᠡᠷᠡᠭᠯᠡᠬᠡᠨ  ᠤ ᠬᠠᠯᠠᠭᠤᠷᠠᠯ ᠴᠡᠭ  ᠢ ᠢᠳᠡᠪᠬᠢᠳᠠᠢ ᠪᠤᠶᠢᠵᠢᠭᠤᠯᠵᠤ᠂ ᠨᠡᠶᠢᠭᠡᠮ ᠤᠨ ᠬᠡᠷᠡᠭᠯᠡᠭᠡᠨ  ᠤ  ᠵᠦᠢᠯ  ᠎ ᠢ ᠵᠢᠵᠢᠭᠯᠡᠨ  ᠪᠤᠷᠤᠯᠠᠭᠤᠯᠤᠭᠰᠠᠨ ᠲᠤᠭ᠎ᠠ 151.7 ᠳ᠋ᠦᠡᠭᠰᠢᠭᠤᠷ ᠲᠦᠬᠦᠷᠢᠭ ᠠᠴᠠ ᠨᠡᠮᠡᠭᠳᠡᠨ 380 ᠳ᠋ᠦᠡᠭᠰᠢᠭᠤᠷ ᠲᠦᠬᠦᠷᠢᠭ ᠲᠤ ᠬᠦᠷᠴᠦ᠂ ᠵᠢᠯ ᠪᠦᠷᠢ ᠲᠤᠮᠳᠠᠴᠢ ᠪᠠᠷ  20%᠎ ᠎ ᠪᠠᠷ ᠨᠡᠮᠡᠭᠳᠡᠪᠠ᠃      ᠲᠠᠪᠤᠨ ᠵᠢᠯ  ᠤᠨ ᠲᠤᠷᠰᠢ᠂ ᠪᠢᠳᠠ ᠬᠤᠳᠠᠴᠢᠯᠠᠯᠳᠠ ᠨᠢ ᠠᠵᠤ ᠦᠢᠯᠡᠳᠪᠦᠷᠢᠵᠢᠯᠳᠠ ᠠᠴᠠ ᠬᠤᠴᠤᠷᠤᠭᠳᠡᠭᠭᠤᠢ ᠪᠠᠶᠢᠭ᠎ᠠ ᠵᠦᠷᠢᠴᠡᠯ  ᠢ ᠴᠢᠷᠮᠠᠶᠢᠨ ᠰᠢᠢᠳᠪᠦᠷᠢᠯᠠᠵᠤ᠂ ᠬᠤᠳᠠ ᠶᠢᠨ ᠭᠤᠤᠯ ᠲᠤᠭᠤᠷᠢᠭ  ᠢ ᠲᠦᠪᠯᠡᠷᠡᠬᠦᠯᠦᠨ ᠪᠦᠳᠦᠭᠡᠨ  ᠪᠠᠶᠢᠭᠤᠯᠵᠤ᠂ ᠤᠳᠤᠬᠢᠴᠢᠯᠠᠭᠰᠠᠨ ᠬᠤᠳᠠ ᠶᠢᠨ ᠬᠡᠪ ᠵᠠᠭᠪᠤᠷ ᠪᠠ ᠤᠨᠴᠠᠯᠢᠭᠳᠤ ᠬᠤᠳᠠ ᠪᠠᠯᠭᠠᠰᠤ ᠶᠢᠨ ᠰᠢᠰᠲ᠋ᠧᠮᠵᠢ ᠶᠢ ᠪᠦᠷᠢᠯᠳᠤᠬᠦᠯᠪᠠ᠃ ︽ᠵᠠᠭᠤᠨ ᠵᠢᠯ  ᠤᠨ ᠤᠷᠳᠤᠰ  ᠢ ᠪᠦᠳᠦᠭᠡᠨ ᠪᠠᠶᠢᠭᠤᠯᠵᠤ᠂ ᠵᠠᠭᠤᠨ ᠲᠦᠮᠡᠠ ᠬᠦᠮᠦᠨ ᠠᠮᠠ ᠲᠠᠢ ᠬᠤᠳᠠ ᠶᠢ ᠪᠠᠶᠢᠭᠤᠯᠬᠤ︾ ᠬᠠᠷᠠᠯᠳᠠ ᠪᠠ ᠤᠷᠤᠨ ᠲᠤᠭᠳᠠᠭᠠᠯ ᠶᠤᠰᠤᠭᠠᠷ᠂  ᠭᠤᠤᠯ ᠲᠤᠭᠤᠷᠢᠭ  ᠢ ᠦᠨᠳᠦᠷ ᠪᠠᠷᠢᠮᠵᠢᠶ᠎ᠠ᠂ ᠶᠡᠭᠡ ᠬᠦᠴᠦᠯᠠᠴᠠ ᠪᠠᠷ ᠦᠭᠡᠷᠡᠴᠢᠯᠡᠬᠦ ᠪᠠ ᠪᠦᠳᠦᠭᠡᠨ ᠪᠠᠶᠢᠭᠤᠯᠵᠤ᠂ ᠬᠠᠭᠤᠴᠢᠠ ᠬᠤᠳᠠ ᠶᠢᠨ ᠲᠤᠭᠤᠷᠢᠭ  ᠤᠨ ᠨᠤᠷᠠᠭᠠᠵᠤ ᠨᠡᠬᠦᠯᠭᠡᠭᠰᠡᠨ ᠲᠠᠯᠠᠪᠠᠢ  ᠶᠢ ᠨᠠᠶᠢᠳᠠ 765.4 ᠲᠦᠮᠠᠨ ᠲᠡᠭᠰᠢ ᠲᠦᠷᠪᠠᠯᠵᠢᠨ ᠮᠧᠲᠷ ᠪᠡᠶᠡᠯᠡᠭᠦᠯᠵᠤ᠂ ᠰᠢᠨ᠎ᠠ ᠪᠠᠷ ᠪᠠᠶᠢᠭᠤᠯᠤᠭᠰᠠᠨ ᠡᠯ᠎ᠠ ᠲᠦᠷᠦᠯ  ᠤᠨ ᠪᠠᠷᠢᠯᠭ᠎ᠠ ᠶᠢᠨ ᠲᠠᠯᠠᠪᠠᠢ 6500 ᠲᠦᠮᠠᠨ ᠲᠡᠭᠰᠢ ᠲᠦᠷᠪᠠᠯᠵᠢᠨ ᠮᠧᠲᠷ ᠎ ᠲᠤ  ᠬᠦᠷᠪᠠ᠃ ᠳ᠋ᠦᠡᠭᠱᠸᠡᠭ ᠲᠤᠭᠤᠷᠢᠭ  ᠤᠨ ᠲᠡᠮᠤᠷ ᠵᠠᠮ  ᠤᠨ ᠪᠠᠷᠠᠭᠤᠨ ᠲᠤᠭᠤᠷᠢᠭ  ᠤᠨ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ ᠶᠢᠨ ᠨᠡᠭᠡᠭᠡᠯᠳᠠ ᠶᠢ ᠦᠨᠳᠤᠰᠦᠨ ᠳᠡᠭᠡᠨ ᠪᠠᠶᠠᠯᠡᠬᠦᠯᠵᠤ᠂ ᠭᠤᠷᠪᠠᠳᠤᠭᠠᠷ ᠬᠤᠭᠤᠴᠠᠭ᠎ᠠ ᠶᠢᠨ ᠪᠦᠳᠦᠭᠡᠨ ᠪᠠᠶᠢᠭᠤᠯᠤᠯᠳᠠ ᠶᠠᠭ ᠤᠷᠤᠭᠰᠢᠳᠠᠢ ᠶᠠᠪᠤᠭᠳᠠᠵᠤ ᠪᠠᠶᠢᠨ᠎ᠠ︔ ᠬᠢᠶ᠎ᠠ ᠪᠠᠭᠰᠢ ᠰᠢᠨ᠎ᠠ ᠲᠤᠭᠤᠷᠢᠭ  ᠤᠨ ᠪᠦᠳᠦᠭᠡᠨ ᠪᠠᠶᠢᠭᠤᠯᠤᠯᠳᠠ ᠠᠩᠬ᠎ᠠ ᠠᠯᠬᠤᠮ ᠬᠡᠪᠴᠢᠶᠠᠵᠢᠵᠤ᠂ ᠨᠢᠭᠡ ᠶᠡᠭᠡ ᠪᠦᠯᠦᠭ ᠤᠯᠠᠨ ᠨᠠᠶᠢᠳᠠ ᠶᠢᠨ ᠲᠦᠬᠦᠭᠡᠷᠦᠮᠵᠢ ᠠᠰᠢᠭᠯᠠᠯᠳᠠ ᠳᠤ ᠤᠷᠤᠵᠤ᠂ ᠤᠯᠠᠭᠠᠨᠮᠦ᠋ᠷᠠᠨ ᠨᠠᠭᠤᠷ ᠤᠨ ᠡᠮᠦᠨ᠎ᠠ ᠡᠷᠬᠢ ᠶᠢᠨ ᠦᠨᠳᠤᠷ ᠲᠠᠪᠬᠤᠷᠭᠠᠳᠤ ᠤᠷᠤᠨ ᠪᠠ ᠬᠤᠶᠢᠳᠤ ᠲᠤᠭᠤᠷᠢᠭ ᠤᠨ ᠨᠡᠭᠡᠭᠡᠯᠳᠠ ᠬᠢᠵᠤ ᠪᠦᠳᠦᠭᠡᠨ ᠪᠠᠶᠢᠭᠤᠯᠬᠤ ᠠᠵᠢᠯ ᠪᠦᠬᠦ ᠲᠠᠯ᠎ᠠ ᠪᠠᠷ ᠡᠬᠢᠯᠠᠵᠤ᠂ ᠬᠦᠮᠦᠨ ᠤ ᠴᠤᠭ ᠵᠠᠯᠢ ᠪᠠ ᠬᠤᠳᠠᠯᠳᠤᠭᠠᠨ ᠤ ᠴᠤᠭ ᠵᠠᠯᠢ ᠶᠠᠭ ᠲᠦᠷᠭᠡᠨ ᠢᠶᠠᠷ ᠰᠦᠷᠦᠭᠵᠢᠵᠤ ᠪᠠᠶᠢᠨ᠎ᠠ᠃ ᠠᠮᠢ ᠠᠬᠤᠢ ᠮᠦᠷᠳᠡᠭᠡᠨ ᠤᠷᠤᠰᠢᠨ ᠰᠠᠭᠤᠬᠤ ᠳᠤ ᠲᠤᠬᠢᠷᠠᠮᠵᠢᠳᠠᠢ ᠪᠠᠶᠢᠬᠤ ᠤᠨᠤᠯᠵᠢᠭᠤᠨ ᠶᠤᠰᠤᠭᠠᠷ᠂ ᠤᠯᠠᠭᠠᠨᠮᠦ᠋ᠷᠡᠨ ᠨᠠᠭᠤᠷ ᠤᠨ ᠠᠮᠢ ᠠᠬᠤᠢ ᠶᠢᠨ ᠵᠠᠰᠠᠯᠳᠠ ᠬᠢᠬᠦ᠂ ᠳ᠋ᠦᠡᠭᠱᠸᠡᠭ ᠲᠤᠭᠤᠷᠢᠭ ᠤᠨ ︽ᠭᠤᠷᠪᠠᠨ ᠭᠤᠤᠯ ᠭᠤᠷᠪᠠᠨ ᠬᠦᠷᠢᠶᠠᠯᠠᠩ︾᠎ ᠤᠨ ᠪᠦᠳᠦᠭᠡᠨ ᠪᠠᠶᠢᠭᠤᠯᠤᠯᠳᠠ ᠵᠡᠷᠭᠡ ᠬᠤᠳᠠ ᠶᠢᠨ ᠠᠮᠢ ᠠᠬᠤᠢ ᠎ ᠶᠢᠨ ᠵᠠᠰᠠᠯᠳᠠ ᠶᠢᠨ ᠭᠤᠤᠯᠳᠠᠯᠭ᠎ᠠ ᠲᠠᠢ ᠪᠠᠷᠢᠯᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠴᠢᠨᠠᠭᠰᠢᠳᠠ ᠰᠠᠶᠢᠵᠢᠷᠠᠭᠰᠠᠨ ᠪᠠᠶᠢᠨ᠎ᠠ᠃  ᠲᠤᠮᠳᠠ ᠵᠢᠵᠢᠭ ᠬᠤᠳᠠ ᠪᠠᠯᠭᠠᠰᠤ ᠶᠢᠨ   ︽ᠭᠤᠷᠪᠠᠨ ᠵᠢᠯ ᠶᠡᠭᠡᠪᠡᠷ ᠪᠦᠳᠦᠭᠡᠨ ᠪᠠᠶᠢᠭᠤᠯᠵᠤ᠂ ᠭᠤᠷᠪᠠᠨ ᠵᠢᠯ ᠶᠡᠭᠡ ᠬᠤᠪᠢᠷᠠᠯᠳᠠ ᠭᠠᠷᠭᠠᠬᠤ︾ ᠪᠠᠷᠢᠯᠭ᠎ᠠ ᠶᠢ ᠪᠦᠬᠦ ᠬᠦᠴᠦᠨ  ᠢᠶᠠᠷ  ᠢᠶᠠᠨ ᠠᠬᠢᠭᠤᠯᠵᠤ᠂ ᠬᠤᠰᠢᠭᠤ ᠵᠠᠰᠠᠭ  ᠤᠨ ᠤᠷᠳᠤᠨ  ᠤ ᠰᠠᠭᠤᠭ᠎ᠠ ᠭᠠᠵᠠᠷ ᠪᠠ ᠠᠵᠤ ᠦᠢᠯᠡᠰ ᠎ ᠤᠨ ᠴᠢᠬᠤᠯᠠ ᠪᠠᠯᠭᠠᠰᠤ ᠶᠢᠨ ᠰᠦᠷᠦᠭᠵᠢᠯ  ᠤᠨ ᠴᠢᠳᠠᠪᠤᠷᠢ ᠪᠠ ᠬᠦᠮᠦᠰ ᠢ ᠰᠢᠩᠭᠡᠭᠡᠨ ᠠᠪᠬᠤ ᠴᠢᠳᠠᠪᠤᠷᠢ ᠮᠡᠳᠡᠭᠳᠡᠮ᠎ᠠ ᠲᠡᠭᠡᠭᠰᠢᠯᠡᠵᠤ᠂ ᠲᠠᠪᠤᠨ ᠵᠢᠯ ᠳᠤ ᠮᠠᠯᠵᠢᠬᠤ ᠲᠠᠷᠢᠶᠠᠯᠠᠬᠤ ᠤᠷᠤᠨ  ᠤ 41.7 ᠲᠦᠮᠠᠨ ᠬᠦᠮᠦᠨ ᠠᠮᠠ ᠶᠢ ᠰᠢᠯᠵᠢᠬᠦᠯᠪᠠ᠃        ᠲᠠᠪᠤᠨ ᠵᠢᠯ  ᠤᠨ ᠲᠤᠷᠰᠢ᠂ ᠪᠢᠳᠠ ᠬᠤᠳᠠ ᠬᠦᠳᠡᠭᠡ ᠶᠢ ᠨᠢᠭᠡᠳᠤᠯᠳᠠᠢ ᠲᠦᠯᠦᠪᠵᠢᠬᠦᠯᠬᠦ ᠶᠢ ᠪᠠᠷᠢᠮᠳᠠᠯᠠᠵᠤ᠂ ᠬᠠᠳᠤᠨ ᠭᠤᠤᠯ  ᠢᠶᠠᠷ ᠭᠤᠤᠯ ᠲᠠᠶᠢᠯᠠᠯᠳᠤᠭᠠᠨ  ᠤ ᠲᠠᠯᠠᠪᠤᠷ ᠪᠤᠯᠭᠠᠵᠤ᠂ ᠰᠢᠨ᠎ᠠ ᠮᠠᠯᠵᠢᠬᠤ ᠲᠠᠷᠢᠶᠠᠯᠠᠬᠤ ᠤᠷᠤᠨ  ᠢ ᠲᠦᠪᠯᠡᠷᠡᠬᠦᠯᠦᠨ ᠪᠦᠳᠦᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠠᠯ ᠠᠮᠢᠳᠤᠷᠠᠯ ᠤᠨ ᠨᠦᠬᠦᠴᠡᠯ ᠢ ᠶᠡᠭᠡᠪᠡᠷ ᠰᠠᠶᠢᠵᠢᠷᠠᠭᠤᠯᠪᠠ᠃ ᠮᠠᠯᠵᠢᠬᠤ ᠲᠠᠷᠢᠶᠠᠯᠠᠬᠤ ᠤᠷᠤᠨ  ᠤ ︽ᠭᠤᠷᠪᠠᠨ ᠤᠷᠤᠨ︾ ᠎ ᠤ ᠬᠦᠭᠵᠢᠯᠳᠠ ᠶᠢᠨ ᠲᠦᠯᠦᠪᠵᠢᠬᠦᠯᠭᠡ ᠶᠢ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠡᠯ᠎ᠠ ᠴᠢᠳᠠᠪᠬᠢ ᠦᠢᠯᠡᠳᠤᠯᠳᠤ ᠤᠷᠤᠨ  ᠤ ᠪᠦᠳᠦᠭᠡᠨ ᠪᠠᠶᠢᠭᠤᠯᠤᠯᠳᠠ ᠪᠦᠬᠦ ᠲᠠᠯ᠎ᠠ  ᠎ ᠪᠠᠷ ᠠᠬᠢᠯᠳᠠ ᠲᠠᠢ ᠪᠤᠯᠤᠭᠰᠠᠨ ᠪᠠᠶᠢᠨ᠎ᠠ᠃ ᠬᠠᠳᠤᠨ ᠭᠤᠤᠯ ᠲᠠᠭᠠᠤ ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢᠨ ᠭᠠᠵᠠᠷ ᠎ ᠤᠨ ᠪᠦᠳᠦᠭᠡᠨ ᠪᠠᠶᠢᠭᠤᠯᠤᠯᠳᠠ ᠰᠢᠪᠳᠤᠯᠤᠯᠳᠠ ᠶᠢᠨ ᠴᠢᠨᠠᠷᠳᠠᠢ ᠠᠬᠢᠯᠳᠠ ᠲᠠᠢ ᠪᠤᠯᠵᠤ᠂ ᠪᠠᠶᠢᠭᠤᠯᠵᠤ ᠪᠠᠶᠢᠭ᠎ᠠ ᠪᠠ ᠪᠠᠶᠢᠭᠤᠯᠤᠭᠰᠠᠨ ᠤᠳᠤ ᠦᠶ᠎ᠠ ᠶᠢᠨ ᠲᠠᠷᠢᠶᠠᠯᠠᠩ  ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ  150  ᠲᠦᠮᠠᠨ ᠮᠤ᠋  ᠂ ᠲᠦᠬᠦᠭᠡᠷᠤᠮᠵᠢᠳᠤ ᠲᠠᠷᠢᠶᠠᠯᠠᠩ ᠤᠨ ᠰᠠᠭᠤᠷᠢᠨ ᠭᠠᠵᠠᠷ 4.6 ᠲᠦᠮᠠᠨ ᠮᠤ᠋  ᠬᠦᠷᠴᠦ᠂ ᠠᠮᠤ ᠪᠤᠳᠠᠭᠠᠨ  ᠤ ᠬᠤᠷᠢᠶᠠᠯᠳᠠ 28.5 ᠳ᠋ᠦᠡᠭᠰᠢᠭᠤᠷ ᠵᠢᠩ ᠬᠦᠷᠪᠠ᠃ ᠬᠠᠳᠤᠨ ᠭᠤᠤᠯ ᠲᠠᠭᠠᠤ ᠵᠠᠭᠤᠨ ᠲᠦᠮᠠᠨ ᠠᠯᠠᠰᠢᠨ ᠬᠤᠨᠢ ᠪᠠ ᠠᠯᠠᠰᠢᠨ ᠦᠭᠡᠷ  ᠤᠨ ᠰᠠᠭᠤᠷᠢᠨ ᠭᠠᠵᠠᠷ ᠪᠠ ᠤᠳᠤ ᠦᠶ᠎ᠠ ᠶᠢᠨ ᠦᠨᠳᠦᠷ ᠦᠷ᠎ᠠ ᠠᠰᠢᠭᠳᠤ ᠮᠠᠯ ᠠᠵᠤ ᠠᠬᠤᠢ ᠶᠢᠨ ᠵᠢᠱᠢᠶ᠎ᠠ ᠦᠵᠡᠬᠦᠯᠬᠦ ᠡᠷᠦᠭᠡ ᠶᠢᠨ ᠪᠦᠳᠦᠭᠡᠨ ᠪᠠᠶᠢᠭᠤᠯᠤᠯᠳᠠ ᠤᠷᠤᠭᠰᠢᠳᠠᠢ ᠶᠠᠪᠤᠭᠳᠠᠵᠤ᠂ ᠮᠠᠯ ᠰᠦᠷᠦᠭ  ᠤᠨ ᠶᠡᠷᠦᠩᠭᠡᠢ ᠲᠤᠭ᠎ᠠ  ᠎ ᠶᠢ 1260 ᠲᠦᠮᠠᠨ ᠲᠤᠯᠤᠭᠠᠢ  ᠤᠷᠴᠢᠮ ᠲᠤᠭᠳᠠᠪᠤᠷᠢᠵᠢᠭᠤᠯᠵᠠᠢ᠃ ᠲᠠᠷᠢᠶᠠᠯᠠᠩ ᠮᠠᠯ ᠠᠵᠤ ᠠᠬᠤᠢ  ᠶᠢᠨ ︽ᠦᠷ᠎ᠠ ᠶᠢᠨ ᠢᠨᠵᠧᠨᠧᠷᠢᠩ︾᠎ ᠢ ᠶᠡᠭᠡᠪᠠᠷ ᠬᠡᠷᠡᠭᠵᠢᠬᠦᠯᠵᠤ᠂ ᠮᠠᠯ ᠰᠦᠷᠦᠭ  ᠤᠨ ᠬᠢᠵᠢᠭ ᠡᠪᠡᠳᠴᠢᠨ  ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠠᠭᠪᠤᠷᠴᠢᠯᠠᠭᠰᠠᠨ ᠲᠠᠷᠢᠵᠤ ᠲᠡᠵᠢᠬᠡᠬᠦ ᠵᠡᠷᠭᠡ ᠲᠠᠷᠢᠬᠦᠨ  ᠤ ᠮᠡᠷᠭᠡᠵᠢᠯ  ᠢ ᠦᠷᠭᠡᠨ  ᠢᠶᠠᠷ ᠲᠡᠯᠭᠡᠷᠡᠬᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠠᠯ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠠᠭᠠᠤᠷᠢᠯᠠᠬᠤ ᠴᠢᠳᠠᠪᠤᠷᠢ ᠴᠢᠨᠠᠭᠰᠢᠳᠠ ᠲᠡᠭᠡᠭᠰᠢᠯᠡᠪᠠ᠃ ᠠᠵᠤ ᠦᠢᠯᠡᠰᠵᠢᠭᠰᠡᠨ ᠡᠵᠡᠩᠨᠡᠯᠳᠠ ᠶᠢᠨ ᠲᠠᠯ᠎ᠠ ᠪᠠᠷ ᠴᠢᠬᠤᠯᠠ ᠠᠯᠬᠤᠮ ᠠᠯᠬᠤᠵᠤ᠂ ᠰᠢᠨ᠎ᠠ ᠪᠠᠷ ᠪᠤᠶᠢᠵᠢᠭᠤᠯᠤᠭᠰᠠᠨ ᠲᠤᠯᠤᠭᠠᠶᠢᠯᠠᠬᠤ ᠠᠵᠤ ᠠᠬᠤᠶᠢᠯᠠᠯ 195 ᠪᠤᠯᠪᠠ᠃ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ 18 ᠰᠤᠳᠤᠨ ᠨᠡᠬᠦᠳᠠᠯ ᠠᠷᠠᠳ ᠤᠨ ᠵᠢᠵᠢᠭ ᠲᠤᠭᠤᠷᠢᠭ ᠢ ᠲᠦᠯᠦᠪᠵᠢᠬᠦᠯᠦᠨ ᠪᠦᠳᠦᠭᠡᠨ ᠪᠠᠶᠢᠭᠤᠯᠪᠠ᠃ ᠭᠠᠴᠠᠭ᠎ᠠ ᠲᠤᠰᠬᠤᠨ  ᠤ ᠦᠡᠭᠭᠡ ᠲᠦᠷᠰᠦ ᠶᠢ ᠴᠡᠭᠴᠡᠯᠨᠨ ᠵᠠᠰᠠᠬᠤ ᠠᠵᠢᠯ ᠢ ᠲᠦᠪᠯᠡᠷᠡᠬᠦᠯᠦᠨ ᠦᠷᠨᠢᠬᠦᠯᠵᠤ᠂ 1.3 ᠲᠦᠮᠠᠨ ᠮᠠᠯᠴᠢᠨ ᠲᠠᠷᠢᠶᠠᠴᠢᠨ ᠡᠷᠦᠭᠡ ᠶᠢᠨ ᠰᠢᠨ᠎ᠠ ᠤᠷᠤᠨ ᠰᠠᠭᠤᠴᠠ ᠳᠤ ᠰᠠᠭᠤᠬᠤ ᠠᠰᠠᠭᠤᠳᠠᠯ ᠢ ᠰᠢᠢᠳᠪᠤᠷᠢᠯᠠᠵᠠᠢ᠃      ᠲᠠᠪᠤᠨ ᠵᠢᠯ  ᠤᠨ ᠲᠤᠷᠰᠢ᠂ ᠪᠢᠳᠠ ᠵᠠᠰᠠᠭ  ᠤᠨ ᠤᠷᠳᠤᠨ  ᠢᠶᠠᠷ ᠭᠤᠤᠯᠯᠠᠨ᠂ ᠵᠠᠬ᠎ᠠ ᠲᠡᠯᠭᠡᠷᠵᠢᠬᠦᠯᠦᠨ ᠡᠷᠬᠢᠯᠳᠤᠬᠦᠯᠬᠦ ᠶᠢ ᠪᠠᠷᠢᠮᠳᠠᠯᠠᠵᠤ᠂ ᠰᠠᠭᠤᠷᠢ ᠲᠦᠬᠦᠭᠡᠷᠦᠮᠵᠢ ᠪᠠ ᠠᠮᠢ ᠠᠬᠤᠢ ᠶᠢᠨ ᠪᠦᠲᠦᠬᠡᠨ ᠪᠠᠶᠢᠭᠤᠯᠤᠯᠳᠠ ᠶᠢ ᠦᠷᠭᠡᠨ ᠬᠡᠪᠴᠢᠶ᠎ᠠ ᠪᠠᠷ ᠠᠬᠢᠭᠤᠯᠵᠤ᠂ ᠨᠠᠯᠢᠶᠠᠳ ᠪᠦᠷᠢᠨ ᠲᠡᠬᠦᠯᠳᠠᠷ ᠰᠠᠭᠤᠷᠢ ᠲᠦᠬᠦᠭᠡᠷᠦᠮᠵᠢ ᠶᠢᠨ ᠰᠢᠰᠲ᠋ᠧᠮᠵᠢ ᠶᠢ ᠪᠠᠶᠢᠭᠤᠯᠪᠠ᠃ ᠬᠠᠳᠤᠨ ᠭᠤᠤᠯ  ᠤᠨ ᠤᠰᠤ ᠶᠢ ᠲᠠᠳᠠᠨ ᠤᠰᠤ ᠬᠠᠨᠭ᠍ᠭᠠᠬᠤ᠂ ᠤᠰᠤᠨ  ᠤ ᠡᠷᠭᠡ ᠶᠢ ᠬᠠᠯᠠᠬᠤ᠂ ᠦᠶᠡᠷ ᠬᠤᠷᠠᠭᠤᠯᠬᠤ ᠤᠷᠤᠨ ᠪᠠ ᠤᠰᠤᠨ  ᠤ ᠡᠬᠢ ᠰᠤᠷᠪᠤᠯᠵᠢ ᠶᠢᠨ ᠭᠠᠵᠠᠷ  ᠤᠨ ᠪᠦᠳᠦᠭᠡᠨ ᠪᠠᠶᠢᠭᠤᠯᠤᠯᠳᠠ ᠵᠡᠷᠭᠡ ᠤᠰᠤ ᠬᠠᠨᠭ᠍ᠭᠠᠬᠤ ᠪᠠᠷᠢᠯᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠰᠢᠨ᠎ᠠ ᠪᠠᠷ ᠨᠡᠮᠡᠭᠳᠡᠭᠰᠡᠨ ᠤᠰᠤ ᠬᠠᠨᠭ᠍ᠭᠠᠬᠤ ᠴᠢᠳᠠᠪᠤᠷᠢ 1.5 ᠳ᠋ᠦᠡᠭᠰᠢᠭᠤᠷ ᠪᠤᠰᠤᠭ᠎ᠠ ᠲᠦᠷᠪᠠᠯᠵᠢᠨ ᠮᠧᠲᠷ ᠲᠤ  ᠬᠦᠷᠴᠦ᠂ ᠪᠠᠳᠤᠳᠬᠠᠭᠰᠠᠨ ᠬᠠᠳᠤᠨ ᠭᠤᠤᠯ  ᠤᠨ ᠲᠠᠯᠡᠩ 386 ᠺᠢᠯᠤᠮᠧᠲᠷ ᠲᠤ ᠬᠦᠷᠪᠠ᠃ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠠᠭ ᠦᠨᠳᠦᠷ ᠲᠡᠰᠵᠢᠬᠦ ᠲᠡᠰᠢ ᠠᠬᠢᠵᠤ᠂ 109᠂ ᠬᠦᠭᠡᠬᠤᠳᠠ ᠠᠴᠠ ᠵᠡᠬᠦᠨᠭᠠᠷ ᠬᠦᠷᠬᠦ ᠵᠡᠷᠭᠡ ᠲᠡᠭᠡᠳᠤ ᠬᠤᠷᠳᠤᠴᠠᠳᠤ ᠵᠠᠰᠠᠮᠠᠯ ᠵᠠᠮ ᠪᠠᠶᠢᠭᠤᠯᠤᠭᠳᠠᠨ ᠲᠡᠷᠭᠡ ᠨᠡᠪᠳᠡᠷᠡᠵᠤ᠂ ᠬᠠᠳᠤᠨ ᠭᠤᠤᠯ ᠲᠠᠭᠠᠤ᠂ ᠯᠠᠨ ᠵᠢᠶᠠ ᠯᠢᠶᠠᠩ ᠠᠴᠠ ᠭᠠᠯᠠᠭᠤᠳᠤ ᠬᠦᠷᠬᠦ ᠵᠡᠷᠭᠡ ᠨᠢᠭᠡᠳᠦᠭᠡᠷ ᠲᠡᠰ ᠤᠨ ᠵᠠᠰᠠᠮᠠᠯ ᠵᠠᠮ  ᠢ ᠡᠬᠢᠯᠡᠨ ᠪᠦᠳᠦᠭᠡᠨ ᠪᠠᠶᠢᠭᠤᠯᠵᠤ᠂ ᠰᠢᠨ᠎ᠠ ᠪᠠᠷ ᠨᠡᠮᠡᠭᠳᠡᠭᠰᠡᠨ ᠦᠨᠳᠦᠷ  ᠲᠡᠰ ᠤᠨ ᠵᠠᠰᠠᠮᠠᠯ ᠵᠠᠮ 800 ᠺᠢᠯᠤᠮᠧᠲᠷ᠂ ᠵᠠᠰᠠᠮᠠᠯ ᠵᠠᠮ  ᠤᠨ ᠲᠡᠷᠭᠡ ᠨᠠᠪᠳᠡᠷᠡᠭᠰᠡᠨ ᠶᠡᠷᠦᠩᠭᠡᠢ ᠵᠠᠮ ᠤᠨ ᠵᠠᠢ 1.7 ᠲᠦᠮᠠᠨ ᠺᠢᠯᠤᠮᠧᠲᠷ ᠲᠤ ᠬᠦᠷᠪᠠ᠃ ︽ᠭᠤᠷᠪᠠᠨ ᠬᠦᠨᠳᠡᠯᠠᠨ ᠲᠦᠷᠪᠠᠨ ᠭᠤᠯᠳᠤ︾ ᠲᠠᠮᠤᠷ ᠵᠠᠮ ᠤᠨ ᠲᠤᠤᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠬᠦᠭᠡᠬᠤᠳᠠ ᠠᠴᠠ ᠵᠡᠬᠦᠨᠭᠠᠷ ᠬᠦᠷᠬᠦ ᠂ ᠳ᠋ᠦᠡᠭᠱᠸᠡᠭ ᠠᠴᠠ ᠦᠬᠠᠢ ᠬᠦᠷᠬᠦ᠂ ᠪᠤᠭᠤᠳᠤ ᠠᠴᠠ ᠰᠢ ᠠᠨ ᠬᠦᠷᠬᠦ ᠵᠡᠷᠭᠡ ᠲᠠᠮᠤᠷ ᠵᠠᠮ ᠪᠠᠶᠢᠭᠤᠯᠤᠭᠳᠠᠨ ᠲᠡᠷᠭᠡ ᠨᠠᠪᠳᠡᠷᠡᠵᠤ᠂ ᠬᠠᠳᠤᠨ ᠭᠤᠤᠯ ᠲᠠᠭᠠᠤ᠂ ᠡᠮᠤᠨᠡᠳᠤ ᠬᠡᠰᠡᠭ᠂ ᠪᠠᠯᠭᠤᠨ ᠠᠴᠠ ᠵᠡᠬᠦᠨᠭᠠᠷ ᠬᠦᠷᠬᠦ ᠲᠡᠮᠤᠷ ᠵᠠᠮ  ᠢ ᠡᠬᠢᠯᠡᠨ ᠪᠦᠳᠦᠭᠡᠨ ᠪᠠᠶᠢᠭᠤᠯᠵᠤ᠂ ᠰᠢᠨ᠎ᠠ ᠪᠠᠷ ᠨᠡᠮᠡᠭᠳᠡᠭᠰᠡᠨ ᠲᠠᠮᠤᠷ ᠵᠠᠮ 911 ᠺᠢᠯᠤᠮᠧᠲᠷ᠂ ᠲᠡᠮᠤᠷ ᠵᠠᠮ ᠤᠨ ᠲᠡᠭᠡᠭᠡᠪᠤᠷᠢ ᠡᠵᠡᠩᠨᠡᠯᠳᠠ ᠶᠢᠨ ᠶᠡᠷᠦᠩᠭᠡᠢ ᠵᠠᠮ  ᠤᠨ ᠵᠠᠢ 1208 ᠺᠢᠯᠤᠮᠧᠲᠷ ᠲᠤ ᠬᠦᠷᠪᠠ᠃ ᠤᠷᠳᠤᠰ ᠨᠢᠰᠬᠡᠯ  ᠤᠨ ᠪᠠᠭᠤᠳᠠᠯ ᠪᠠᠶᠢᠭᠤᠯᠤᠭᠳᠠᠨ ᠠᠰᠢᠭᠯᠠᠯᠳᠠ  ᠳᠤ ᠤᠷᠤᠵᠤ᠂ ᠠᠶᠠᠯᠠᠯ ᠨᠡᠪᠳᠡᠷᠭᠰᠡᠨ ᠬᠤᠳᠠ 25 ᠪᠤᠯᠵᠤ᠂ ᠵᠦᠷᠢᠯᠢᠭ ᠵᠠᠮ ᠬᠠᠷᠢᠯᠴᠠᠭᠠᠨ  ᠤ ᠰᠢᠰᠲ᠋ᠧᠮᠵᠢ ᠦᠨᠳᠦᠰᠤᠨ ᠳᠡᠭᠡᠨ ᠪᠦᠷᠢᠯᠳᠤᠵᠡᠢ᠃ ᠴᠠᠬᠢᠯᠭᠠᠨ ᠬᠦᠴᠦ ᠶᠢ ᠭᠠᠳᠠᠭᠰᠢ ᠲᠠᠮᠵᠢᠭᠤᠯᠬᠤ᠂ ᠤᠷᠤᠨ ᠲᠤᠭᠤᠷᠢᠭ  ᠤᠨ ᠴᠠᠬᠢᠯᠭᠠᠨ ᠬᠠᠨᠭ᠍ᠭᠠᠬᠤ ᠲᠤᠤᠷ  ᠢ ᠪᠦᠳᠦᠭᠡᠨ ᠪᠠᠶᠢᠭᠤᠯᠬᠤ ᠪᠠ ᠦᠭᠡᠷᠡᠴᠢᠯᠡᠬᠦ ᠶᠢ ᠶᠡᠭᠡᠪᠡᠷ ᠠᠬᠢᠭᠤᠯᠵᠤ᠂ ᠬᠤᠰᠢᠭᠤ ᠲᠤᠭᠤᠷᠢᠭ ᠪᠠ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠤᠷᠤᠨ ᠲᠤᠭᠤᠷᠢᠭ  ᠤᠨ 220 ᠺᠢᠯᠤᠸᠤᠯᠲ  ᠤᠨ ᠭᠤᠤᠯ ᠴᠠᠬᠢᠯᠭᠠᠨ ᠬᠠᠨᠭ᠍ᠭᠠᠬᠤ ᠲᠤᠤᠷ  ᠤᠨ ᠪᠦᠳᠦᠭᠡᠨ ᠪᠠᠶᠢᠭᠤᠯᠤᠯᠳᠠ ᠶᠢ ᠪᠡᠶᠡᠯᠡᠬᠦᠯᠪᠠ᠃ ᠠᠮᠢ ᠠᠬᠤᠢ ᠶᠢᠨ ᠤᠷᠴᠢᠨ ᠲᠤᠭᠤᠷᠢᠨ  ᠤ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠠᠮᠢ ᠠᠬᠤᠢ ᠶᠢᠨ ᠠᠶᠠᠨᠳᠠᠭᠠᠨ ᠰᠡᠷᠬᠦᠬᠦ ᠤᠷᠤᠨ  ᠢ 2.13 ᠲᠡᠭᠰᠢ ᠲᠦᠷᠪᠡᠯᠵᠢᠨ ᠲᠦᠮᠠᠠ ᠺᠢᠯᠤᠮᠧᠲᠷ  ᠪᠠᠶᠢᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠦᠷᠬᠦᠯᠵᠢᠯᠠᠨ ᠰᠠᠶᠢᠵᠢᠷᠠᠬᠤ ᠬᠠᠨᠳᠤᠰᠢ ᠲᠠᠢ ᠪᠠᠶᠢᠨ᠎ᠠ᠃ ᠪᠦᠬᠦ ᠬᠤᠳᠠ ᠶᠢᠨ ᠤᠢ ᠰᠢᠭᠤᠢ ᠶᠢᠨ ᠪᠦᠷᠬᠦᠪᠴᠢ ᠶᠢᠨ ᠨᠤᠷᠮ᠎ᠠ ᠪᠠ ᠤᠷᠭᠤᠮᠠᠯ  ᠤᠨ ᠪᠦᠷᠬᠦᠪᠴᠢ ᠶᠢᠨ ᠨᠤᠷᠮ᠎ᠠ ᠲᠤᠰᠪᠤᠷᠢ 16%᠎ ᠂ 70%᠎ ᠎ ᠠᠴᠠ ᠲᠡᠭᠡᠭᠰᠢᠯᠡᠨ 23%᠂ 75%᠎ ᠎ ᠳᠤ ᠬᠦᠷᠪᠠ᠃ ᠡᠨᠧᠷᠬᠢ ᠠᠷᠪᠢᠯᠠᠨ ᠪᠤᠬᠢᠷᠳᠤᠯ ᠎ ᠢ ᠪᠠᠭᠠᠰᠬᠠᠬᠤ ᠲᠠᠯ᠎ᠠ ᠪᠠᠷ ᠱᠠᠳᠣᠴᠢ ᠴᠢᠨᠠᠷᠳᠠᠢ ᠦᠷ᠎ᠠ ᠪᠦᠳᠦᠭᠡᠯ ᠤᠯᠵᠤ᠂ ᠤᠷᠤᠨ ᠨᠤᠳᠤᠭ  ᠤᠨ ᠨᠡᠬᠦᠷᠡᠰᠦᠨ ᠠᠭᠤᠷᠬᠠᠢ ᠶᠢᠨ ᠮᠡᠷᠭᠡᠵᠢᠯ  ᠤᠨ ᠦᠭᠡᠷᠡᠴᠢᠯᠡᠯᠳᠠ ᠎ ᠶᠢᠨ ᠭᠤᠷᠪᠠᠨ ᠵᠢᠯ ᠤᠨ ᠪᠤᠭᠤᠮᠳᠠ ᠲᠠᠭᠠᠷᠢᠬᠤ ᠡᠬᠦᠷᠭᠡ ᠶᠢ ᠪᠠᠶᠠᠯᠡᠬᠦᠯᠵᠤ᠂ ᠲᠠᠶᠠᠭᠳᠠᠭᠤᠯᠤᠭᠰᠠᠨ ᠬᠤᠴᠤᠷᠤᠭᠳᠠᠩᠭᠤᠢ ᠦᠢᠯᠡᠳᠪᠦᠷᠢᠯᠠᠯ  ᠤᠨ ᠴᠢᠳᠠᠪᠤᠷᠢ 4164 ᠲᠦᠮᠠᠨ ᠲᠤᠨ  ᠳᠤ ᠬᠦᠷᠴᠦ᠂ ᠠᠵᠤ ᠠᠬᠤᠢ ᠲᠦᠷᠭᠡᠨ ᠢᠶᠠᠷ ᠨᠡᠮᠡᠭᠳᠡᠵᠤ ᠪᠠᠶᠢᠭ᠎ᠠ ᠪᠠᠶᠢᠳᠠᠯ ᠲᠤᠤᠷ᠎ᠠ᠂ ᠲᠦᠮᠠᠨ ᠲᠦᠬᠦᠷᠢᠭ  ᠤᠨ GDP ᠎ ᠤᠨ ᠡᠨᠧᠷᠬᠢ ᠶᠢᠨ ᠬᠤᠷᠤᠭᠳᠠᠯ  ᠢ 27.13 %᠎ ᠪᠠᠷ ᠪᠠᠭᠤᠷᠠᠭᠤᠯᠵᠤ᠂ ᠤᠳᠤᠭ᠎ᠠ ᠬᠤᠭ ᠲᠤᠭᠤᠰᠤ  ᠶᠢ 68 ᠲᠦᠮᠡᠨ ᠲᠤᠨ᠂ ᠬᠦᠬᠦᠷ  ᠤᠨ ᠲᠠᠪᠬᠤᠷ ᠢᠰᠦᠯ  ᠢ 32 ᠲᠦᠮᠨᠨ ᠲᠤᠨ ᠬᠠᠰᠤᠭᠳᠠᠭᠤᠯᠵᠤ᠂ ︽ᠠᠷᠪᠠᠨ ᠨᠢᠭᠡᠳᠦᠭᠡᠷ ᠲᠠᠪᠤᠨ ᠵᠢᠯ︾ ᠎ ᠤᠨ ᠡᠨᠧᠷᠬᠢ ᠠᠷᠪᠢᠯᠠᠨ ᠪᠤᠭᠢᠷᠳᠤᠯ ᠢ ᠪᠠᠭᠠᠰᠬᠠᠬᠤ ᠡᠬᠦᠷᠭᠡ ᠪᠠᠨ ᠠᠮᠵᠢᠯᠳᠠ ᠲᠠᠢ ᠪᠡᠶᠡᠯᠡᠬᠦᠯᠪᠠ     ᠲᠠᠪᠤᠨ ᠵᠢᠯ  ᠤᠨ ᠲᠤᠷᠰᠢ᠂ ᠪᠢᠳᠠ ᠦᠭᠡᠷᠡᠴᠢᠯᠡᠯᠳᠠ ᠬᠢᠵᠤ ᠴᠢᠯᠦᠭᠡᠳᠡᠢ ᠶᠠᠪᠤᠯᠴᠠᠬᠤ ᠶᠢ ᠪᠠᠷᠢᠮᠳᠠᠯᠠᠵᠤ᠂ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠱᠠᠭᠠᠷᠳᠠᠯᠭ᠎ᠠ ᠲᠠᠢ ᠨᠡᠶᠢᠴᠡᠭᠰᠡᠨ ᠪᠠᠶᠢᠭᠤᠯᠤᠮᠵᠢ ᠶᠢᠨ ᠲᠤᠭᠳᠠᠴᠠ ᠶᠢ ᠢᠳᠡᠪᠬᠢᠳᠡᠢ ᠪᠠᠶᠢᠭᠤᠯᠵᠤ᠂ ᠠᠵᠤ ᠠᠬᠤᠢ ᠨᠡᠶᠢᠭᠡᠮ  ᠤᠨ ᠬᠦᠭᠵᠢᠯᠳᠠ  ᠳᠤ ᠲᠠᠰᠤᠷᠠᠯᠳᠠ ᠦᠭᠡᠢ ᠰᠢᠨ᠎ᠠ ᠬᠦᠳᠡᠯᠭᠡᠭᠴᠢ ᠬᠦᠴᠦᠨ ᠪᠠ ᠠᠮᠢᠵᠢᠷᠠᠯ  ᠤᠨ ᠬᠦᠴᠦᠨ ᠤᠯᠭᠤᠪᠠ᠃ ᠰᠢᠨ᠎ᠠ ᠨᠢᠭᠡᠨ ᠡᠭᠡᠯᠵᠢ ᠶᠢᠨ ᠵᠠᠰᠠᠭ  ᠤᠨ ᠤᠷᠳᠤᠨ  ᠤ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠪᠡᠶᠡᠯᠡᠬᠦᠯᠵᠤ᠂ ᠪᠦᠬᠦ ᠠᠵᠢᠯᠳᠠᠨ  ᠢ ᠤᠷᠢᠨ ᠬᠡᠷᠡᠭᠯᠡᠬᠦ ᠲᠦᠷᠢᠮ  ᠢᠶᠠᠷ ᠭᠤᠤᠯ ᠪᠤᠯᠭᠠᠭᠰᠠᠨ ᠠᠵᠢᠯ ᠦᠢᠯᠡᠰ ᠤᠨ ᠨᠢᠭᠡᠴᠠ ᠶᠢᠨ ᠦᠭᠡᠷᠡᠴᠢᠯᠡᠯᠳᠠ ᠲᠤᠭᠳᠠᠭᠤᠨ  ᠢᠶᠠᠷ ᠶᠠᠪᠤᠭᠳᠠᠵᠤ ᠪᠠᠶᠢᠨ᠎ᠠ᠃ ᠮᠠᠯᠵᠢᠬᠤ ᠲᠠᠷᠢᠶᠠᠯᠠᠬᠤ ᠤᠷᠤᠨ  ᠤ ᠬᠠᠮᠳᠤ ᠶᠢᠨ ᠤᠢ ᠶᠢᠨ ᠡᠷᠭᠡ  ᠎ ᠶᠢᠨ ᠲᠦᠷᠢᠮ ᠤᠨ ᠦᠭᠡᠷᠡᠴᠢᠯᠡᠯᠳᠠ ᠶᠢ ᠪᠦᠬᠦ ᠲᠠᠯ᠎ᠠ  ᠪᠠᠷ ᠡᠬᠢᠯᠡᠬᠦᠯᠪᠠ᠃ ᠡᠳ᠋  ᠤᠨ ᠵᠠᠰᠠᠭ  ᠤᠨ ᠭᠠᠶᠢᠯᠢ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠲᠠᠰᠤᠷᠠᠯᠳᠠ ᠦᠭᠡᠢ ᠬᠦᠨᠵᠡᠬᠡᠶᠢᠷᠡᠬᠦᠯᠪᠠ᠃ ᠬᠤᠳᠠ ᠶᠢᠨ ᠤᠯᠤᠰ ᠤᠨ ᠦᠮᠴᠢᠯᠡᠯᠳᠤ ᠬᠦᠷᠦᠩᠭᠡ ᠶᠢᠨ ᠺᠤᠮᠫᠠᠨᠢ  ᠴᠢᠨᠠᠭᠰᠢᠳᠠ ᠬᠦᠭᠵᠢᠨ ᠪᠤᠵᠠᠭᠠᠶᠢᠷᠠᠵᠤ᠂ ᠬᠤᠳᠠ ᠎ ᠶᠢᠨ ᠤᠰᠤᠨ ᠤ ᠶᠠᠪᠤᠳᠠᠯ᠂ ᠪᠤᠳᠠᠰ  ᠤᠨ ᠬᠦᠢᠯᠭᠡᠭᠡ᠂ ᠵᠠᠮ ᠬᠠᠷᠢᠯᠴᠠᠭᠠᠨ  ᠤ ᠪᠦᠳᠦᠭᠡᠨ ᠪᠠᠶᠢᠭᠤᠯᠤᠯᠳᠠ ᠶᠢᠨ ᠪᠠᠯᠠ ᠤᠷᠤᠭᠤᠯᠤᠯᠳᠠ ᠶᠢᠨ ᠺᠤᠮᠫᠠᠨᠢ ᠪᠠ ᠬᠤᠳᠠ ᠎ ᠶᠢᠨ ᠬᠦᠷᠦᠩᠭᠡ ᠶᠢᠨ ᠬᠢᠵᠠᠭᠠᠷᠳᠤ ᠺᠤᠮᠫᠠᠨᠢ ᠶᠢ ᠵᠤᠬᠢᠶᠠᠨ ᠪᠠᠶᠢᠭᠤᠯᠵᠤ᠂ ᠴᠢᠬᠤᠯᠠ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠪᠠᠯᠠ ᠴᠤᠭᠯᠠᠭᠤᠯᠬᠤ ᠪᠠ ᠬᠠᠮᠢᠶᠠᠷᠤᠯᠳᠠ ᠶᠢᠨ ᠠᠰᠠᠭᠤᠳᠠᠯ  ᠢ ᠪᠦᠳᠦᠮᠵᠢᠳᠠᠢ ᠪᠠᠷ ᠰᠢᠢᠳᠪᠦᠷᠢᠯᠠᠪᠠ᠃ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠬᠦᠨᠵᠡᠬᠡᠶᠢᠷᠡᠬᠦᠯᠵᠤ᠂ ᠤᠷᠳᠤᠰ  ᠤᠨ ᠪᠠᠩᠬᠢ ᠪᠠ ᠮᠠᠯᠵᠢᠬᠤ ᠲᠠᠷᠢᠶᠠᠯᠠᠬᠤ ᠤᠷᠤᠨ ᠤ ᠬᠤᠳᠠᠯᠳᠤᠭᠠᠨ  ᠤ ᠪᠠᠩᠭᠢ ᠶᠢ ᠵᠤᠬᠢᠶᠠᠨ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠢᠳᠡᠭᠡᠮᠵᠢᠳᠤ ᠵᠢᠭᠡᠯᠡᠯᠭᠡ ᠶᠢᠨ ᠬᠤᠷᠰᠢᠶ᠎ᠠ ᠶᠢᠨ ᠦᠭᠡᠷᠡᠴᠢᠯᠡᠯᠳᠠ ᠶᠢ ᠪᠠᠶᠠᠯᠡᠬᠦᠯᠵᠤ᠂  ᠲᠤᠰᠬᠤᠨ ᠪᠠᠯᠭᠠᠰᠤ ᠶᠢᠨ   ᠪᠠᠩᠭᠢ  ᠪᠠ  ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠶᠢ ᠰᠢᠨ᠎ᠠ ᠪᠠᠷ ᠲᠤᠰᠪᠤᠷᠢ 6 ᠪᠠ 74 ᠪᠠᠶᠢᠭᠤᠯᠪᠠ᠃ ᠡᠯ᠎ᠠ ᠲᠦᠷᠦᠯ ᠤᠨ ᠵᠠᠬ᠎ᠠ ᠲᠡᠯᠭᠡᠬᠦᠷ ᠤᠨ ᠭᠤᠤᠯ ᠴᠤᠭᠴᠠ ᠶᠢᠨ ᠠᠮᠢᠵᠢᠷᠠᠯ  ᠤᠨ ᠬᠦᠴᠦᠨ ᠪᠠᠳᠠᠷᠠᠵᠤ᠂ ᠤᠯᠤᠰ  ᠤᠨ ᠦᠮᠴᠢᠯᠠᠯᠳᠤ ᠪᠤᠰᠤ ᠪᠠᠯᠠ ᠤᠷᠤᠭᠤᠯᠤᠯᠳᠠ ᠶᠢᠨ ᠪᠦᠬᠦ ᠨᠡᠶᠢᠭᠡᠮ  ᠤᠨ ᠪᠠᠯᠠ ᠤᠷᠤᠭᠤᠯᠤᠯᠳᠠ  ᠳᠤ ᠡᠵᠡᠯᠡᠬᠦ  ᠬᠠᠷᠢᠴᠠᠯ 60 %᠎ ᠶᠢ ᠲᠠᠪᠠᠵᠤ᠂ ᠠᠵᠤ ᠠᠬᠤᠢ ᠶᠢᠨ ᠪᠠᠶ᠎ᠠ ᠪᠠᠨ  ᠲᠠᠭᠠᠭᠠᠨ ᠨᠡᠮᠡᠭᠳᠡᠬᠦ ᠲᠤᠭᠳᠠᠴᠠ ᠶᠠᠭ ᠪᠦᠷᠢᠯᠳᠤᠵᠤ ᠪᠠᠶᠢᠨ᠎ᠠ᠃ ᠭᠠᠳᠠᠭᠠᠳᠤ ᠲᠠᠢ ᠴᠢᠯᠤᠭᠡᠳᠠᠢ ᠶᠠᠪᠤᠯᠴᠠᠭᠰᠠᠨ ᠦᠷ᠎ᠠ ᠪᠦᠳᠦᠮᠵᠢ ᠲᠤᠪᠦᠶᠢᠮ᠎ᠠ ᠪᠠᠶᠢᠵᠤ᠂ ᠱᠧᠨ ᠬᠤᠸᠠ ᠪᠦᠯᠦᠭᠯᠡᠯ᠂ ᠱᠠᠩᠬᠠᠢ ᠶᠢᠨ ᠬᠤᠸᠠ ᠢ᠂ ᠲᠤᠮᠳᠠᠳᠤ ᠤᠯᠤᠰ ᠤᠨ ᠨᠡᠬᠦᠷᠡᠰᠤ᠂ ᠶᠠᠨ ᠺᠤᠸᠠᠩ᠂ ᠴᠢ ᠷᠦᠢ ᠵᠡᠷᠭᠡ ᠠᠵᠤ ᠠᠬᠤᠶᠢᠯᠠᠯ ᠲᠠᠢ ᠬᠠᠮᠳᠤᠷᠠᠨ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ  ᠢ ᠪᠦᠳᠦᠭᠡᠨ ᠪᠠᠶᠢᠭᠤᠯᠵᠤ᠂ ᠤᠷᠤᠭᠤᠯᠤᠭᠰᠠᠠ ᠤᠯᠤᠰ ᠤᠨ ᠲᠤᠳᠤᠭᠠᠳᠤ ︵ᠤᠷᠤᠨ  ᠤ ᠭᠠᠳᠠᠨ᠎ᠠ︶᠎ ᠶᠢᠨ ᠪᠠᠯᠠ ᠮᠦᠡᠭᠬᠦ ᠨᠠᠶᠢᠳᠠ 1584.6 ᠳ᠋ᠦᠡᠭᠰᠢᠭᠤᠷ ᠲᠦᠬᠦᠷᠢᠭ ᠲᠤ ᠬᠦᠷᠴᠦ᠂ ᠵᠢᠯ ᠪᠦᠷᠢ ᠲᠤᠮᠳᠠᠴᠢ ᠎ ᠪᠠᠷ    10.6% ᠨᠡᠮᠡᠭᠳᠡᠪᠠ︔ ᠪᠤᠳᠠᠳᠠᠢ ᠠᠰᠢᠭᠯᠠᠭᠰᠠᠨ ᠭᠠᠳᠠᠭᠠᠳᠤ ᠪᠠᠯᠠ 42.5 ᠳ᠋ᠦᠡᠭᠰᠢᠭᠤᠷ ᠳ᠋ᠤᠯᠯᠠᠷ ᠲᠤ ᠬᠦᠷᠴᠦ᠂ ᠵᠢᠯ ᠪᠦᠷᠢ ᠲᠤᠮᠳᠠᠴᠢ ᠪᠠᠷ 16%᠎ ᠪᠠᠷ ᠨᠡᠮᠡᠭᠳᠡᠪᠠ᠃ᠲᠠᠪᠤᠨ ᠵᠢᠯ  ᠤᠨ ᠲᠤᠷᠰᠢ᠂ ᠪᠢᠳᠠ ᠠᠵᠤ ᠠᠬᠤᠢ ᠨᠡᠶᠢᠭᠡᠮ  ᠢ ᠵᠤᠬᠢᠴᠠᠯᠳᠤᠭᠤᠯᠤᠨ ᠬᠦᠭᠵᠢᠬᠦᠯᠬᠦ ᠶᠢ ᠪᠠᠷᠢᠮᠳᠠᠯᠠᠵᠤ᠂ ᠨᠡᠶᠢᠭᠡᠮ  ᠤᠨ ᠠᠵᠢᠯ ᠦᠢᠯᠡᠰ  ᠢ ᠶᠡᠭᠡᠪᠡᠷ ᠬᠦᠭᠵᠢᠬᠦᠯᠵᠤ᠂ ᠬᠤᠳᠠ ᠬᠦᠳᠡᠭᠡ ᠶᠢ ᠪᠦᠷᠬᠦᠭᠰᠡᠨ ᠤᠯᠨᠨ ᠨᠠᠶᠢᠳᠠ ᠶᠢᠨ ᠦᠢᠯᠡᠴᠢᠯᠡᠭᠡᠨ  ᠤ ᠰᠢᠰᠲ᠋ᠧᠮᠵᠢ ᠶᠢ ᠲᠦᠷᠭᠡᠨ  ᠢᠶᠠᠷ  ᠪᠠᠶᠢᠭᠤᠯᠪᠠ᠃ ᠰᠤᠷᠭᠠᠨ ᠬᠦᠮᠦᠵᠢᠯ  ᠤᠨ  ᠦᠢᠯᠡᠰ  ᠢ ᠤᠷᠢᠳᠠᠪᠠᠷ ᠬᠦᠭᠵᠢᠬᠦᠯᠵᠤ᠂ 12 ᠵᠢᠯ ᠤᠨ ᠦᠨ᠎ᠠ ᠲᠦᠯᠦᠪᠦᠷᠢ ᠦᠭᠡᠢ ᠰᠤᠷᠭᠠᠨ ᠬᠦᠮᠦᠵᠢᠯ  ᠢ ᠢᠳᠡᠪᠬᠢᠳᠡᠢ ᠬᠡᠷᠡᠭᠵᠢᠬᠦᠯᠵᠤ᠂ ᠲᠤᠮᠳᠠᠳᠣ ᠪᠠᠭ᠎ᠠ ᠰᠤᠷᠭᠠᠭᠤᠯᠢ ᠶᠢᠨ ᠬᠢᠴᠢᠶᠠᠯ ᠪᠠᠶᠢᠷᠢ ᠶᠢᠨ ᠬᠡᠷ  ᠤᠨ ᠠᠶᠤᠯᠬᠦᠢ ᠶᠢ ᠪᠠᠳᠤᠯᠠᠨ ᠦᠭᠡᠷᠡᠴᠢᠯᠡᠬᠦ ᠪᠠᠷᠢᠯᠭ᠎ᠠ ᠶᠢ ᠪᠦᠬᠦ ᠲᠠᠯ᠎ᠠ ᠪᠠᠷ ᠡᠬᠢᠯᠡᠬᠦᠯᠵᠤ᠂ ᠰᠢᠨ᠎ᠠ ᠪᠠᠷ ᠪᠤᠶᠤ ᠦᠭᠡᠷᠡᠴᠢᠯᠡᠨ ᠪᠠᠶᠢᠭᠤᠯᠤᠭᠰᠠᠨ ᠲᠤᠮᠳᠠᠳᠣ ᠪᠠᠭ᠎ᠠ ᠰᠤᠷᠭᠠᠭᠤᠯᠢ  119᠂ ᠴᠡᠴᠡᠷᠯᠢᠭ 32᠂ ᠬᠤᠳᠠ ᠶᠢᠨ ᠨᠢᠭᠡᠳᠦᠭᠡᠷ᠂ ᠬᠤᠶᠠᠳᠤᠭᠠᠷ ᠲᠤᠮᠳᠠᠳᠤ ᠰᠤᠷᠭᠠᠭᠤᠯᠢ ᠶᠢ ᠰᠢᠨ᠎ᠠ ᠰᠤᠷᠭᠠᠭᠤᠯᠢ ᠶᠢᠨ ᠲᠤᠭᠤᠷᠢᠭ ᠲᠤ  ᠨᠡᠬᠦᠯᠭᠡᠨ ᠰᠢᠯᠵᠢᠬᠦᠯᠵᠤ᠂ ᠬᠤᠳᠠ ᠶᠢᠨ ᠠᠵᠢᠯ ᠮᠡᠷᠭᠡᠵᠢᠯ  ᠤᠨ ᠲᠡᠭᠡᠳᠤ ᠰᠤᠷᠭᠠᠭᠤᠯᠢ᠂ ᠦᠪᠦᠷ ᠮᠤᠩᠭᠤᠯ  ᠤᠨ ᠶᠡᠭᠡ ᠰᠤᠷᠭᠠᠭᠤᠯᠢ ᠶᠢᠨ ᠤᠷᠳᠤᠰ  ᠤᠨ ᠲᠡᠭᠡᠳᠤ ᠰᠤᠷᠭᠠᠭᠤᠯᠢ ᠪᠠᠶᠢᠭᠤᠯᠤᠭᠳᠠᠨ ᠰᠤᠷᠤᠭᠴᠢ ᠡᠯᠰᠡᠵᠤ᠂ ᠬᠤᠳᠠ ᠶᠢᠨ ᠠᠵᠢᠯ ᠮᠡᠷᠭᠡᠵᠢᠯ ᠎ ᠤᠨ ᠰᠤᠷᠭᠠᠨ ᠬᠦᠮᠦᠵᠢᠯ  ᠤᠨ ᠤᠷᠤᠨ ᠲᠤᠭᠤᠷᠢᠭ  ᠢ ᠪᠠᠶᠢᠭᠤᠯᠤᠨ ᠠᠰᠢᠭᠯᠠᠯᠳᠠ  ᠳᠤ ᠤᠷᠤᠭᠤᠯᠵᠤ᠂ ᠰᠤᠷᠭᠠᠭᠤᠯᠢ ᠡᠷᠬᠢᠯᠡᠬᠦ ᠨᠦᠬᠦᠴᠡᠯ ᠮᠠᠳᠡᠭᠳᠡᠮ᠎ᠠ ᠰᠠᠶᠢᠵᠢᠷᠠᠵᠤ᠂ ᠵᠢᠭᠠᠨ ᠰᠤᠷᠭᠠᠬᠤ ᠴᠢᠨᠠᠷ  ᠲᠤᠭᠳᠠᠭᠤᠨ ᠢᠶᠠᠷ ᠰᠠᠶᠢᠵᠢᠷᠠᠨ᠂  ᠰᠤᠷᠭᠠᠨ ᠬᠦᠮᠦᠵᠢᠯ  ᠤᠨ ᠰᠢᠰᠲ᠋ᠧᠮᠵᠢ ᠨᠠᠩ ᠲᠡᠬᠦᠯᠳᠡᠷᠵᠢᠭᠰᠡᠨ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠠ ᠶᠢ ᠡᠬᠦᠳᠬᠦ ᠶᠢ ᠴᠢᠷᠮᠠᠶᠢᠨ ᠠᠬᠢᠭᠤᠯᠵᠤ᠂ ᠤᠷᠳᠤᠰ  ᠤᠨ ᠲᠡᠭᠡᠳᠤ ᠰᠢᠨ᠎ᠠ ᠮᠡᠷᠭᠡᠵᠢᠯ  ᠤᠨ ᠠᠵᠤ ᠦᠢᠯᠡᠰ  ᠤᠨ ᠤᠷᠤᠨ ᠲᠤᠭᠤᠷᠢᠭ᠂ ᠲᠤᠤᠷ᠎ᠠ ᠨᠡᠬᠦᠷᠡᠰᠦᠳᠦ᠋ᠷᠦᠭᠴᠢᠳᠤ ᠬᠦᠨᠳᠠᠢ ᠵᠡᠷᠭᠡ ᠶᠢ ᠡᠬᠢᠯᠡᠨ ᠪᠦᠳᠦᠭᠡᠨ ᠪᠠᠶᠢᠭᠤᠯᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ  ᠤ ᠲᠡᠰ ᠎ ᠤᠨ ᠪᠠᠷᠢᠯᠭ᠎ᠠ ᠶᠢᠨ ᠮᠡᠷᠭᠡᠵᠢᠯ  ᠤᠨ ᠰᠣᠳᠤᠯᠤᠯ  ᠤᠨ ᠲᠦᠪ  ᠢ 6᠂ ᠠᠵᠤ ᠠᠬᠤᠶᠢᠯᠠᠯ  ᠤᠨ ᠰᠤᠳᠤᠯᠤᠨ ᠨᠡᠭᠡᠭᠡᠯᠳᠠ ᠬᠢᠬᠦ ᠲᠦᠪ  ᠢ 7᠂ ᠠᠵᠤ ᠠᠬᠤᠶᠢᠯᠠᠯ ᠎ ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ  ᠢ 2 ᠪᠠᠶᠢᠭᠤᠯᠵᠤ᠂ ᠮᠠᠨ  ᠤ ᠬᠤᠳᠠ ︽ᠪᠦᠬᠦ ᠤᠯᠤᠰ  ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠰᠢᠯᠭᠠᠷᠠᠭᠤᠯᠤᠯᠳᠠ ᠶᠢᠨ ᠲᠠᠷᠢᠬᠦᠨ  ᠤ ᠬᠤᠳᠠ︾᠎ ᠪᠠᠷ ᠦᠨᠡᠯᠡᠭᠳᠡᠵᠤ᠂ ᠪᠦᠬᠦ ᠤᠯᠤᠰ  ᠤᠨ ᠤᠷᠬᠦᠯᠵᠢᠯᠡᠭᠰᠡᠨ ᠬᠦᠭᠵᠢᠯᠳᠠ ᠶᠢᠨ ᠲᠤᠷᠰᠢᠯᠳᠠ ᠶᠢᠨ ᠤᠷᠤᠨ  ᠤ ᠨᠢᠭᠡ ᠪᠤᠯᠪᠠ᠃ ᠴᠢᠳᠠᠪᠤᠷᠢᠳᠠᠨ ᠤ ᠠᠵᠢᠯ  ᠢ ᠴᠢᠨᠠᠭᠰᠢᠳᠠ ᠴᠢᠩᠭᠠᠳᠬᠠᠵᠤ᠂ ᠮᠠᠺᠢᠰᠲ᠋ᠧᠷ ᠠᠴᠠ ᠲᠡᠭᠡᠭᠰᠢᠬᠢ ᠠᠰᠫᠢᠷᠠᠨᠲ  ᠢ ᠨᠠᠶᠢᠳᠠ 1000 ᠭᠠᠷᠤᠢ ᠤᠷᠤᠭᠤᠯᠵᠤ ᠲᠡᠭᠡᠳᠤ ᠵᠡᠷᠭᠡ ᠶᠢᠨ ᠲᠡᠳ᠋ ᠮᠡᠷᠭᠡᠵᠢᠯ  ᠤᠨ ᠴᠤᠯᠠ ᠠᠴᠠ ᠲᠡᠭᠡᠭᠰᠢᠬᠢ ᠲᠤᠰᠬᠠᠢ ᠮᠡᠷᠭᠡᠵᠢᠯ  ᠤᠨ ᠴᠢᠳᠠᠪᠤᠷᠢᠳᠠᠨ  ᠢ 800  ᠭᠠᠷᠤᠢ ᠤᠷᠤᠭᠤᠯᠪᠠ᠃ ᠤᠯᠠᠨ ᠨᠠᠶᠢᠳᠠ ᠶᠢᠨ  ᠡᠷᠡᠬᠦᠯ ᠬᠠᠮᠠᠭᠠᠯᠠᠯ  ᠤᠨ ᠦᠢᠯᠡᠴᠢᠯᠡᠭᠡᠨ  ᠤ ᠰᠢᠰᠲ᠋ᠧᠮᠵᠢ ᠶᠢ ᠲᠦᠷᠭᠡᠨ  ᠢᠶᠠᠷ ᠪᠠᠶᠢᠭᠤᠯᠵᠤ᠂ ᠬᠤᠳᠠ ᠶᠢᠨ ᠭᠤᠤᠯᠳᠠᠯᠭᠠᠳᠤ ᠡᠮᠨᠡᠯᠭᠡ ᠶᠢᠨ ᠬᠤᠷᠢᠶ᠎ᠠ᠂ ᠮᠤᠩᠭᠤᠯ ᠡᠮᠨᠡᠯᠭᠡ ᠰᠤᠳᠤᠯᠬᠤ ᠭᠠᠵᠠᠷ  ᠤᠨ ᠡᠮᠨᠡᠯᠭᠡ  ᠳᠤ ᠰᠠᠭᠤᠬᠤ ᠰᠢᠨ᠎ᠠ ᠲᠤᠮᠤ ᠠᠰᠠᠷ  ᠢ ᠠᠰᠢᠭᠯᠠᠯᠳᠠ  ᠳᠤ ᠤᠷᠤᠭᠤᠯᠤᠨ᠂ ᠤᠷᠳᠤᠰ ᠡᠮᠨᠡᠯᠭᠡ ᠎ ᠶᠢᠨ ᠬᠤᠷᠢᠶ᠎ᠠ  ᠎ ᠶᠢ  ᠡᠬᠢᠯᠠᠨ ᠪᠦᠳᠦᠭᠡᠨ ᠪᠠᠶᠢᠭᠤᠯᠵᠤ᠂ ᠰᠢᠶᠠᠩ ᠪᠠᠯᠭᠠᠰᠤᠨ ᠤ ᠰᠢᠨ᠎ᠠ ᠪᠠᠷ ᠪᠠᠶᠢᠭᠤᠯᠤᠭᠰᠠᠨ ᠪᠠᠷᠢᠮᠵᠢᠶᠠᠴᠢᠯᠠᠭᠰᠠᠨ ᠡᠷᠡᠬᠦᠯ ᠬᠠᠮᠠᠭᠠᠯᠠᠯ  ᠤᠨ ᠬᠤᠷᠢᠶ᠎ᠠ 107᠂ ᠭᠠᠴᠠᠭ᠎ᠠ ᠲᠤᠰᠬᠤᠨ  ᠤ ᠡᠷᠡᠬᠦᠯ ᠬᠠᠮᠠᠭᠠᠯᠠᠯ  ᠤᠨ ᠲᠠᠰᠤᠭ 767  ᠂ ᠨᠡᠶᠢᠭᠡᠮ ᠲᠤᠭᠤᠷᠢᠭ  ᠤᠨ ᠡᠷᠡᠬᠦᠯ ᠬᠠᠮᠠᠭᠠᠯᠠᠯ  ᠤᠨ ᠦᠢᠯᠡᠴᠢᠯᠡᠭᠡᠨ  ᠤ ᠲᠦᠪ 24  ᠬᠦᠷᠴᠦ᠂ ᠡᠮᠴᠢᠯᠡᠭᠡᠨ ᠤ  ᠬᠢᠷᠢ ᠲᠦᠪᠰᠢᠨ ᠶᠡᠭᠡᠪᠡᠷ ᠲᠡᠭᠡᠭᠰᠢᠯᠡᠭᠰᠡᠨ ᠪᠠᠶᠢᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ  ᠤᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠬᠦᠨᠵᠡᠬᠡᠶᠢᠷᠡᠬᠦᠯᠵᠤ᠂ ᠦᠨᠳᠦᠰᠦᠨ ᠱᠠᠳᠤᠨ  ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ  ᠤ ᠪᠠᠶᠢᠭᠤᠯᠤᠮᠵᠢ ᠴᠦᠮ ᠡᠮ  ᠤᠨ ᠵᠦᠢᠯ  ᠢ ︽ᠵᠦᠷᠢᠶᠠᠨ ᠤ ᠦᠨ᠎ᠠ ᠦᠭᠡᠢ︾᠎ ᠪᠠᠷ ᠪᠤᠷᠤᠯᠠᠭᠤᠯᠬᠤ ᠶᠢ ᠪᠡᠶᠡᠯᠡᠬᠦᠯᠦᠭᠰᠡᠨ ᠪᠠᠶᠢᠨ᠎ᠠ᠃ ᠤᠯᠤᠰ  ᠤᠨ ᠡᠷᠡᠬᠦᠯ ᠬᠠᠮᠠᠭᠠᠯᠠᠯ  ᠤᠨ ᠬᠤᠳᠠ  ᠶᠢ ᠡᠭᠦᠳᠦᠨ ᠪᠠᠶᠢᠭᠤᠯᠬᠤ ᠠᠵᠢᠯ ᠮᠡᠷᠭᠡᠵᠢᠯ  ᠤᠨ ᠦᠨᠡᠯᠡᠯᠳᠠ ᠶᠢ ᠨᠢᠭᠡᠨᠳᠠ ᠲᠠᠮᠵᠢᠵᠤ᠂ ᠢᠳᠡᠭᠡᠨ  ᠤ ᠠᠶᠤᠯᠬᠦᠢ ᠶᠢᠨ ᠬᠤᠳᠠ ᠶᠢ ᠡᠬᠦᠳᠤᠨ ᠪᠠᠶᠢᠭᠤᠯᠬᠤ ᠠᠵᠢᠯ ᠯᠠᠪᠳᠠᠭᠤᠨ ᠪᠠᠳᠤᠳᠠᠢ ᠶᠠᠪᠤᠭᠳᠠᠵᠤ ᠪᠠᠶᠢᠨ᠎ᠠ᠃ ᠤᠯᠠᠨ ᠨᠠᠶᠢᠳᠠ ᠶᠢᠨ ᠰᠤᠶᠤᠯ  ᠤᠨ ᠲᠦᠬᠦᠭᠡᠷᠦᠮᠵᠢ ᠶᠢᠨ ᠪᠠᠶᠢᠭᠤᠯᠤᠯᠳᠠ ᠴᠢᠨᠠᠭᠰᠢᠳᠠ ᠴᠢᠩᠭᠠᠳᠬᠠᠭᠳᠠᠵᠤ᠂ ᠤᠷᠳᠤᠰ  ᠤᠨ ᠲᠤᠮᠤ ᠵᠦᠴᠦᠭᠡ ᠶᠢᠨ ᠬᠦᠷᠢᠶᠠᠯᠡᠩ᠂ ᠰᠤᠶᠤᠯ ᠤᠷᠠᠯᠢᠭ ᠤᠨ ᠲᠦᠪ ᠵᠡᠷᠬᠡ ᠨᠢᠭᠡ ᠪᠦᠯᠦᠭ ᠤᠯᠠᠨ ᠨᠡᠶᠢᠳᠠ ᠶᠢᠨ ᠰᠤᠶᠤᠯ ᠤᠨ ᠲᠦᠬᠦᠭᠡᠷᠦᠮᠵᠢ ᠶᠢ ᠪᠠᠶᠢᠭᠤᠯᠵᠤ᠂ ᠦᠨᠳᠦᠰᠦᠨ ᠱᠠᠳᠤᠨ  ᠤ ᠰᠤᠶᠤᠯ  ᠤᠨ ᠦᠢᠯᠡᠴᠢᠯᠡᠭᠡᠨ  ᠤ ᠰᠢᠰᠲ᠋ᠧᠮᠵᠢ ᠴᠢᠨᠠᠭᠰᠢᠳᠠ ᠪᠦᠷᠢᠨ ᠲᠦᠬᠦᠷᠵᠢᠭᠰᠡᠨ ᠪᠠᠶᠢᠨ᠎ᠠ᠃ ᠤᠯᠠᠨ ᠲᠦᠮᠠᠨ  ᠤ ᠪᠠᠶ᠎ᠠ ᠶᠢᠨ ᠲᠠᠮᠢᠷ ᠪᠠ ᠦᠷᠢᠰᠦᠯᠳᠤᠭᠡᠨ  ᠤ ᠪᠠᠶ᠎ᠠ ᠶᠢᠨ ᠲᠠᠮᠢᠷ ᠵᠤᠬᠢᠴᠠᠯᠳᠤᠨ ᠬᠦᠭᠵᠢᠵᠤ ᠪᠠᠶᠢᠨ᠎ᠠ᠃ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ᠂ ᠬᠦᠮᠦᠨ ᠠᠮᠠ ᠪᠠ ᠲᠦᠯᠦᠪᠯᠡᠭᠡᠳᠡᠢ ᠪᠠᠷ ᠬᠡᠤᠭᠡᠳ ᠠᠪᠬᠤ᠂ ᠡᠮᠡᠭᠳᠡᠶᠢᠴᠤᠳ ᠪᠠᠭᠠᠴᠤᠳ᠂ ᠲᠤᠭ᠎ᠠ ᠪᠦᠷᠢᠳᠭᠡᠯ᠂ ᠴᠠᠭ ᠠᠭᠤᠷ᠂ ᠲᠡᠩᠰᠡ ᠡᠪᠭᠡᠮᠡᠯ᠂ ᠭᠠᠳᠠᠭᠠᠳᠤ ᠶᠠᠪᠤᠳᠠᠯ ᠵᠡᠷᠭᠡ ᠠᠵᠢᠯ  ᠤᠨ ᠲᠠᠯ᠎ᠠ ᠪᠠᠷ ᠰᠢᠨ᠎ᠠ ᠠᠮᠵᠢᠯᠳᠠ ᠤᠯᠤᠭᠰᠠᠨ ᠪᠠᠶᠢᠨ᠎ᠠ᠃      ᠲᠠᠪᠤᠨ ᠵᠢᠯ ᠤᠨ ᠲᠤᠷᠰᠢ᠂ ᠪᠢᠳᠠ ᠬᠦᠮᠦᠨ  ᠢᠶᠠᠷ ᠦᠨᠳᠦᠰᠦ ᠪᠤᠯᠭᠠᠬᠤ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠤᠷᠳᠤ ᠬᠤᠭᠤᠴᠠᠭᠠᠨ ᠤ ᠪᠦᠳᠦᠮᠵᠢᠳᠠᠢ ᠲᠤᠭᠳᠠᠴᠠ ᠶᠢ ᠴᠢᠷᠮᠠᠶᠢᠨ ᠪᠠᠶᠢᠭᠤᠯᠵᠤ᠂ ᠬᠦᠭᠵᠢᠯᠳᠠ ᠶᠢᠨ ᠦᠷ᠎ᠠ ᠪᠦᠳᠦᠭᠡᠯ  ᠢ ᠬᠠᠮᠤᠭ ᠶᠡᠭᠡ ᠬᠢᠵᠠᠭᠠᠷ ᠲᠤᠳᠤᠷ᠎ᠠ ᠠᠷᠠᠳ ᠤᠯᠠᠨ  ᠳᠤ ᠡᠳ᠋ᠯᠡᠬᠦᠯᠪᠠ᠃ ᠪᠦᠬᠦ ᠬᠤᠳᠠ ᠶᠢᠨ ᠡᠯ᠎ᠠ ᠱᠠᠳᠤᠨ ᠤ ᠡᠳ᠋ ᠤᠨ ᠵᠠᠰᠠᠭ ᠨᠠᠶᠢᠳᠠ 362.9 ᠳ᠋ᠦᠡᠭᠰᠢᠭᠤᠷ ᠲᠦᠬᠦᠷᠢᠭ ᠤᠨ ᠪᠠᠯᠠ ᠤᠷᠤᠭᠤᠯᠵᠤ  ᠠᠷᠠᠳ ᠤᠨ ᠠᠮᠢᠳᠤᠷᠠᠯ  ᠤᠨ ᠠᠯᠢ ᠤᠯᠠᠨ ᠴᠢᠬᠤᠯᠠ ᠶᠡᠭᠡ ᠢᠨᠵᠧᠨᠧᠷᠢᠩ  ᠢ ᠵᠤᠬᠢᠶᠠᠨ ᠪᠠᠶᠢᠭᠤᠯᠤᠨ ᠬᠡᠷᠡᠭᠵᠢᠬᠦᠯᠪᠠ᠃ ᠠᠵᠢᠯ ᠤᠯᠬᠤ ᠬᠦᠷᠢᠶ᠎ᠠ ᠬᠡᠪᠴᠢᠶ᠎ᠠ ᠦᠷᠬᠦᠯᠵᠢᠯᠠᠨ ᠦᠷᠭᠡᠵᠢᠵᠤ᠂ ᠬᠤᠳᠠ ᠪᠠᠯᠭᠠᠰᠤ ᠶᠢᠨ ᠰᠢᠨ᠎ᠠ ᠪᠠᠷ ᠨᠡᠮᠡᠭᠳᠡᠭᠰᠡᠨ ᠠᠵᠢᠯ ᠤᠯᠤᠭᠰᠠᠳ 11.6 ᠲᠦᠮᠠᠨ ᠬᠦᠮᠦᠨ  ᠳᠤ ᠬᠦᠷᠴᠦ᠂ ᠬᠤᠳᠠ ᠪᠠᠯᠭᠠᠰᠤ ᠎ ᠶᠢᠨ ᠲᠡᠩᠰᠡᠯᠡᠭᠤᠭᠰᠠᠨ ᠠᠵᠢᠯ ᠠᠯᠳᠠᠯᠳᠠ ᠶᠢᠨ ᠨᠤᠷᠮ᠎ᠠ ᠶᠢ 4%᠎ ᠶᠢᠨ ᠲᠤᠳᠤᠷ᠎ᠠ ᠬᠢᠵᠠᠭᠠᠷᠯᠠᠪᠠ᠃ ᠠᠵᠢᠯ ᠤᠯᠬᠤ ᠪᠤᠯᠪᠠᠰᠤᠷᠠᠯ  ᠤᠨ ᠬᠦᠴᠦᠯᠡᠴᠨ ᠶᠢ ᠨᠡᠮᠡᠭᠳᠡᠬᠦᠯᠵᠤ᠂ ᠲᠡᠭᠡᠳᠤ ᠰᠤᠷᠭᠠᠭᠤᠯᠢ ᠶᠢᠨ ᠰᠢᠯᠭᠠᠯᠳᠠ ᠠᠴᠠ ᠭᠤᠭᠤᠵᠢᠭᠳᠠᠭᠰᠠᠨ  ᠤᠷᠳᠤᠰ ᠨᠤᠳᠤᠭ ᠲᠠᠢ ᠰᠤᠷᠤᠭᠴᠢ ᠪᠠ ᠴᠡᠷᠢᠭ ᠠᠴᠠ ᠪᠠᠭᠤᠭᠰᠠᠳ ᠲᠤ ᠦᠨ᠎ᠠ ᠲᠦᠯᠦᠪᠦᠷᠢ ᠦᠭᠡᠢ ᠠᠵᠢᠯ ᠮᠡᠷᠭᠡᠵᠢᠯ  ᠤᠨ ᠪᠤᠯᠪᠠᠰᠤᠷᠠᠯ  ᠢ ᠬᠡᠷᠡᠭᠵᠢᠬᠦᠯᠪᠠ᠃ ᠨᠠᠶᠢᠭᠡᠮ  ᠤᠨ ᠪᠠᠳᠤᠯᠠᠭ᠎ᠠ ᠶᠢᠨ ᠬᠢᠷᠢ ᠲᠦᠪᠰᠢᠨ ᠴᠢᠨᠠᠭᠰᠢᠳᠠ ᠲᠡᠭᠡᠭᠰᠢᠯᠡᠵᠤ ᠂  ᠴᠠᠯᠢᠩ  ᠢ ᠨᠡᠮᠡᠬᠦ ᠤᠯᠤᠰ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠲᠡᠭᠡᠷ᠎ᠠ ᠠᠵᠤ ᠠᠬᠤᠶᠢᠯᠠᠯ  ᠤᠨ ᠠᠵᠢᠯ ᠠᠴᠠ ᠪᠠᠭᠤᠭᠰᠠᠳ ᠎ ᠲᠤ ᠭᠤᠷᠪᠠᠨ ᠵᠢᠯ ᠲᠠᠷᠠᠭᠠᠯᠠᠨ ᠬᠦᠮᠦᠨ ᠪᠦᠷᠢ  ᠰᠠᠷ᠎ᠠ ᠪᠦᠷᠢ  ᠳᠤ 100 ᠲᠦᠬᠦᠷᠢᠭ  ᠤᠨ ᠠᠮᠢᠳᠤᠷᠠᠯ  ᠤᠨ ᠨᠦᠬᠦᠪᠦᠷᠢ ᠨᠠᠮᠠᠨ ᠤᠯᠭᠤᠭᠰᠠᠨ ᠪᠠᠶᠢᠨ᠎ᠠ᠃ ᠬᠤᠳᠠ ᠬᠦᠳᠡᠭᠡ ᠶᠢ ᠪᠦᠷᠬᠦᠭᠰᠡᠨ ᠨᠠᠰᠤᠵᠢᠯ ᠤᠨ ᠲᠠᠭᠠᠳᠬᠠᠯ  ᠤᠨ ᠲᠦᠷᠢᠮ ᠢ ᠪᠦᠬᠦ ᠤᠷᠤᠨ  ᠳᠤ ᠬᠠᠮᠤᠭ ᠤᠷᠢᠳᠠᠪᠠᠷ ᠡᠬᠢᠯᠡᠬᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠨᠠᠰᠤᠵᠢᠯ  ᠤᠨ ᠲᠠᠭᠠᠳᠬᠠᠯ  ᠤᠨ ᠤᠯᠭᠤᠮᠵᠢ ᠶᠢ ᠲᠡᠭᠡᠭᠰᠢᠯᠡᠬᠦᠯᠦᠨ ᠬᠦᠮᠦᠨ ᠪᠦᠷᠢ ᠰᠠᠷ᠎ᠠ ᠶᠢᠨ ᠲᠤᠰᠪᠤᠷᠢ 450 ᠲᠦᠬᠦᠷᠢᠭ ᠪᠠ 260 ᠲᠦᠬᠦᠷᠢᠭ ᠪᠤᠯᠭᠠᠪᠠ᠃ ᠡᠮ ᠡᠮᠨᠡᠯᠭᠡ ᠶᠢᠨ ᠲᠠᠭᠠᠳᠬᠠᠯ  ᠢ ᠶᠡᠭᠡᠪᠡᠷ ᠠᠬᠢᠭᠤᠯᠵᠤ᠂ ᠬᠤᠳᠠ ᠪᠠᠯᠭᠠᠰᠤ ᠶᠢᠨ ᠠᠵᠢᠯ ᠦᠭᠡᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ  ᠤᠨ ᠲᠦᠷᠢᠮ  ᠢ ᠡᠬᠢᠯᠡᠨ ᠬᠡᠷᠡᠭᠵᠢᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠰᠢᠨ᠎ᠠ ᠬᠡᠯᠪᠡᠷᠢ ᠶᠢᠨ ᠬᠤᠷᠰᠢᠭᠰᠠᠨ ᠡᠮ ᠡᠮᠨᠡᠯᠭᠡ ᠶᠢᠨ ᠪᠠᠯᠠ ᠴᠤᠭᠯᠠᠭᠤᠯᠬᠤ ᠪᠠᠷᠢᠮᠵᠢᠶ᠎ᠠ ᠶᠢ ᠲᠡᠭᠡᠭᠰᠢᠯᠡᠬᠦᠯᠦᠨ 190 ᠲᠦᠬᠦᠷᠢᠭ ᠬᠦᠷᠭᠡᠵᠤ᠂ ᠬᠤᠳᠠ ᠪᠠᠯᠭᠠᠰᠤ ᠶᠢᠨ ᠠᠵᠢᠯᠳᠠᠨ ᠠᠵᠢᠯᠴᠢᠨ᠂ ᠰᠠᠭᠤᠭᠠᠯᠢ ᠠᠷᠠᠳ᠂ ᠮᠠᠯᠴᠢᠨ ᠲᠠᠷᠢᠶᠠᠴᠢᠨ  ᠤ ᠡᠮ ᠡᠮᠨᠡᠯᠭᠡ ᠶᠢᠨ ᠲᠠᠭᠠᠳᠬᠠᠯ  ᠤᠨ ᠦᠭᠬᠦ ᠬᠠᠮᠤᠭ ᠦᠨᠳᠦᠷ ᠬᠢᠵᠠᠭᠠᠷ ᠲᠤᠭ᠎ᠠ ᠶᠢ 22 ᠲᠦᠮᠠᠨ ᠲᠦᠬᠦᠷᠢᠭ᠂ 10 ᠲᠦᠮᠠᠨ ᠲᠦᠬᠦᠷᠢᠭ  ᠪᠠ 8 ᠲᠦᠮᠠᠨ ᠲᠦᠬᠦᠷᠢᠭ ᠪᠤᠯᠭᠠᠪᠠ᠃ ᠲᠤᠤᠷ᠎ᠠ ᠤᠷᠤᠯᠭᠠᠳᠠᠳ  ᠤᠨ ᠠᠮᠢᠳᠤᠷᠠᠯ ᠢ ᠲᠡᠭᠡᠳᠤ ᠬᠡᠮᠵᠢᠶ᠎ᠡ ᠪᠠᠷ ᠠᠩᠬᠠᠷᠴᠤ᠂ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠲᠤᠷᠠᠯ  ᠤᠨ ᠪᠠᠳᠤᠯᠠᠭ᠎ᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ ᠬᠦᠮᠦᠨ ᠪᠦᠷᠢ  ᠰᠠᠷ᠎ᠠ ᠶᠢᠨ ᠲᠤᠰᠪᠤᠷᠢ 400 ᠲᠦᠬᠦᠷᠢᠭ ᠪᠠ 280 ᠲᠦᠬᠦᠷᠢᠭ ᠪᠤᠯᠭᠠᠵᠤ᠂ ᠲᠠᠪᠤᠨ ᠪᠠᠳᠤᠯᠠᠭᠠᠳᠤ ᠡᠷᠦᠭᠡ ᠪᠠ ᠦᠨᠦᠴᠢᠨ ᠬᠡᠤᠭᠡᠳ  ᠢ  ᠲᠦᠪᠯᠡᠷᠡᠬᠦᠯᠦᠨ ᠠᠰᠠᠷᠠᠨ ᠲᠡᠵᠢᠬᠡᠬᠦ ᠪᠠᠷᠢᠮᠵᠢᠶ᠎ᠠ ᠶᠢ  ᠲᠡᠭᠡᠭᠰᠢᠯᠡᠬᠦᠯᠦᠨ ᠲᠤᠰᠪᠤᠷᠢ ᠬᠦᠮᠦᠨ ᠪᠦᠷᠢ ᠵᠢᠯ ᠎ ᠤᠨ 6000 ᠲᠦᠬᠦᠷᠢᠭ ᠪᠠ 12000 ᠲᠦᠬᠦᠷᠢᠭ ᠪᠤᠯᠭᠠᠪᠠ᠃ ᠶᠠᠳᠠᠭᠤ ᠶᠢ ᠲᠡᠳᠬᠦᠨ ᠬᠦᠴᠢᠷᠳᠡᠯ  ᠢ ᠲᠤᠰᠠᠯᠠᠬᠤ ᠬᠦᠴᠦᠯᠡᠴᠨ ᠪᠠᠨ ᠨᠡᠮᠡᠭᠳᠡᠬᠦᠯᠵᠤ᠂ ᠬᠦᠴᠢᠷᠳᠡᠯ ᠲᠠᠢ ᠤᠯᠠᠨ ᠲᠦᠮᠠᠨ  ᠤ ᠦᠨᠳᠦᠰᠦᠨ ᠠᠮᠢᠳᠤᠷᠠᠯ  ᠢ ᠪᠦᠳᠦᠮᠵᠢᠳᠠᠢ ᠪᠠᠷ ᠪᠠᠳᠤᠯᠠᠵᠠᠢ᠃ ᠪᠠᠳᠤᠯᠠᠭ᠎ᠠ ᠶᠢᠨ ᠴᠢᠨᠠᠷᠳᠠᠢ ᠤᠷᠤᠨ ᠰᠠᠭᠠᠤᠴᠠ ᠶᠢᠨ ᠪᠠᠷᠢᠯᠭ᠎ᠠ ᠎ ᠶᠢ ᠦᠷᠭᠡᠨ ᠭᠡᠪᠴᠢᠶ᠎ᠡ ᠪᠠᠷ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢ ᠨᠠᠶᠢᠳᠠ 682 ᠲᠦᠮᠠᠨ ᠲᠡᠭᠰᠢ ᠲᠦᠷᠪᠠᠯᠵᠢᠨ ᠮᠧᠲᠷ ᠪᠠᠶᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠬᠦᠮᠦᠨ ᠲᠤᠮᠳᠠᠴᠢ ᠤᠷᠤᠨ ᠰᠠᠭᠤᠴᠠ ᠶᠢᠨ ᠲᠠᠯᠠᠪᠠᠢ ᠲᠤᠰᠪᠤᠷᠢ 38.3 ᠲᠡᠭᠰᠢ ᠲᠦᠷᠪᠠᠯᠵᠢᠨ ᠮᠧᠲᠷ ᠪᠠ 33 ᠲᠡᠭᠰᠢ ᠲᠦᠷᠪᠡᠯᠵᠢᠨ ᠮᠧᠲᠷ ᠲᠤ ᠬᠦᠷᠪᠠ᠃      ᠲᠠᠪᠤᠨ ᠵᠢᠯ  ᠤᠨ ᠲᠤᠷᠰᠢ᠂ ᠪᠢᠳᠠ ᠤᠶᠤᠨ ᠰᠠᠨᠠᠭᠠᠨ  ᠤ ᠪᠤᠯᠪᠠᠰᠤᠨ ᠪᠠ ᠠᠷᠠᠳᠴᠢᠯᠠᠯ ᠬᠠᠤᠯᠢ ᠲᠦᠷᠢᠮ  ᠤᠨ ᠪᠠᠶᠢᠭᠤᠯᠤᠯᠳᠠ ᠶᠢ ᠬᠦᠨᠵᠡᠭᠡᠢ ᠠᠬᠢᠭᠤᠯᠵᠤ ᠂ ᠨᠡᠶᠢᠭᠡᠮ  ᠤᠨ ᠬᠠᠮᠢᠶᠠᠷᠤᠯᠳᠠ ᠶᠢᠨ ᠰᠢᠨ᠎ᠠ ᠶᠢ ᠡᠬᠦᠳᠴᠦ᠂ ︽ᠢᠯᠠ ᠲᠤᠳᠤ︾ ᠵᠠᠰᠠᠭ  ᠤᠨ ᠤᠷᠳᠤᠨ  ᠢ ᠴᠢᠷᠮᠠᠶᠢᠨ ᠪᠠᠶᠢᠭᠤᠯᠪᠠ᠃ ᠪᠦᠬᠦ ᠤᠯᠤᠰ  ᠤᠨ ᠪᠤᠯᠪᠠᠰᠤᠨ ᠬᠤᠳᠠ ᠶᠢ ᠡᠬᠦᠳᠤᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠦᠨᠳᠦᠰᠦᠳᠠᠨ  ᠤ ᠰᠤᠶᠤᠯ  ᠤᠨ ᠪᠠᠶᠢᠭᠤᠯᠤᠯᠳᠠ᠂ ᠬᠤᠳᠠ ᠶᠢᠨ ᠲᠦᠷᠢ ᠲᠦᠷᠬᠦ ᠶᠢ ᠱᠤᠭᠤᠬᠤ᠂ ᠬᠤᠳᠠ ᠶᠢᠨ ᠠᠷᠠᠳ  ᠤᠨ ᠬᠡᠪ ᠴᠢᠨᠠᠷ  ᠢ ᠲᠡᠭᠡᠭᠰᠢᠯᠡᠬᠦᠯᠬᠦ      ︽ᠭᠤᠷᠪᠠᠨ ᠲᠤᠮᠤ ᠢᠨᠵᠧᠨᠧᠷᠢᠩ︾ ᠎ ᠢ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠨᠠᠶᠢᠭᠡᠮ  ᠤᠨ ᠪᠦᠬᠦᠯᠢ ᠴᠤᠭᠴᠠ ᠶᠢᠨ ᠪᠤᠯᠪᠠᠰᠤᠨ  ᠤ ᠬᠢᠷᠢ ᠲᠦᠪᠰᠢᠨ  ᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠪᠦᠬᠦ ᠤᠯᠤᠰ  ᠤᠨ ᠪᠤᠯᠪᠠᠰᠤᠨ ᠬᠤᠳᠠ ᠶᠢᠨ ᠬᠡᠮᠵᠢᠨ ᠲᠤᠭᠳᠠᠭᠠᠯᠳᠠ  ᠳᠤ ᠮᠠᠨ  ᠤ ᠬᠤᠳᠠ 10 ᠳ᠋ᠤᠭᠠᠷ ᠪᠠᠶᠢᠷᠢᠨ  ᠳᠤ ᠵᠢᠬᠰᠠᠭᠠᠬᠳᠠᠪᠠ᠃ ᠪᠦᠬᠦ ᠤᠷᠤᠨ  ᠤ ᠬᠤᠶᠠᠷ ᠪᠤᠯᠪᠠᠰᠤᠨ  ᠤ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ᠂ ᠠᠷᠪᠠᠨ ᠨᠢᠭᠡᠳᠤᠭᠡᠷ ᠬᠤᠭᠤᠴᠠᠭᠠᠨ  ᠤ ᠠᠽᠢᠶ᠎ᠠ ᠲᠢᠪ ᠤᠨ ᠤᠷᠠᠯᠢᠭ  ᠤᠨ ᠴᠤᠭᠯᠠᠭᠠᠨ ᠪᠠ ᠠᠩᠬᠠᠳᠤᠭᠠᠷ ᠬᠤᠭᠤᠴᠠᠭᠠᠨ  ᠤ ᠤᠷᠳᠤᠰ  ᠤᠨ ᠤᠯᠠᠨ ᠤᠯᠤᠰ ᠤᠨ ᠨᠠᠭᠠᠳᠤᠮ  ᠤᠨ ᠬᠤᠷᠠᠯ ᠵᠡᠷᠭᠡ ᠠᠯᠢ ᠤᠯᠠᠨ ᠴᠢᠬᠤᠯᠠ ᠠᠵᠢᠯᠯᠠᠭ᠎ᠠ ᠶᠢ ᠠᠮᠵᠢᠯᠳᠠ ᠲᠠᠢ ᠪᠠᠷ ᠡᠷᠬᠢᠯᠡᠨ ᠶᠠᠪᠤᠭᠳᠠᠭᠤᠯᠵᠤ᠂ ᠤᠷᠳᠤᠰ ᠤᠨ ᠠᠯᠳᠠᠷᠰᠢᠯ ᠪᠠ ᠨᠦᠯᠦᠭᠡᠯᠡᠯ  ᠤᠨ ᠬᠦᠴᠦᠨ  ᠢ ᠦᠷᠭᠡᠳᠭᠡᠵᠠᠢ᠃ ᠦᠨᠳᠦᠰᠦᠨ ᠱᠠᠳᠤᠨ ᠤ ᠠᠷᠠᠳᠴᠢᠯᠠᠯ  ᠤᠨ ᠪᠠᠶᠢᠭᠤᠯᠤᠯᠳᠠ ᠶᠢ ᠬᠦᠨᠵᠡᠭᠡᠢ ᠠᠬᠢᠭᠤᠯᠵᠤ᠂ ︽ᠲᠠᠪᠤᠳᠤᠭᠠᠷ ᠲᠠᠪᠤ︾᠎ ᠶᠢᠨ ᠬᠠᠤᠯᠢ ᠶᠢ ᠲᠦᠭᠡᠮᠠᠯᠵᠢᠬᠦᠯᠬᠦ ᠬᠦᠮᠦᠵᠢᠯ  ᠢ ᠪᠦᠬᠦ ᠲᠠᠯ ᠪᠠᠷ ᠪᠠᠶᠠᠯᠡᠬᠦᠯᠪᠠ᠃ ᠦᠨᠳᠦᠰᠦᠳᠠᠨ ᠱᠠᠰᠢᠨ ᠰᠤᠷᠳᠠᠬᠤᠨ  ᠤ ᠠᠵᠢᠯ ᠴᠢᠨᠠᠭᠰᠢᠳᠠ ᠴᠢᠩᠭᠠᠳᠬᠠᠭᠳᠠᠪᠠ᠃ ᠤᠯᠤᠰ  ᠤᠨ ᠪᠠᠳᠤᠯᠠᠨ ᠬᠠᠮᠠᠭᠠᠯᠠᠯᠳᠠ ᠶᠢᠨ ᠨᠦᠭᠡᠴᠨ ᠬᠦᠴᠦᠨ  ᠤ ᠪᠠᠶᠢᠭᠤᠯᠤᠯᠳᠠ ᠪᠠ ︽ᠬᠤᠶᠠᠷ  ᠢ ᠬᠦᠷᠢᠶᠠᠯᠠᠬᠦ  ︾ ᠠᠵᠢᠯ  ᠤᠨ ᠲᠠᠯ᠎ᠠ ᠪᠠᠷ ᠰᠢᠨ᠎ᠠ ᠦᠷ᠎ᠠ ᠪᠦᠳᠤᠮᠵᠢ ᠤᠯᠵᠤ᠂ ᠪᠦᠬᠦ ᠤᠯᠤᠰ  ᠤᠨ ᠬᠤᠶᠠᠷ  ᠢ ᠬᠦᠷᠢᠶᠡᠯᠡᠬᠦ ᠵᠢᠱᠢᠶᠡᠴᠢ ᠬᠤᠳᠠ ᠶᠢᠨ ᠡᠩᠨᠡᠭᠡᠨ ᠳᠤ ᠤᠷᠤᠪᠠ᠃ ︽ᠠᠮᠤᠭᠤᠯᠠᠩ ᠤᠷᠳᠤᠰ︾ ᠎ ᠤᠨ ᠪᠠᠶᠢᠭᠤᠯᠤᠯᠳᠠ ᠶᠢ ᠶᠡᠭᠡᠪᠡᠷ ᠠᠬᠢᠭᠤᠯᠵᠤ᠂ ᠡᠯ᠎ᠠ ᠲᠦᠷᠦᠯ  ᠤᠨ ᠨᠠᠶᠢᠭᠡᠮ  ᠤᠨ ᠵᠦᠷᠢᠴᠡᠯ ᠮᠦᠷᠬᠦᠯᠳᠤᠭᠡᠨ  ᠢ ᠪᠦᠳᠦᠮᠵᠢᠳᠠᠢ ᠪᠠᠷ ᠰᠢᠢᠳᠪᠦᠷᠢᠯᠠᠵᠤ᠂ ᠠᠶᠤᠯᠬᠦᠢ ᠦᠢᠯᠡᠳᠪᠦᠷᠢᠯᠠᠯ  ᠤᠨ ᠪᠠᠶᠢᠳᠠᠯ ᠮᠡᠳᠡᠭᠳᠡᠮ᠎ᠠ ᠰᠠᠶᠢᠵᠢᠷᠠᠪᠠ᠃ ᠮᠠᠨ  ᠤ ᠬᠤᠳᠠ ᠲᠠᠷᠠᠭᠠᠯᠠᠨ ᠭᠤᠷᠪᠠᠨ ᠵᠢᠯ ︽ᠪᠦᠬᠦ ᠤᠯᠤᠰ  ᠤᠨ ᠬᠠᠮᠤᠭ ᠠᠮᠤᠷ ᠲᠦᠪᠰᠢᠨ ᠬᠤᠳᠠ︾᠎ ᠪᠠᠷ ᠦᠨᠡᠯᠡᠭᠳᠡᠵᠤ᠂ ᠪᠦᠬᠦ ᠤᠯᠤᠰ  ᠤᠨ ᠨᠠᠶᠢᠭᠡᠮ  ᠤᠨ ᠬᠠᠮᠢᠶᠠᠷᠤᠯᠳᠠ ᠶᠢᠨ ᠰᠢᠨ᠎ᠠ ᠶᠢ ᠡᠬᠦᠳᠦᠭᠰᠡᠨ ᠶᠡᠷᠦᠩᠭᠡᠶᠢᠯᠡᠭᠰᠡᠨ ᠲᠤᠷᠰᠢᠯᠳᠠ ᠶᠢᠨ ᠴᠡᠭ  ᠤᠨ ᠬᠤᠳᠠ ᠶᠢᠨ ᠨᠢᠭᠡ ᠪᠤᠯᠪᠠ᠃ ᠪᠦᠬᠦ ᠬᠤᠳᠠ ᠶᠢᠨ ᠬᠡᠪᠴᠢᠶᠠᠨ  ᠳᠤ ᠠᠵᠤ ᠠᠬᠤᠢ ᠴᠡᠴᠡᠭᠯᠡᠨ ᠬᠦᠭᠵᠢᠵᠤ᠂ ᠨᠠᠶᠢᠭᠡᠮ ᠡᠶ᠎ᠡ ᠵᠤᠬᠢᠴᠠᠯ ᠲᠠᠢ ᠠᠮᠤᠷ ᠲᠤᠭᠳᠠᠭᠤᠨ ᠰᠠᠶᠢᠨ ᠰᠠᠶᠢᠬᠠᠨ ᠪᠠᠶᠢᠳᠠᠯ ᠢᠯᠡᠷᠡᠪᠠ᠃      ᠬᠠᠤᠯᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠠᠷᠠᠳ  ᠤᠨ ᠲᠦᠯᠦᠭᠡᠯᠡᠭᠴᠢᠳ  ᠤᠨ ᠶᠡᠭᠡ ᠬᠤᠷᠠᠯ ᠵᠢᠴᠢ ᠪᠠᠶᠢᠡᠭᠭᠤ ᠶᠢᠨ ᠬᠤᠷᠢᠶ᠎ᠠ ᠶᠢᠨ ᠰᠢᠢᠳᠪᠦᠷᠢ᠂ ᠲᠤᠭᠳᠠᠭᠠᠯ  ᠢ ᠨᠠᠷᠢᠨ ᠬᠢᠨᠠᠮᠠᠭᠠᠢ ᠬᠦᠢᠴᠡᠳᠭᠡᠵᠤ᠂ ᠠᠷᠠᠳ  ᠤᠨ ᠲᠦᠯᠦᠭᠡᠯᠡᠭᠴᠢᠳ  ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠪᠠ ᠨᠡᠶᠢᠭᠡᠮ  ᠤᠨ ᠬᠢᠨᠠᠯᠳᠠ ᠲᠠᠯᠪᠢᠯᠳᠠ ᠶᠢ ᠤᠬᠠᠮᠰᠠᠷ ᠠᠴᠠ ᠪᠠᠨ ᠬᠦᠯᠢᠶᠠᠪᠠ᠃ ᠬᠤᠳᠠ ᠶᠢᠨ ᠤᠯᠨᠨ ᠨᠠᠶᠢᠳᠠ ᠶᠢᠨ ᠶᠠᠪᠤᠳᠠᠯ  ᠤᠨ ᠬᠠᠮᠢᠶᠠᠷᠤᠯᠳᠠ ᠶᠢᠨ ᠲᠤᠪᠴᠢᠶ᠎ᠠ ᠶᠢ ᠵᠤᠬᠢᠶᠠᠨ ᠪᠠᠶᠢᠭᠤᠯᠵᠤ᠂ ᠲᠦᠪ ᠭᠤᠤᠯᠴᠢ᠂ ᠪᠤᠯᠪᠠᠰᠤᠨ  ᠢᠶᠠᠷ ᠬᠠᠤᠯᠢ ᠬᠡᠷᠡᠭᠵᠢᠬᠦᠯᠬᠦ ᠶᠢ ᠠᠬᠢᠭᠤᠯᠵᠠᠢ᠃ ᠵᠠᠰᠠᠭ ᠵᠠᠬᠢᠷᠭᠠᠨ  ᠤ ᠬᠢᠨᠠᠨ ᠵᠦᠪᠰᠢᠶᠡᠷᠡᠬᠦ ᠲᠦᠷᠢᠮ  ᠤᠨ ᠦᠭᠡᠷᠡᠴᠢᠯᠡᠯᠳᠠ ᠶᠢ ᠬᠦᠨᠵᠡᠭᠡᠶᠢᠷᠡᠬᠦᠯᠵᠤ᠂ ᠵᠠᠰᠠᠭ ᠵᠠᠬᠢᠷᠭᠠᠨ  ᠤ ᠴᠢᠨᠠᠷᠲᠠᠢ ᠬᠢᠨᠠᠨ ᠵᠦᠪᠰᠢᠶᠡᠷᠡᠬᠦ ᠪᠠ ᠰᠦᠢᠳᠭᠡᠯ ᠬᠤᠷᠢᠶᠠᠬᠤ ᠵᠦᠢᠯ  ᠢ ᠶᠡᠭᠡ ᠬᠡᠮᠵᠢᠶ᠎ᠠ ᠪᠠᠷ ᠬᠠᠰᠤᠵᠤ᠂ ᠬᠤᠳᠠ ᠶᠢᠨ ᠶᠠᠪᠤᠳᠠᠯ  ᠤᠨ ᠦᠢᠯᠡᠴᠢᠯᠡᠭᠡᠨ  ᠤ ᠲᠦᠪ  ᠢ ᠪᠠᠶᠢᠭᠤᠯᠵᠤ᠂ ᠬᠤᠳᠠ ᠬᠤᠰᠢᠭᠤ ᠰᠢᠶᠠᠩ ᠭᠤᠷᠪᠠᠨ ᠱᠠᠳᠤᠨ ᠤ ᠡᠯᠧᠲᠷᠦᠨ ᠵᠠᠰᠠᠭ ᠤᠨ ᠶᠠᠪᠤᠳᠠᠯ  ᠤᠨ ᠲᠤᠰᠬᠠᠢ ᠰᠦᠯᠵᠢᠶ᠎ᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠦᠷ᠎ᠠ ᠪᠦᠳᠤᠮᠵᠢ ᠢᠯᠡᠳᠳᠠ ᠲᠡᠭᠡᠭᠰᠢᠯᠡᠵᠠᠢ᠃ ᠴᠢᠬᠤᠯᠠ ᠰᠢᠢᠳᠪᠦᠷᠢᠳᠤ ᠪᠤᠳᠤᠯᠭ᠎ᠠ ᠲᠤᠬᠳᠠᠭᠠᠬᠤ ᠲᠡᠰ ᠲᠠᠷᠠᠭᠠᠯᠠᠯ ᠢ ᠲᠡᠬᠦᠯᠳᠡᠷᠵᠢᠬᠦᠯᠵᠤ᠂ ︽ᠢᠯᠠ ᠲᠤᠳᠤ︾ ᠵᠠᠰᠠᠭ  ᠤᠨ ᠤᠷᠳᠤᠨ ᠢ ᠪᠠᠶᠢᠭᠤᠯᠬᠤ ᠠᠯᠢ ᠤᠯᠠᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠭᠠᠷᠭᠠᠵᠤ᠂ ᠵᠠᠰᠠᠭ ᠵᠠᠬᠢᠷᠭᠠᠨ  ᠤ ᠡᠷᠭᠡ ᠶᠢᠨ ᠡᠷᠬᠢᠯᠳᠠ ᠶᠢ ᠲᠦᠷᠢᠮᠵᠢᠬᠦᠯᠵᠤ᠂ ᠵᠠᠰᠠᠭ ᠵᠠᠬᠢᠷᠭᠠᠨ  ᠤ ᠬᠠᠷᠢᠭᠤᠴᠠᠯᠭ᠎ᠠ ᠶᠢ ᠨᠡᠭᠡᠮᠵᠢᠯᠡᠬᠦ ᠲᠦᠷᠢᠮ ᠎ ᠢ ᠬᠡᠷᠡᠭᠵᠢᠬᠦᠯᠵᠤ᠂ ᠴᠢᠬᠤᠯᠠ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠳᠦᠮᠵᠢᠳᠠᠢ ᠪᠠᠷ ᠨᠠᠶᠢᠳᠠᠪᠤᠷᠢᠵᠢᠭᠤᠯᠬᠤ ᠶᠢ ᠪᠠᠳᠤᠯᠠᠵᠠᠢ᠃ ᠵᠠᠰᠠᠭ  ᠤᠨ ᠶᠠᠪᠤᠳᠠᠯ  ᠢ ᠢᠯᠠ ᠨᠡᠶᠢᠳᠡᠯᠡᠬᠦ ᠶᠢ ᠢᠳᠡᠪᠬᠢᠳᠡᠢ ᠠᠬᠢᠭᠤᠯᠵᠤ᠂ ᠬᠤᠳᠠ ᠶᠢᠨ ᠲᠠᠷᠤᠭ᠎ᠠ ᠶᠢᠨ ᠲᠤᠰᠬᠠᠢ ᠤᠳᠠᠰᠤ ᠭᠠᠷᠭᠠᠵᠤ᠂ ᠰᠤᠨᠢᠨ ᠮᠡᠳᠡᠭᠡᠨ  ᠤ ᠦᠭᠬᠦᠯᠡᠭᠴᠢ ᠎ ᠶᠢᠨ ᠲᠦᠷᠢᠮ ᠢ ᠬᠡᠷᠡᠭᠵᠢᠬᠦᠯᠪᠠ᠃ ᠤᠯᠠᠨ ᠨᠠᠶᠢᠳᠠ ᠶᠢᠨ ᠬᠡᠨᠡᠳᠳᠠ ᠶᠢᠨ ᠬᠡᠷᠡᠭ  ᠢ ᠪᠠᠴᠢᠮ ᠠᠷᠭᠠᠴᠠᠨ ᠰᠢᠢᠳᠪᠦᠷᠢᠯᠡᠬᠦ ᠲᠤᠭᠳᠠᠴᠠ ᠶᠢ ᠪᠠᠶᠢᠭᠤᠯᠵᠤ᠂ ᠠᠷᠠᠳ ᠤᠯᠠᠨ  ᠤ ᠠᠮᠢ ᠨᠠᠰᠤ ᠡᠳ᠋ ᠬᠤᠭᠰᠢᠯ  ᠤᠨ ᠠᠶᠤᠯᠬᠦᠢ ᠶᠢ ᠪᠠᠳᠤᠯᠠᠵᠠᠢ᠃ ︽ᠭᠤᠷᠪᠠᠨ ᠭᠤᠤᠯᠳᠠᠯᠭ᠎ᠠ ᠨᠢᠭᠡ ᠶᠡᠭᠡ︾  ᠲᠤᠭᠳᠠᠭᠠᠯ  ᠤᠳ  ᠢ ᠴᠢᠩᠭ᠎ᠠ ᠬᠡᠷᠡᠭᠵᠢᠬᠦᠯᠵᠤ ᠵᠠᠰᠠᠭ ᠵᠠᠬᠢᠷᠭᠠᠨ  ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠳᠠ ᠲᠠᠯᠪᠢᠬᠤ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠪᠠ ᠢᠯᠵᠠᠷᠠᠯ  ᠢ ᠡᠰᠡᠷᠬᠦᠴᠡᠬᠦ ᠠᠵᠢᠯ  ᠤᠨ ᠲᠠᠯ᠎ᠠ ᠪᠠᠷ ᠰᠢᠨ᠎ᠠ ᠦᠷ᠎ᠠ ᠪᠦᠳᠤᠮᠵᠢ ᠤᠯᠪᠠ᠃      ᠰᠠᠶ᠋ᠢᠬᠠᠨ ᠦᠡᠭᠭᠡᠷᠡᠭᠰᠡᠨ 2010 ᠤᠨ  ᠳᠤ᠂ ᠪᠤᠳᠤᠯᠢᠶᠡᠨᠳᠠᠢ ᠬᠤᠪᠢᠷᠠᠯᠳᠠ ᠤᠯᠠᠨ ᠬᠤᠷᠸ᠎ᠠ ᠪᠠᠶᠢᠳᠠᠯ  ᠤᠨ ᠡᠮᠦᠨ᠎ᠡ᠂ ᠪᠢᠳᠠ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠬᠤᠳᠠ ᠶᠢᠨ ᠪᠦᠬᠦᠯᠢ ᠴᠤᠭᠴᠠ ᠶᠢᠨ ᠬᠦᠭᠵᠢᠯᠳᠠ ᠶᠢ ᠨᠦᠯᠦᠭᠡᠯᠡᠵᠤ ᠪᠠᠶᠢᠬᠤ ᠪᠠ ᠬᠢᠵᠠᠭᠠᠷᠯᠠᠵᠤ ᠪᠠᠶᠢᠭ᠎ᠠ ᠭᠤᠤᠯᠳᠠᠯᠭ᠎ᠠ ᠲᠠᠢ᠂ ᠬᠦᠴᠢᠷᠳᠡᠯᠳᠡᠢ ᠠᠰᠠᠭᠤᠳᠠᠯ ᠎ ᠢ ᠴᠢᠷᠮᠠᠶᠢᠨ ᠰᠢᠪᠳᠤᠯᠵᠤ᠂ ᠠᠵᠤ ᠠᠬᠤᠢ ᠨᠡᠶᠢᠭᠡᠮ  ᠤᠨ ᠰᠠᠶᠢᠨ ᠮᠦᠷᠳᠡᠭᠡᠨ ᠲᠦᠷᠭᠡᠨ  ᠢᠶᠠᠷ ᠬᠦᠭᠵᠢᠬᠦ ᠬᠠᠨᠳᠤᠰᠢ ᠶᠢ ᠦᠷᠬᠦᠯᠵᠢᠯᠠᠨ  ᠪᠠᠳᠤᠯᠠᠪᠠ᠃ ᠪᠦᠬᠦ ᠬᠤᠳᠠ ᠶᠢᠨ ᠭᠠᠵᠠᠷ ᠤᠷᠤᠨ ᠤ ᠦᠢᠯᠡᠳᠪᠦᠷᠢᠯᠠᠯ  ᠤᠨ ᠶᠡᠷᠦᠩᠭᠡᠢ ᠦᠷᠳᠡᠭ 19.2%᠎  ᠎ ᠢᠶᠠᠷ ᠨᠡᠮᠡᠭᠳᠡᠵᠤ᠂ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠦᠷᠢ ᠎ ᠶᠢᠨ ᠨᠡᠮᠡᠭᠳᠡᠯ ᠦᠷᠳᠡᠭ 23.1%᠎ ᠪᠠᠷ ᠨᠡᠮᠡᠭᠳᠡᠨ᠂ ᠡᠳ᠋  ᠤᠨ ᠵᠠᠰᠠᠭ ᠤᠨ ᠶᠠᠷᠦᠩᠭᠡᠢ ᠤᠷᠤᠯᠭ᠎ᠠ 47.1% ᠨᠡᠮᠡᠭᠳᠡᠵᠤ᠂ ᠡᠬᠦᠨ ᠳᠤ ᠡᠩ  ᠤᠨ ᠲᠦᠰᠦᠪ ᠤᠨ ᠤᠷᠤᠯᠭ᠎ᠠ 47.5%᠎ ᠪᠠᠷ ᠨᠡᠮᠡᠭᠳᠡᠨ᠂ ᠪᠦᠬᠦ ᠨᠠᠶᠢᠭᠡᠮ ᠤᠨ ᠲᠤᠭᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ 21.5%᠎ ᠪᠠᠷ ᠨᠡᠮᠡᠭᠳᠡᠵᠤ᠂ ᠠᠵᠤ ᠠᠬᠤᠢ ᠶᠢᠨ ᠶᠡᠷᠦᠩᠭᠡᠶᠢᠯᠡᠭᠰᠡᠨ ᠪᠤᠳᠠᠳᠤ ᠬᠦᠴᠦᠨ ᠴᠢᠨᠠᠭᠰᠢᠳᠠ ᠲᠡᠭᠡᠭᠰᠢᠯᠡᠪᠡ᠃ ᠡᠯ᠎ᠠ ᠲᠦᠷᠦᠯ  ᠤᠨ ᠭᠤᠤᠯᠳᠠᠯᠭ᠎ᠠ ᠲᠠᠢ ᠠᠵᠢᠯ ᠰᠢᠨ᠎ᠠ ᠠᠬᠢᠯᠳᠠ ᠲᠠᠢ ᠪᠤᠯᠵᠤ᠂ ᠢᠯᠡᠩᠭᠤᠶ᠎ᠠ ᠠᠷᠠᠳ ᠤᠨ ᠠᠮᠢᠳᠤᠷᠠᠯ ᠤᠨ ᠠᠵᠢᠯ  ᠤᠨ ᠲᠠᠯ᠎ᠠ ᠪᠠᠷ ᠰᠢᠨ᠎ᠠ ᠰᠢᠪᠳᠤᠯᠤᠯᠳᠠ ᠲᠠᠢ ᠪᠤᠯᠵᠤ᠂ ᠪᠦᠬᠦ ᠬᠤᠳᠠ ᠶᠢᠨ ᠡᠳ᠋  ᠤᠨ ᠵᠠᠰᠠᠭ ᠠᠴᠠ ᠠᠷᠠᠳ  ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ  ᠳᠤ 140.3 ᠳ᠋ᠦᠡᠭᠰᠢᠭᠤᠷ ᠲᠦᠬᠦᠷᠢᠭ  ᠤᠷᠤᠭᠤᠯᠵᠤ᠂ ᠬᠤᠳᠠ ᠶᠢᠨ ᠨᠠᠮ  ᠤᠨ ᠬᠤᠷᠢᠶ᠎ᠠ᠂ ᠵᠠᠰᠠᠭ  ᠤᠨ ᠤᠷᠳᠤᠨ  ᠤ ᠵᠢᠯ  ᠤᠨ ᠡᠬᠢᠨ ᠳᠤ ᠤᠯᠨᠨ ᠲᠦᠮᠠᠨ  ᠳᠤ ᠪᠦᠳᠦᠭᠡᠬᠦ ᠪᠠᠷ ᠠᠮᠠᠯᠠᠭᠰᠠᠨ 20 ᠪᠤᠳᠠᠳᠤ ᠶᠠᠪᠤᠳᠠᠯ ᠢ ᠴᠦᠮ ᠨᠠᠶᠢᠳᠠᠪᠤᠷᠢᠵᠢᠭᠤᠯᠵᠤ᠂ ᠬᠤᠳᠠ ᠪᠠᠯᠭᠠᠰᠤ ᠎ ᠶᠢᠨ ᠰᠠᠭᠤᠭᠠᠯᠢ ᠠᠷᠠᠳ  ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ ᠪᠠ ᠮᠠᠯᠴᠢᠨ ᠲᠠᠷᠢᠶᠠᠴᠢᠳ  ᠤᠨ ᠬᠦᠮᠦᠨ ᠲᠤᠮᠳᠠᠴᠢ ᠴᠡᠪᠠᠷ ᠤᠷᠤᠯᠭ᠎ᠠ ᠲᠤᠰᠪᠤᠷᠢ 15.2%᠎  ᠪᠠ 12.2%᠎ ᠢᠶᠠᠷ ᠨᠡᠮᠡᠭᠳᠡᠪᠠ᠃ ᠨᠢᠭᠡ ᠵᠢᠯ ᠤᠨ ᠴᠢᠷᠮᠠᠶᠢᠯᠭ᠎ᠠ ᠪᠠᠷ ᠲᠠᠮᠵᠢᠨ᠂ ᠪᠢᠳᠠ ᠬᠤᠳᠠ ᠶᠢᠨ ᠬᠤᠶᠠᠳᠤᠭᠠᠷ ᠬᠤᠭᠤᠴᠠᠭᠠᠨ  ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠦᠷᠪᠡᠳᠦᠭᠡᠷ ᠤᠳᠠᠭᠠᠨ ᠤ ᠬᠤᠷᠠᠯ ᠠᠴᠠ ᠲᠤᠭᠳᠠᠭᠠᠭᠰᠠᠨ ᠡᠯ᠎ᠠ ᠲᠦᠷᠦᠯ ᠎ ᠤᠨ ᠬᠠᠷᠠᠯᠳᠠ ᠡᠬᠦᠷᠭᠡ ᠶᠢ ᠪᠦᠬᠦ ᠲᠠᠯ᠎ᠠ ᠪᠠᠷ ᠪᠠᠶᠡᠯᠡᠬᠦᠯᠵᠤ᠂ ︽ᠠᠷᠪᠠᠨ ᠨᠢᠭᠡᠳᠤᠭᠡᠷ ᠲᠠᠪᠤᠠ ᠵᠢᠯ︾ ᠎ ᠤᠨ ᠬᠤᠭᠤᠴᠠᠭ᠎ᠠ ᠶᠢ ᠲᠡᠬᠦᠰ ᠠᠮᠵᠢᠯᠳᠠ ᠲᠠᠢ ᠪᠠᠷ ᠲᠠᠭᠤᠰᠬᠠᠪᠠ᠃      ᠲᠦᠯᠦᠭᠡᠯᠡᠭᠴᠢᠳ ᠡ᠂ ᠦᠡᠭᠭᠡᠷᠡᠭᠰᠡᠨ ᠲᠠᠪᠤᠨ ᠵᠢᠯ ᠪᠤᠯ ᠮᠠᠨ  ᠤ ᠬᠤᠳᠠ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠶᠢᠨ ᠵᠢᠯᠤᠭᠤᠳᠤᠯᠭ᠎ᠠ ᠲᠤᠤᠷ᠎ᠠ ᠤᠷᠳᠤᠰ  ᠤᠨ ᠦᠭᠡᠷᠡᠴᠢᠯᠡᠯᠳᠠ ᠬᠦᠭᠵᠢᠯᠳᠠ ᠶᠢᠨ ᠰᠢᠨ᠎ᠠ ᠵᠠᠮ ᠮᠦᠷ᠂ ᠰᠢᠨ᠎ᠠ ᠵᠠᠭᠪᠤᠷ ᠢ ᠢᠳᠡᠪᠬᠢᠳᠡᠢ ᠪᠠᠷ ᠰᠦᠪᠡᠭᠴᠢᠯᠡᠭᠰᠡᠨ ᠲᠠᠪᠤᠨ ᠵᠢᠯ ᠪᠤᠯᠤᠨ᠎ᠠ᠂ ᠮᠦᠨ ᠴᠣ᠋ ᠭᠠᠵᠠᠷ ᠤᠷᠤᠨ ᠤ ᠶᠡᠷᠦᠩᠭᠡᠶᠢᠯᠡᠭᠰᠡᠨ ᠪᠤᠳᠠᠳᠤ ᠬᠦᠴᠦᠨ  ᠤ ᠲᠡᠭᠡᠭᠰᠢᠯᠡᠯᠳᠠ ᠬᠠᠮᠤᠭ ᠲᠦᠷᠭᠡᠨ᠂ ᠬᠤᠳᠠ ᠬᠦᠳᠡᠭᠡ ᠶᠢᠨ ᠦᠡᠭᠭᠡ ᠲᠦᠷᠰᠦ ᠶᠢᠨ ᠬᠤᠪᠢᠷᠠᠯᠳᠠ ᠬᠠᠮᠤᠭ ᠶᠡᠭᠡ᠂ ᠨᠠᠶᠢᠭᠡᠮ  ᠤᠨ ᠠᠵᠢᠯ ᠦᠢᠯᠡᠰ  ᠤᠨ ᠬᠦᠭᠵᠢᠯᠳᠠ ᠬᠠᠮᠤᠭ ᠰᠠᠶᠢᠨ᠂ ᠠᠷᠠᠳ ᠤᠯᠠᠨ ᠬᠠᠮᠤᠭ ᠠᠴᠠ ᠤᠯᠠᠨ ᠪᠤᠳᠠᠳᠤ ᠠᠰᠢᠭ ᠬᠦᠷᠳᠡᠭᠰᠡᠨ ᠴᠠᠭ ᠬᠤᠭᠤᠴᠠᠭ᠎ᠠ ᠪᠤᠯᠤᠨ᠎ᠠ᠃ ᠲᠠᠪᠤᠨ ᠵᠢᠯ  ᠳᠤ᠂ ᠪᠢᠳᠠ ᠲᠡᠯᠡᠭᠡᠢ ᠶᠢᠨ ᠮᠦᠡᠭᠬᠦᠨ ᠬᠦᠢᠯᠭᠡᠭᠡᠨ ᠤ ᠬᠢᠮᠤᠷᠠᠯ  ᠤᠨ ᠨᠦᠯᠦᠭᠡᠯᠡᠯ ᠪᠠ ᠲᠠᠭᠠᠷᠢᠯᠳᠠ ᠶᠢ ᠢᠳᠡᠪᠬᠢᠳᠠᠢ ᠠᠷᠠᠭᠠᠴᠠᠵᠤ᠂ ᠪᠦᠬᠦ ᠬᠦᠴᠦᠨ  ᠢᠶᠠᠷ ᠢᠶᠠᠨ ᠨᠡᠮᠡᠭᠳᠡᠯ ᠢ ᠪᠠᠳᠤᠯᠠᠨ᠂ ᠪᠦᠳᠦᠴᠨ ᠶᠢᠨ ᠲᠤᠬᠢᠷᠠᠭᠤᠯᠤᠯᠳᠠ ᠬᠢᠵᠤ᠂ ᠠᠷᠠᠳ ᠲᠤ ᠬᠠᠷᠠᠭᠠᠯᠵᠠᠯ ᠦᠵᠡᠬᠦᠯᠦᠨ᠂ ᠡᠶ᠎ᠡ ᠵᠤᠬᠢᠴᠠᠯ ᠢ ᠠᠬᠢᠭᠤᠯᠵᠤ᠂ ᠪᠤᠳᠤᠯᠢᠶᠠᠨᠳᠠᠢ ᠤᠷᠴᠢᠨ ᠲᠤᠭᠤᠷᠢᠨ ᠤ ᠲᠤᠮᠳᠠ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠶᠢ ᠠᠬᠢᠭᠤᠯᠬᠤ ᠴᠢᠳᠠᠪᠤᠷᠢ ᠪᠠᠨ ᠲᠡᠭᠡᠭᠰᠢᠯᠡᠬᠦᠯᠵᠠᠢ︔ ᠪᠢᠳᠠ ᠤᠷᠤᠭᠰᠢᠯᠠᠯᠳᠠ ᠶᠢᠨ ᠲᠤᠮᠳᠠ ᠢᠯᠡᠷᠡᠭᠰᠡᠨ ᠡᠯ᠎ᠠ ᠲᠦᠷᠦᠯ ᠤᠨ ᠬᠦᠴᠢᠷᠳᠡᠯ ᠪᠠ ᠠᠰᠠᠭᠤᠳᠠᠯ ᠢ ᠪᠦᠳᠦᠮᠵᠢᠳᠠᠢ ᠰᠢᠢᠳᠪᠦᠷᠢᠯᠠᠵᠤ᠂ ᠬᠠᠳᠤᠨ ᠭᠤᠤᠯ ᠤᠨ ᠬᠠᠰᠢᠯᠭ᠎ᠠ ᠰᠡᠳᠡᠷᠡᠭᠰᠡᠨ ᠵᠡᠷᠭᠡ ᠴᠢᠬᠤᠯᠠ ᠶᠡᠭᠡ ᠪᠠᠶᠢᠭᠠᠯᠢ ᠶᠢᠨ ᠭᠠᠮᠰᠢᠭ ᠢ ᠢᠯᠠᠨ ᠲᠠᠪᠠᠵᠤ᠂ ᠪᠤᠭᠤᠮᠳᠠ ᠰᠢᠪᠳᠤᠯᠤᠨ ᠬᠦᠴᠢᠷᠳᠡᠯ  ᠢ ᠢᠯᠠᠬᠤ ᠴᠢᠳᠠᠪᠤᠷᠢ ᠪᠠᠨ ᠲᠡᠭᠡᠭᠰᠢᠯᠡᠬᠦᠯᠵᠡᠢ︔ ᠪᠢᠳᠠ ᠰᠠᠨᠠᠭᠠᠴᠢᠯᠭ᠎ᠠ ᠠᠴᠠ ᠪᠠᠨ ᠡᠬᠦᠷᠭᠡᠯᠨᠨ᠂ ᠢᠳᠡᠪᠬᠢᠳᠡᠢ ᠠᠵᠢᠯᠯᠠᠭ᠎ᠠ ᠠᠪᠴᠣ᠂ ᠤᠯᠤᠰ  ᠤᠨ ᠡᠮᠤᠨᠡᠳᠤ ᠤᠷᠤᠨ  ᠤ ᠪᠤᠷᠤᠭᠠᠨ ᠴᠠᠰᠤ ᠮᠦᠰᠦᠳᠤᠯ ᠤᠨ ᠭᠠᠮᠰᠢᠭ ᠪᠠ ᠸᠧᠨᠴᠤᠸᠠᠨ᠂ ᠢᠤᠢ ᠱᠤ᠋ ᠶᠢᠨ ᠭᠠᠵᠠᠷ ᠬᠦᠳᠡᠯᠦᠯᠳᠠ ᠶᠢ ᠡᠰᠡᠷᠬᠦᠴᠡᠨ ᠭᠠᠮᠰᠢᠭ ᠠᠴᠠ ᠠᠪᠤᠷᠠᠬᠤ ᠠᠵᠢᠯᠯᠠᠭ᠎ᠠ ᠶᠢ ᠪᠦᠬᠦ ᠬᠦᠴᠦᠨ  ᠢᠶᠠᠷ ᠢᠶᠠᠨ ᠲᠤᠰᠠᠯᠠᠵᠤ᠂ ᠬᠢᠨᠭ᠍ᠭᠠᠨ ᠠᠶᠢᠮᠠᠭ ᠢ ᠲᠤᠰᠠᠯᠠᠬᠤ ᠠᠵᠢᠯ  ᠢ ᠯᠠᠪᠳᠠᠭᠤᠨ ᠪᠠᠳᠤᠳᠠᠢ ᠦᠷᠨᠢᠬᠦᠯᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠦᠭᠵᠢᠯᠳᠠ ᠶᠢᠨ ᠶᠡᠭᠡ  ᠲᠠᠯ᠎ᠠ ᠳᠤ ᠦᠢᠯᠡᠴᠢᠯᠡᠬᠦ  ᠎ ᠳᠤ ᠴᠢᠬᠤᠯᠠ ᠦᠢᠯᠡᠳᠤᠯ ᠦᠵᠡᠬᠦᠯᠪᠠ᠃ ᠲᠠᠪᠤᠨ ᠵᠢᠯ  ᠤᠨ ᠠᠮᠵᠢᠯᠳᠠ ᠪᠦᠳᠦᠮᠵᠢ᠂ ᠴᠢᠨᠡᠭᠡᠯᠢᠭ ᠨᠠᠶᠢᠭᠡᠮ  ᠢ ᠤᠷᠢᠳᠠᠪᠠᠷ ᠪᠦᠬᠦ ᠲᠠᠯ᠎ᠠ ᠪᠠᠷ ᠪᠠᠶᠢᠭᠤᠯᠬᠤ  ᠳᠤ ᠪᠤᠳᠠᠳᠠᠢ ᠰᠢᠢᠳᠪᠦᠷᠢᠯᠡᠭᠴᠢ ᠠᠴᠢ ᠬᠤᠯᠪᠤᠭᠳᠠᠯ ᠎ ᠲᠠᠢ ᠰᠠᠭᠤᠷᠢ ᠲᠠᠯᠪᠢᠵᠤ᠂ ᠤᠷᠳᠤᠰ ᠢ ᠲᠠᠬᠢᠨ ᠰᠢᠨ᠎ᠠ ᠨᠢᠭᠡᠨ ᠲᠡᠤᠭᠡᠨ ᠡᠬᠢᠯᠡᠯᠳᠠ ᠶᠢᠨ ᠴᠡᠭ ᠲᠡᠭᠡᠷ᠎ᠠ ᠵᠤᠭᠰᠤᠭᠠᠭᠰᠠᠨ ᠪᠠᠶᠢᠨ᠎ᠠ᠃ ᠡᠨᠠ ᠪᠤᠯ ᠬᠤᠳᠠ ᠶᠢᠨ ᠨᠠᠮ ᠤᠨ ᠬᠤᠷᠢᠶ᠎ᠠ ᠪᠦᠬᠦ ᠲᠠᠯ᠎ᠠ ᠶᠢ ᠬᠠᠮᠤᠷᠴᠤ᠂ ᠵᠦᠪ ᠤᠳᠤᠷᠢᠳᠤᠭᠰᠠᠨ ᠤ ᠦᠷ᠎ᠠ ᠳ᠋ᠦᠡᠭ ᠪᠤᠯᠤᠨ᠎ᠠ᠂ ᠮᠦᠨ ᠴᠤ ᠬᠤᠳᠠ ᠶᠢᠨ ᠬᠡᠳᠤᠨ ᠶᠡᠭᠡ ᠤᠳᠤᠷᠢᠳᠬᠤ ᠪᠠᠭ ᠰᠡᠳᠬᠢᠯ ᠨᠢᠭᠡᠳᠴᠦ ᠬᠦᠴᠦ ᠬᠠᠮᠳᠤᠳᠬᠠᠵᠤ᠂ ᠪᠦᠬᠦ ᠬᠦᠴᠦᠨ ᠢᠶᠠᠷ  ᠢᠶᠠᠨ ᠬᠠᠮᠵᠢᠯᠴᠠᠭᠰᠠᠨ ᠤ ᠦᠷ᠎ᠠ ᠳ᠋ᠦᠡᠭ ᠪᠤᠯᠤᠨ᠎ᠠ᠂ ᠨᠠᠩ ᠴᠤ ᠪᠦᠬᠦ ᠬᠤᠳᠠ ᠶᠢᠨ ᠦᠷᠭᠡᠨ ᠤᠯᠠᠨ ᠺᠠᠳ᠋ᠷ ᠤᠯᠠᠨ ᠲᠦᠮᠠᠨ ᠪᠦᠯᠬᠦᠮᠳᠠᠨ ᠨᠢᠭᠡᠳᠴᠤ᠂ ᠨᠡᠭᠡᠭᠡᠯᠳᠠ ᠲᠠᠢ ᠪᠠᠷ ᠤᠷᠤᠭᠰᠢᠯᠠᠭᠰᠠᠨ  ᠤ ᠦᠷ᠎ᠠ ᠳ᠋ᠦᠡᠭ ᠪᠤᠯᠬᠤ ᠶᠤᠮ᠃ ᠡᠬᠦᠨ  ᠤ ᠲᠤᠯᠠᠳᠠ᠂ ᠪᠢ ᠬᠤᠳᠠ ᠶᠢᠨ ᠠᠷᠠᠳ  ᠤᠨ ᠵᠠᠰᠠᠭ ᠤᠨ ᠤᠷᠳᠤᠨ  ᠢ ᠲᠦᠯᠦᠭᠡᠯᠡᠨ᠂ ᠲᠦᠯᠦᠭᠡᠯᠡᠭᠴᠢᠳ ᠪᠠ ᠪᠦᠬᠦ ᠬᠤᠳᠠ ᠶᠢᠨ ᠦᠨᠳᠤᠰᠦᠳᠠᠨ ᠨᠦᠭᠦᠳ ᠤᠨ ᠠᠷᠠᠳ ᠲᠦᠮᠠᠨ᠂ ᠤᠷᠳᠤᠰ  ᠤᠨ ᠬᠦᠭᠵᠢᠯᠳᠠ ᠶᠢ ᠬᠠᠯᠠᠮᠵᠢᠯᠠᠨ ᠲᠡᠮᠵᠢᠭᠰᠡᠨ ᠨᠡᠶᠢᠭᠡᠮ  ᠤᠨ ᠡᠯ᠎ᠠ ᠡᠳᠡᠭᠡᠳ  ᠤᠨ ᠬᠢᠨ  ᠳᠤ ᠴᠢᠩ ᠰᠡᠳᠬᠢᠯ  ᠤᠨ ᠲᠠᠯᠠᠷᠬᠠᠯ ᠪᠠ ᠡᠷᠬᠢᠮ ᠲᠡᠭᠡᠳᠤ ᠬᠦᠨᠳᠤᠳᠭᠡᠯ ᠢᠶᠠᠨ ᠲᠡᠪᠰᠢᠬᠦᠯᠦᠶ᠎ᠠ︕      ᠲᠠᠪᠤᠨ ᠵᠢᠯ  ᠤᠨ ᠪᠤᠳᠠᠳᠤ ᠦᠢᠯᠡᠳᠦᠯᠭᠡ᠂ ᠪᠢᠳᠠᠨ  ᠤ ᠬᠤᠳᠠ ᠶᠢᠨ ᠪᠠᠶᠢᠳᠠᠯ ᠪᠠ ᠠᠵᠤ ᠠᠬᠤᠢ ᠨᠡᠶᠢᠭᠡᠮ  ᠤᠨ ᠬᠦᠭᠵᠢᠯᠳᠠ ᠶᠢᠨ ᠵᠢᠮ᠎ᠠ ᠬᠠᠤᠯᠢ ᠶᠢᠨ ᠲᠤᠬᠠᠢ ᠲᠠᠨᠢᠯᠳᠠ ᠶᠢ ᠴᠢᠨᠠᠭᠰᠢᠳᠠ ᠬᠦᠨᠵᠡᠭᠡᠶᠢᠷᠡᠬᠦᠯᠵᠤ᠂ ᠮᠠᠨ ᠤ ᠬᠤᠳᠠ ᠶᠢᠨ ᠰᠢᠨ᠎ᠠ ᠨᠢᠭᠡᠨ ᠡᠭᠡᠯᠵᠢ ᠶᠢᠨ ᠲᠤᠮᠤ ᠬᠦᠭᠵᠢᠯᠳᠠ᠂ ᠲᠤᠮᠤ ᠴᠡᠴᠡᠭᠯᠡᠯᠳᠠ  ᠳᠤ ᠬᠤᠪᠤᠷ ᠨᠠᠨᠳᠢᠨ ᠲᠤᠷᠰᠢᠯᠭ᠎ᠠ ᠬᠤᠷᠠᠮᠳᠤᠭᠤᠯᠪᠠ᠃ ᠲᠠᠷᠤᠢ᠄ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠶᠢ ᠡᠷᠬᠡᠪᠰᠢ ᠠᠵᠢᠯ  ᠢᠶᠠᠨ ᠠᠬᠢᠭᠤᠯᠬᠤ ᠠᠵᠢᠯᠯᠭᠠᠨ  ᠤ ᠵᠦᠭᠯᠡᠬᠦᠷ᠂ ᠬᠦᠴᠢᠷ ᠪᠡᠷᠭᠡᠰᠢᠶᠠᠯ  ᠢ ᠢᠯᠠᠨ ᠲᠠᠪᠠᠵᠤ ᠢᠯᠠᠯᠳᠠ ᠤᠯᠬᠤ ᠦᠨᠳᠦᠰᠦᠨ ᠠᠷᠭ᠎ᠠ ᠪᠠ ᠠᠷᠠᠳ ᠲᠦᠮᠠᠨ  ᠳᠤ ᠪᠤᠶᠠᠨ ᠦᠢᠯᠡᠳᠬᠦ ᠦᠷᠳᠡᠭ  ᠤᠨ ᠬᠦᠭᠡᠭᠡᠴᠡᠯᠳᠤᠯ ᠪᠤᠯᠭᠠᠵᠤ᠂ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠪᠠᠷ ᠠᠰᠠᠭᠤᠳᠠᠯ  ᠢ ᠪᠤᠳᠤᠯᠬᠢᠯᠠᠵᠤ᠂ ᠰᠢᠢᠳᠪᠤᠷᠢᠳᠤ ᠪᠤᠳᠤᠯᠭ᠎ᠠ ᠲᠤᠭᠳᠠᠭᠠᠨ᠂ ᠬᠡᠷᠡᠭ ᠡᠷᠬᠢᠯᠡᠬᠦ ᠶᠢ ᠪᠠᠷᠢᠮᠳᠠᠯᠠᠵᠤ᠂ ᠬᠦᠭᠵᠢᠯᠳᠠ ᠶᠢ ᠠᠳᠬᠤᠬᠤ ᠶᠢᠨ ᠬᠠᠮᠳᠤ ᠠᠮᠤᠷ ᠲᠤᠭᠳᠠᠭᠤᠨ  ᠢ ᠠᠳᠬᠤᠵᠤ᠂ ᠠᠵᠢᠯ  ᠢᠶᠠᠨ ᠪᠦᠳᠦᠭᠡᠯᠴᠢ ᠎ ᠪᠠᠷ ᠦᠷᠨᠢᠬᠦᠯᠦᠨ᠎ᠠ︔ ᠬᠦᠭᠵᠢᠯᠳᠠ ᠨᠢ ᠪᠠᠰᠠ ᠬᠦᠴᠦᠨ ᠲᠡᠬᠦᠯᠳᠡᠷ ᠪᠤᠰᠤ ᠪᠠᠶᠢᠬᠤ ᠬᠤᠳᠠ ᠶᠢᠨ ᠦᠨᠳᠦᠰᠦᠨ ᠪᠠᠶᠢᠳᠠᠯ ᠠᠴᠠ ᠡᠬᠦᠰᠴᠦ᠂ ᠬᠦᠭᠵᠢᠬᠦᠯᠬᠦ ᠪᠤᠯ ᠲᠠᠷᠢᠬᠦᠨ ᠴᠢᠬᠤᠯᠠ ᠡᠬᠦᠷᠭᠡ ᠪᠤᠯᠬᠤ ᠶᠢ ᠭᠤᠶᠢᠪᠢᠰᠢ ᠦᠭᠡᠢ ᠠᠳᠬᠤᠵᠤ᠂ ᠠᠵᠤ ᠠᠬᠤᠢ ᠶᠢᠨ ᠪᠤᠳᠠᠳᠤ ᠬᠦᠴᠦᠨ  ᠢᠶᠠᠨ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠬᠦᠭᠵᠢᠯᠳᠠ ᠶᠢᠨ ᠬᠡᠯᠪᠡᠷᠢ ᠶᠢ ᠲᠦᠷᠭᠡᠨ  ᠢᠶᠠᠷ ᠬᠤᠪᠢᠷᠠᠭᠤᠯᠵᠤ᠂ ᠬᠦᠭᠵᠢᠭᠰᠡᠨ ᠭᠠᠵᠠᠷ ᠤᠷᠤᠨ  ᠤ ᠬᠤᠭᠤᠷᠤᠨᠳᠤᠬᠢ ᠵᠦᠷᠢᠶ᠎ᠠ ᠪᠠᠨ ᠴᠢᠨᠠᠭᠰᠢᠳᠠ ᠪᠠᠭᠠᠰᠬᠠᠨ᠎ᠠ︔ ᠪᠦᠬᠦ ᠤᠯᠤᠰ  ᠤᠨ ᠬᠦᠭᠵᠢᠯᠳᠠ ᠶᠢᠨ ᠶᠡᠭᠡ ᠪᠠᠶᠢᠳᠠᠯ  ᠤᠨ ᠲᠤᠮᠳᠠ ᠤᠷᠳᠤᠰ  ᠢᠶᠠᠨ ᠬᠦᠭᠵᠢᠬᠦᠯᠬᠦ ᠠᠷᠭ᠎ᠠ ᠰᠦᠪᠡᠭᠴᠢᠯᠡᠬᠦ ᠤᠨᠤᠯᠵᠢᠭᠤᠨ  ᠢ ᠡᠷᠭᠡᠪᠰᠢ ᠪᠠᠳᠤ ᠪᠤᠢ ᠪᠤᠯᠭᠠᠵᠤ᠂ ᠤᠯᠤᠰ  ᠤᠨ ᠲᠦᠷᠦ ᠶᠢᠨ ᠪᠤᠳᠤᠯᠭ᠎ᠠ᠂ ᠵᠠᠬ᠎ᠠ ᠲᠡᠯᠭᠡᠬᠦᠷ  ᠤᠨ ᠬᠡᠷᠡᠭᠴᠡᠭᠡ ᠪᠠ ᠭᠠᠵᠠᠷ ᠤᠷᠤᠨ  ᠤ ᠲᠠᠪᠠᠭᠤᠯᠢᠭ  ᠢ ᠬᠠᠷᠢᠯᠴᠠᠨ ᠤᠶᠠᠯᠳᠤᠭᠤᠯᠵᠤ᠂ ᠡᠯ᠎ᠠ ᠲᠦᠷᠦᠯ  ᠤᠨ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ  ᠢ ᠡᠵᠡᠮᠳᠠᠵᠤ᠂ ᠬᠦᠭᠵᠢᠯᠳᠠ ᠶᠢᠨ ᠰᠠᠨᠠᠭᠠᠴᠢᠯᠭᠠᠳᠤ ᠡᠷᠭᠡ ᠶᠢ ᠲᠠᠰᠤᠷᠠᠯᠳᠠ ᠦᠭᠡᠢ ᠤᠯᠤᠨ᠎ᠠ︔ ᠦᠵᠡᠯ ᠰᠠᠨᠠᠭ᠎ᠠ ᠪᠠᠨ ᠴᠢᠯᠤᠭᠡᠯᠡᠬᠦ᠂ ᠦᠭᠡᠷᠡᠴᠢᠯᠡᠯᠳᠠ ᠬᠢᠵᠤ ᠴᠢᠯᠦᠭᠡᠳᠡᠢ ᠶᠠᠪᠤᠯᠴᠠᠬᠤ ᠶᠢ ᠡᠷᠭᠡᠪᠰᠢ ᠪᠠᠷᠢᠮᠳᠠᠯᠠᠵᠤ᠂ ᠪᠠᠶᠢᠭᠤᠯᠤᠮᠵᠢ ᠶᠢᠨ ᠲᠤᠭᠳᠠᠴᠠ ᠶᠢᠨ ᠬᠠᠷᠰᠢᠯᠠᠯ  ᠢ ᠲᠠᠰᠤᠷᠠᠯᠳᠠ ᠦᠭᠡᠢ ᠡᠪᠳᠡᠵᠤ᠂ ᠲᠤᠳᠤᠭᠠᠳᠤ ᠬᠦᠴᠦᠨ  ᠢᠶᠠᠨ ᠠᠮᠢᠳᠤᠯᠢᠭᠵᠢᠭᠤᠯᠬᠤ ᠶᠢ ᠭᠠᠳᠠᠭᠠᠳᠤ ᠬᠦᠴᠦᠨ  ᠢ ᠵᠢᠭᠡᠯᠡᠬᠦ ᠲᠠᠢ ᠤᠶᠠᠯᠳᠤᠭᠤᠯᠵᠤ᠂ ᠠᠵᠤ ᠠᠬᠤᠢ ᠨᠠᠶᠢᠭᠡᠮ  ᠤᠨ ᠬᠦᠭᠵᠢᠯᠳᠠ  ᠳᠤ ᠬᠦᠴᠦᠷᠭᠡᠭ ᠶᠡᠭᠡ ᠬᠦᠳᠡᠯᠭᠡᠭᠴᠢ ᠬᠦᠴᠦᠨ  ᠤ ᠲᠤᠯᠭᠠᠭᠤᠷᠢ ᠬᠠᠨᠭ᠍ᠭᠠᠨ᠎ᠠ︔ ᠲᠦᠷᠦᠯ ᠵᠦᠢᠯ  ᠢ ᠴᠢᠬᠤᠯᠠᠴᠢᠯᠠᠨ ᠠᠳᠬᠤᠬᠤ ᠶᠢ ᠡᠷᠭᠡᠪᠰᠢ ᠢᠮᠠᠭᠳᠠ ᠪᠠᠷᠢᠮᠳᠠᠯᠠᠵᠤ᠂ ᠡᠯ᠎ᠠ ᠬᠦᠷᠢᠶ᠎ᠠ ᠬᠡᠪᠴᠢᠶ᠎ᠠ᠂ ᠡᠯ᠎ᠠ ᠲᠠᠯ᠎ᠠ ᠶᠢᠨ ᠴᠢᠬᠤᠯᠠ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢ ᠨᠢᠭᠡᠳᠤᠯᠳᠠᠢ ᠲᠦᠯᠦᠪᠵᠢᠬᠦᠯᠦᠨ ᠠᠬᠢᠭᠤᠯᠵᠤ᠂ ᠲᠦᠷᠦᠯ ᠵᠦᠢᠯ ᠢᠶᠠᠷ ᠲᠠᠪᠠᠭᠤᠯᠢᠭ ᠢᠶᠠᠨ ᠲᠡᠭᠡᠭᠰᠢᠯᠡᠬᠦᠯᠵᠤ᠂ ᠪᠤᠳᠠᠳᠤ ᠬᠦᠴᠦᠨ  ᠢᠶᠠᠨ ᠨᠡᠮᠡᠭᠳᠡᠬᠦᠯᠦᠨ᠂ ᠵᠤᠬᠢᠴᠠᠯᠳᠤᠭᠤᠯᠤᠨ ᠬᠦᠭᠵᠢᠬᠦᠯᠬᠦ ᠶᠢ ᠠᠬᠢᠭᠤᠯᠤᠨ᠎ᠠ︔ ᠠᠷᠠᠳ  ᠤᠨ ᠲᠦᠯᠦᠭᠡ ᠲᠦᠷᠦ ᠪᠠᠷᠢᠵᠤ᠂ ᠠᠷᠠᠳ  ᠢ ᠤᠷᠢᠳᠠᠪᠠᠷ ᠪᠠᠶᠠᠵᠢᠭᠤᠯᠬᠤ ᠶᠢ ᠡᠷᠭᠡᠪᠰᠢ ᠪᠠᠷᠢᠮᠳᠠᠯᠠᠵᠤ᠂ ᠠᠵᠤ ᠠᠬᠤᠢ ᠶᠢ ᠬᠦᠭᠵᠢᠬᠦᠯᠬᠦ ᠪᠠ ᠠᠷᠠᠳ ᠲᠦᠮᠠᠨ  ᠳᠤ ᠪᠤᠶᠠᠨ ᠦᠢᠯᠡᠳᠬᠦ ᠶᠢ ᠨᠢᠭᠡᠳᠦᠬᠦᠯᠵᠤ᠂ ᠠᠷᠠᠳ ᠤᠯᠠᠨ  ᠤ ᠬᠠᠮᠤᠭ ᠠᠴᠠ ᠬᠠᠯᠠᠮᠵᠢᠯᠠᠵᠤ ᠂ ᠬᠠᠮᠤᠭ  ᠤᠨ ᠰᠢᠭᠤᠳ᠂ ᠬᠠᠮᠤᠭ ᠪᠤᠳᠠᠳᠠᠢ ᠠᠰᠢᠭ ᠲᠤᠰᠠ ᠶᠢᠨ ᠠᠰᠠᠭᠤᠳᠠᠯ  ᠢ ᠦᠨᠡᠨᠬᠦ ᠰᠠᠶᠢᠳᠤᠷ ᠰᠢᠢᠳᠪᠤᠷᠢᠯᠠᠵᠤ᠂ ᠬᠦᠭᠵᠢᠯᠳᠠ ᠶᠢᠨ ᠦᠷ᠎ᠠ ᠪᠦᠳᠦᠭᠡᠯ  ᠢ ᠬᠠᠮᠤᠭ ᠶᠡᠭᠡ ᠬᠢᠵᠠᠭᠠᠷ ᠲᠤᠳᠤᠷ᠎ᠠ ᠠᠷᠠᠳ ᠤᠯᠠᠨ  ᠳᠤ ᠡᠳ᠋ᠯᠡᠬᠦᠯᠦᠨ᠎ᠠ᠃      ᠬᠡᠳᠦᠶᠢᠪᠠᠷ ᠤᠶᠢᠷ᠎ᠠ ᠶᠢᠨ ᠬᠡᠳᠤᠨ ᠵᠢᠯ ᠮᠠᠨ  ᠤ ᠬᠤᠳᠠ ᠠᠵᠤ ᠠᠬᠤᠢ ᠨᠡᠶᠢᠭᠡᠮ  ᠤᠨ ᠬᠦᠭᠵᠢᠯᠳᠠ ᠶᠢᠨ ᠲᠠᠯ᠎ᠠ ᠪᠠᠷ ᠪᠠᠶᠠᠷᠯᠠᠭᠤᠰᠢᠳᠠᠢ ᠠᠮᠵᠢᠯᠳᠠ ᠪᠦᠳᠦᠮᠵᠢ ᠤᠯᠤᠭᠰᠠᠨ ᠴᠤ  ᠬᠦᠭᠵᠢᠯᠳᠠ ᠨᠢ ᠬᠦᠴᠦᠨ ᠲᠡᠬᠦᠯᠳᠠᠷ ᠪᠤᠰᠤ ᠪᠠᠶᠢᠭ᠎ᠠ ᠬᠤᠳᠠ ᠶᠢᠨ ᠦᠨᠳᠦᠰᠦᠨ ᠪᠠᠶᠢᠳᠠᠯ  ᠳᠤ ᠦᠨᠳᠦᠰᠦᠨ ᠬᠤᠪᠢᠷᠠᠯᠳᠠ ᠭᠠᠷᠤᠭᠰᠠᠨ ᠦᠭᠡᠢ᠂ ᠬᠦᠭᠵᠢᠭᠰᠡᠨ ᠭᠠᠵᠠᠷ ᠤᠷᠤᠨ ᠪᠠ ᠲᠦᠪ  ᠤᠨ ᠬᠦᠭᠵᠢᠯᠳᠠ ᠶᠢᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠭᠡᠬᠦ ᠰᠢᠨ᠎ᠠ ᠱᠠᠭᠠᠷᠳᠠᠯᠭ᠎ᠠ ᠲᠠᠢ ᠬᠠᠷᠢᠴᠠᠭᠤᠯᠪᠠᠯ ᠮᠠᠨ ᠤ ᠬᠤᠳᠠ ᠶᠢᠨ ᠠᠵᠤ ᠠᠬᠤᠢ ᠨᠡᠶᠢᠭᠡᠮ  ᠤᠨ ᠬᠦᠭᠵᠢᠯᠳᠠ ᠶᠢᠨ ᠬᠠᠳᠠᠭᠤ ᠵᠦᠭᠡᠯᠡᠨ ᠨᠦᠬᠦᠴᠡᠯ᠂ ᠬᠦᠭᠵᠢᠯᠳᠠ ᠶᠢᠨ ᠲᠠᠰ ᠲᠠᠪᠬᠤᠷᠭ᠎ᠠ ᠪᠠ ᠬᠢᠷᠢ ᠲᠦᠪᠰᠢᠨ᠂ ᠬᠦᠭᠵᠢᠯᠳᠠ ᠶᠢᠨ ᠬᠡᠯᠪᠡᠷᠢ ᠨᠢ ᠪᠠᠰᠠ ᠨᠡᠯᠢᠶᠠᠳ ᠵᠦᠷᠢᠶ᠎ᠠ ᠲᠠᠢ ᠪᠠᠶᠢᠬᠤ ᠮᠦᠷᠳᠡᠭᠡᠨ ᠬᠦᠷᠦᠯᠴᠡᠬᠦ ᠦᠭᠡᠢ ᠪᠠᠶᠢᠬᠤ ᠶᠢ ᠪᠢᠳᠠ ᠰᠡᠷᠭᠡᠭ  ᠢᠶᠠᠷ ᠲᠠᠨᠢᠬᠤ ᠬᠡᠷᠡᠭᠳᠡᠢ᠂ ᠭᠤᠤᠯᠳᠠᠭᠤ᠄ ᠠᠵᠤ ᠠᠬᠤᠢ ᠶᠢᠨ ᠨᠡᠮᠡᠭᠳᠡᠯ ᠨᠢ ᠭᠤᠤᠯᠳᠠᠭᠤ ᠪᠠᠯᠠ ᠤᠷᠤᠭᠤᠯᠤᠯᠳᠠ ᠪᠠᠷ ᠲᠠᠳᠠᠯᠳᠠ  ᠬᠢᠬᠦ  ᠳᠤ ᠲᠦᠰᠢᠭᠯᠡᠵᠤ᠂ ᠬᠡᠷᠡᠭᠯᠡᠭᠡ᠂ ᠪᠠᠯᠠ ᠤᠷᠤᠭᠤᠯᠬᠤ᠂ ᠭᠠᠳᠠᠭᠠᠳᠤ  ᠳᠤ ᠭᠠᠷᠭᠠᠬᠤ ᠶᠢ ᠵᠤᠬᠢᠴᠠᠯᠳᠤᠭᠤᠯᠤᠭᠰᠠᠨ ᠲᠠᠳᠠᠯᠳᠠ ᠬᠢᠬᠦ ᠪᠠᠶᠢᠳᠠᠯ  ᠢ ᠪᠦᠷᠢᠯᠳᠤᠬᠦᠯᠦᠭᠰᠡᠨ ᠦᠭᠡᠢ︔ ᠠᠵᠤ ᠦᠢᠯᠡᠳᠪᠦᠷᠢ ᠮᠦᠨ ᠯᠠ ᠰᠠᠭᠤᠷᠢ ᠲᠠᠯᠪᠢᠬᠤ᠂ ᠶᠡᠷᠦᠩᠭᠡᠢ ᠬᠡᠮᠵᠢᠶ᠎ᠠ ᠶᠢ ᠦᠷᠭᠡᠳᠭᠡᠬᠦ ᠱᠠᠳᠤᠨ  ᠳᠤ ᠤᠷᠤᠰᠢᠵᠤ᠂ ᠠᠵᠤ ᠦᠢᠯᠡᠰ ᠤᠨ ᠬᠡᠯᠬᠢᠶᠡᠵᠢᠯ ᠨᠢ ᠤᠬᠤᠷ᠂ ᠪᠦᠳᠦᠴᠠ ᠨᠢ ᠲᠡᠩ ᠴᠤᠯᠭᠤᠢ᠂ ᠦᠢᠯᠡᠴᠢᠯᠡᠭᠡᠨ ᠤ ᠦᠢᠯᠡᠰ ᠤᠨ ᠬᠦᠭᠵᠢᠯᠳᠠ ᠨᠢ ᠠᠵᠤ ᠦᠢᠯᠡᠳᠪᠦᠷᠢᠵᠢᠯᠳᠠ ᠪᠠ ᠬᠤᠳᠠ ᠪᠠᠯᠭᠠᠰᠤᠵᠢᠯᠳᠠ ᠠᠴᠠ ᠬᠤᠴᠤᠷᠤᠭᠳᠠᠩᠭᠤᠢ ᠪᠠᠶᠢᠵᠤ᠂ ᠨᠢᠬᠡᠳᠦᠬᠡᠷ᠂ ᠬᠤᠶᠠᠳᠣᠭᠠᠷ᠂ ᠭᠤᠷᠪᠠᠳᠤᠭᠠᠷ ᠠᠵᠤ ᠦᠢᠯᠡᠰ ᠤᠨ ᠬᠠᠮᠳᠤᠪᠠᠷ ᠲᠠᠶᠢᠴᠢᠯᠠᠬᠤ ᠪᠠᠶᠢᠳᠠᠯ ᠢ ᠪᠦᠷᠢᠯᠳᠤᠬᠦᠯᠦᠭᠰᠡᠨ ᠦᠭᠡᠢ︔ ᠡᠬᠢ ᠪᠠᠶᠠᠯᠢᠭ ᠤᠨ ᠬᠦᠴᠦᠨ ᠵᠦᠢᠯ  ᠤᠨ ᠤᠷᠤᠭᠤᠯᠤᠯᠳᠠ ᠬᠡᠳᠤ ᠶᠡᠭᠡ ᠪᠠᠶᠢᠵᠤ᠂ ᠡᠷᠳᠡᠮ ᠰᠢᠨᠵᠢᠯᠡᠭᠡᠨ ᠤ ᠰᠠᠭᠤᠷᠢ ᠪᠠᠭᠤᠷᠡᠢ᠂ ᠦᠨᠳᠦᠷ ᠲᠠᠪᠬᠤᠷᠭ᠎ᠠ ᠶᠢᠨ ᠴᠢᠳᠠᠪᠤᠷᠢᠳᠠᠨ ᠲᠤᠳᠠᠮᠠᠭ᠂ ᠪᠠᠶ᠎ᠠ ᠎ ᠪᠠᠨ ᠲᠠᠭᠠᠭᠠᠨ ᠰᠢᠨ᠎ᠠ ᠶᠢ ᠡᠬᠦᠳᠬᠦ ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠮᠦᠨ ᠯᠠ ᠲᠤᠪᠤᠶᠢᠮ᠎ᠠ ᠪᠠᠶᠢᠵᠤ᠂ ᠰᠢᠨᠵᠢᠯᠡᠬᠦ ᠤᠬᠭᠠᠨ ᠮᠡᠷᠭᠡᠵᠢᠯ᠂ ᠴᠢᠳᠠᠪᠤᠷᠢᠳᠠᠨ᠂ ᠬᠠᠮᠢᠶᠠᠷᠤᠯᠳᠠ ᠵᠡᠷᠭᠡ ᠦᠵᠦᠬᠦᠷ ᠲᠡᠰ ᠤᠨ ᠬᠦᠴᠦᠨ ᠵᠦᠢᠯ  ᠢᠶᠠᠷ ᠲᠤᠯᠭᠠᠭᠤᠷᠢᠯᠠᠭᠤᠯᠤᠭᠰᠠᠨ ᠬᠦᠭᠵᠢᠯᠳᠠ ᠶᠢᠨ ᠪᠠᠶᠢᠳᠠᠯ ᠢ ᠪᠦᠷᠢᠯᠳᠤᠬᠦᠯᠦᠭᠰᠡᠨ ᠦᠭᠡᠢ︔ ᠪᠦᠳᠦᠯᠢᠭ  ᠬᠦᠭᠵᠢᠯᠳᠠ ᠶᠢᠨ ᠬᠡᠯᠪᠡᠷᠢ ᠶᠢ ᠦᠨᠳᠦᠰᠦᠨ ᠠᠴᠠ ᠨᠢ ᠬᠤᠪᠢᠷᠠᠭᠤᠯᠤᠭᠠᠳᠤᠢ᠂ ᠡᠨᠧᠷᠬᠢ ᠠᠷᠪᠢᠯᠠᠬᠤ ᠪᠠ ᠤᠷᠴᠢᠨ ᠲᠤᠭᠤᠷᠢᠨ ᠤ ᠪᠠᠭᠳᠠᠭᠠᠮᠵᠢ ᠶᠢᠨ ᠬᠦᠢᠴᠡᠳᠭᠡᠬᠦ ᠲᠤᠭ᠎ᠠ ᠶᠢᠨ ᠬᠢᠵᠠᠭᠠᠷᠯᠠᠯ ᠨᠡᠮᠡᠭᠳᠡᠵᠤ᠂ ᠢᠯᠠᠩᠭᠤᠶ᠎ᠠ ᠤᠰᠤᠨ ᠤ ᠡᠬᠢ ᠪᠠᠶᠠᠯᠢᠭ  ᠤᠨ ᠲᠤᠯᠭᠠᠭᠤᠷᠢᠯᠠᠯ ᠨᠢ ᠬᠦᠷᠦᠯᠴᠡᠬᠦ ᠦᠭᠡᠢ ᠪᠠᠶᠢᠵᠤ᠂ ᠡᠬᠢ ᠪᠠᠶᠠᠯᠢᠭ ᠤᠷᠴᠢᠨ ᠲᠤᠭᠤᠷᠢᠨ ᠵᠤᠬᠢᠴᠠᠯᠳᠤᠨ ᠬᠦᠭᠵᠢᠭᠰᠡᠨ ᠪᠠᠶᠢᠳᠠᠯ  ᠢ ᠬᠠᠷᠠᠬᠠᠨ ᠪᠦᠷᠢᠯᠳᠤᠬᠦᠯᠦᠭᠡᠳᠦᠢ ᠪᠠᠶᠢᠨ᠎ᠠ︔ ᠬᠤᠳᠠ ᠬᠦᠳᠡᠭᠡ ᠶᠢᠨ ᠬᠤᠭᠤᠷᠤᠨᠳᠤ᠂ ᠠᠵᠢᠯ ᠲᠦᠷᠦᠯ  ᠤᠨ ᠬᠤᠭᠤᠷᠤᠨᠳᠤ ᠤᠷᠤᠯᠭ᠎ᠠ ᠶᠢᠨ ᠵᠦᠷᠢᠶ᠎ᠠ ᠨᠡᠯᠢᠶᠡᠳ ᠶᠡᠭᠡ  ᠂ ᠪᠠᠷᠠᠭᠠᠨ ᠦᠨ᠎ᠠ ᠶᠢᠨ ᠪᠦᠬᠦᠯᠢ ᠴᠤᠭᠴᠠ ᠶᠢᠨ ᠬᠡᠷᠢ ᠲᠦᠪᠰᠢᠨ ᠨᠡᠯᠢᠶᠡᠳ ᠦᠨᠳᠤᠷ ᠪᠠᠶᠢᠵᠤ᠂ ᠭᠡᠰᠡᠭ ᠤᠯᠠᠨ ᠲᠦᠮᠠᠨ ᠤ ᠠᠮᠢᠳᠤᠷᠠᠯ ᠪᠠᠰᠠ ᠨᠡᠯᠢᠶᠠᠳ ᠬᠦᠴᠢᠷᠳᠡᠯ ᠲᠠᠢ ᠪᠠᠶᠢᠵᠤ᠂ ᠰᠠᠭᠤᠭᠠᠯᠢ ᠠᠷᠠᠳ  ᠤᠨ ᠤᠷᠤᠯᠭ᠎ᠠ ᠶᠢ ᠠᠵᠤ ᠠᠬᠤᠢ ᠲᠠᠢ ᠵᠤᠬᠢᠴᠠᠯᠳᠤᠭᠤᠯᠤᠨ ᠨᠡᠮᠡᠭᠳᠡᠬᠦᠯᠬᠦ ᠪᠠᠶᠢᠳᠠᠯ  ᠢ ᠪᠦᠷᠢᠯᠳᠤᠬᠦᠯᠦᠭᠰᠡᠨ ᠦᠭᠡᠢ ᠪᠠᠶᠢᠨ᠎ᠠ᠃ ᠪᠢᠳᠠ ᠡᠷᠭᠡᠪᠰᠢ ᠲᠡᠤᠭᠡᠨ ᠡᠬᠦᠷᠭᠡ ᠬᠠᠷᠢᠭᠤᠴᠠᠯᠭ᠎ᠠ ᠶᠢ ᠡᠬᠦᠷᠭᠡᠯᠡᠵᠤ᠂ ᠲᠡᠤᠭᠡᠨ ᠠᠵᠠ ᠲᠤᠬᠢᠶᠠᠯ ᠢ ᠡᠵᠡᠮᠳᠠᠨ᠂ ᠬᠦᠭᠵᠢᠯᠳᠠ ᠶᠢᠨ ᠬᠡᠯᠪᠡᠷᠢ ᠪᠠᠨ ᠲᠦᠷᠭᠡᠨ  ᠢᠶᠠᠷ ᠬᠤᠪᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ ᠵᠠᠮ ᠮᠦᠷ  ᠢᠶᠠᠷ ᠨᠠᠩ ᠰᠠᠨᠠᠭᠠᠴᠢᠯᠠᠭ᠎ᠠ ᠠᠴᠠ ᠪᠠᠨ ᠵᠠᠮᠨᠠᠵᠤ᠂ ᠨᠠᠩ ᠰᠠᠶᠢᠨ ᠮᠦᠷᠳᠡᠭᠡᠨ ᠲᠦᠷᠭᠡᠨ ᠬᠦᠭᠵᠢᠯᠳᠠ ᠶᠢᠨ ᠰᠢᠨ᠎ᠠ ᠪᠠᠶᠢᠳᠠᠯ  ᠢ ᠲᠠᠰᠤᠷᠠᠯᠳᠠ ᠦᠭᠡᠢ ᠡᠬᠦᠳᠦᠶ᠎ᠠ᠃          ᠬᠤᠶᠠᠷ᠂ ︽ᠠᠷᠪᠠᠨ ᠬᠤᠶᠠᠳᠤᠭᠠᠷ ᠲᠠᠪᠤᠨ ᠵᠢᠯ︾ ᠎ ᠤᠨ                   ᠬᠤᠭᠤᠴᠠᠭ᠎ᠠ ᠶᠢᠨ ᠭᠤᠤᠯ ᠡᠬᠦᠷᠭᠡ      ︽ᠠᠷᠪᠠᠨ ᠬᠤᠶᠠᠳᠤᠭᠠᠷ ᠲᠠᠪᠤᠨ ᠵᠢᠯ︾ ᠎ ᠤᠨ ᠬᠤᠭᠤᠴᠠᠭ᠎ᠠ ᠪᠤᠯ ᠮᠠᠨ  ᠤ ᠬᠤᠳᠠ ᠠᠷᠠᠳ ᠢᠶᠠᠨ ᠪᠠᠶᠠᠵᠢᠭᠤᠯᠤᠨ ᠬᠤᠳᠠ ᠪᠠᠨ ᠬᠦᠴᠦᠷᠭᠡᠭᠵᠢᠬᠦᠯᠬᠦ ᠠᠬᠢᠴᠨ ᠶᠢ ᠲᠦᠷᠭᠡᠨ  ᠢᠶᠠᠷ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠤᠯᠤᠨ᠎ᠠ᠂ ᠮᠦᠨ ᠴᠤ ᠦᠭᠡᠷᠡᠴᠢᠯᠡᠯᠳᠠ ᠬᠢᠵᠤ ᠴᠢᠯᠦᠭᠡᠳᠠᠢ ᠶᠠᠪᠤᠯᠴᠠᠬᠤ ᠶᠢ ᠬᠦᠨᠵᠡᠭᠡᠶᠢᠷᠡᠬᠦᠯᠵᠤ᠂ ᠠᠵᠤ ᠠᠬᠤᠢ ᠶᠢᠨ ᠬᠦᠭᠵᠢᠯᠳᠠ ᠶᠢᠨ ᠬᠡᠯᠪᠡᠷᠢ ᠶᠢ ᠲᠦᠷᠭᠡᠨ  ᠢᠶᠠᠷ ᠬᠤᠪᠢᠷᠠᠭᠤᠯᠬᠤ ᠪᠤᠭᠤᠮᠳᠠ ᠲᠠᠭᠠᠷᠢᠬᠤ ᠬᠤᠭᠤᠴᠠᠭ᠎ᠠ ᠪᠤᠯᠤᠨ᠎ᠠ᠃ ᠬᠤᠳᠠ ᠶᠢᠨ ᠨᠠᠮ  ᠤᠨ ᠬᠤᠷᠢᠶ᠎ᠠ ᠶᠢᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠤᠳᠠᠭᠠᠨ  ᠤ ᠪᠦᠬᠦ ᠬᠡᠰᠢᠬᠦᠳ  ᠤᠨ ᠬᠤᠷᠠᠯ  ᠤᠨ ᠵᠤᠷᠢᠭ ᠰᠠᠨᠠᠭ᠎ᠠ ᠪᠠ ᠬᠤᠳᠠ ᠶᠢᠨ ᠨᠠᠮ  ᠤᠨ ᠬᠤᠷᠢᠶ᠎ᠠ ᠶᠢᠨ ︽ᠤᠯᠤᠰ ᠠᠷᠠᠳ  ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠠ ᠎ ᠶᠢᠨ ᠠᠷᠪᠠᠨ ᠬᠤᠶᠠᠳᠤᠭᠠᠷ ᠲᠠᠪᠤᠨ ᠵᠢᠯ  ᠤᠨ ᠲᠦᠯᠦᠪᠵᠢᠬᠦᠯᠭᠡ ᠶᠢ ᠲᠤᠭᠳᠠᠭᠠᠬᠤ ᠲᠤᠬᠠᠢ ᠰᠠᠨᠠᠭᠤᠯᠭ᠎ᠠ︾᠎ ᠶᠢ ᠦᠨᠳᠦᠰᠦᠯᠠᠨ᠂ ︽ᠠᠷᠪᠠᠨ ᠬᠤᠶᠠᠳᠤᠭᠠᠷ ᠲᠠᠪᠤᠨ ᠵᠢᠯ︾ ᠎ ᠤᠨ ᠬᠤᠭᠤᠴᠠᠭ᠎ᠠ ᠶᠢᠨ ᠵᠠᠰᠠᠭ  ᠤᠨ ᠤᠷᠳᠤᠨ  ᠤ ᠠᠵᠢᠯ  ᠤᠨ ᠶᠡᠷᠦᠩᠭᠡᠢ ᠰᠡᠳᠬᠢᠴᠠ ᠪᠤᠯ᠄ ᠳ᠋ᠸᠡᠭ ᠰᠢᠶᠤᠤ ᠫᠢᠡᠭ  ᠤᠨ ᠤᠨᠤᠯ ᠪᠠ ︽ᠭᠤᠷᠪᠠ ᠶᠢ ᠲᠦᠯᠦᠭᠡᠯᠡᠬᠦ︾ ᠴᠢᠬᠤᠯᠠ ᠦᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠦᠭᠵᠢᠯᠳᠠ ᠶᠢᠨ ᠬᠡᠯᠪᠡᠷᠢ ᠶᠢ ᠲᠦᠷᠭᠡᠨ  ᠢᠶᠠᠷ ᠬᠤᠪᠢᠷᠠᠭᠤᠯᠬᠤ ᠪᠠᠷ ᠭᠤᠤᠯ ᠱᠤᠭᠤᠮ ᠪᠤᠯᠭᠠᠨ᠂ ᠠᠷᠠᠳ  ᠢᠶᠠᠨ ᠪᠠᠶᠠᠵᠢᠭᠤᠯᠤᠨ ᠬᠤᠳᠠ ᠪᠠᠨ ᠬᠦᠴᠦᠷᠭᠡᠭᠵᠢᠬᠦᠯᠬᠦ ᠪᠠᠷ ᠭᠤᠤᠯ ᠵᠤᠷᠢᠯᠳᠠ ᠪᠤᠯᠭᠠᠵᠤ᠂ ︽ᠪᠦᠳᠦᠴᠨ ᠶᠢ ᠬᠤᠪᠢᠷᠠᠭᠤᠯᠤᠨ᠂ ᠰᠢᠨ᠎ᠠ ᠶᠢ ᠡᠬᠦᠳᠤᠨ ᠬᠤᠳᠠ ᠪᠠᠨ ᠬᠦᠴᠦᠷᠭᠡᠭᠵᠢᠬᠦᠯᠬᠦ︾᠂ ︽ᠬᠤᠳᠠ ᠬᠦᠳᠡᠭᠡ ᠶᠢ ᠨᠢᠭᠡᠳᠤᠯᠳᠠᠢ ᠲᠦᠯᠦᠪᠵᠢᠬᠦᠯᠵᠤ᠂ ᠡᠷᠴᠢᠮᠵᠢᠬᠦᠯᠦᠨ ᠬᠦᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠤ᠂ ᠠᠵᠤ ᠦᠢᠯᠡᠳᠪᠦᠷᠢᠵᠢᠯᠳᠠ᠂ ᠬᠤᠳᠠ ᠪᠠᠯᠭᠠᠰᠤᠵᠢᠯᠳᠠ᠂ ᠴᠢᠮᠡᠭᠡ ᠵᠠᠩᠬᠢᠴᠢᠯᠠᠯᠳᠠ᠂ ᠵᠠᠬ᠎ᠠ ᠲᠡᠯᠭᠡᠬᠦᠷᠵᠢᠯᠳᠠ᠂ ᠲᠡᠯᠡᠭᠡᠶᠢᠵᠢᠯᠳᠠ ᠶᠢᠨ ᠠᠬᠢᠴᠠ ᠶᠢ ᠲᠦᠷᠭᠡᠳᠭᠡᠨ᠂ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ  ᠤᠨ ᠪᠦᠳᠦᠭᠡᠨ ᠪᠠᠶᠢᠭᠤᠯᠤᠯᠳᠠ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠵᠤᠬᠢᠴᠠᠯᠳᠤᠭᠤᠯᠤᠨ ᠠᠬᠢᠭᠤᠯᠵᠤ᠂ ᠭᠠᠵᠠᠷ ᠤᠷᠤᠨ  ᠤ ᠠᠵᠤ ᠠᠬᠤᠢ ᠨᠡᠶᠢᠭᠡᠮ ᠤᠨ ᠰᠠᠶᠢᠨ ᠮᠦᠷᠳᠡᠭᠡᠨ ᠲᠦᠷᠭᠡᠨ ᠬᠦᠭᠵᠢᠯᠳᠠ ᠶᠢ ᠠᠬᠢᠭᠤᠯᠵᠤ᠂  ᠴᠢᠨᠡᠭᠡᠯᠢᠭ ᠨᠡᠶᠢᠭᠡᠮ ᠢ ᠤᠷᠢᠳᠠᠪᠠᠷ ᠪᠦᠬᠦ ᠲᠠᠯ᠎ᠠ ᠪᠠᠷ ᠪᠦᠳᠦᠭᠡᠨ ᠪᠠᠶᠢᠭᠤᠯᠤᠨ᠎ᠠ᠃     ᠭᠤᠤᠯ ᠵᠢᠱᠢᠭᠰᠡᠨ ᠬᠠᠷᠠᠯᠳᠠ ᠪᠤᠯ᠄ ᠠᠵᠤ ᠠᠬᠤᠢ ᠶᠢᠨ ᠰᠠᠶᠢᠨ ᠮᠦᠷᠳᠡᠭᠡᠨ ᠲᠦᠷᠭᠡᠨ ᠬᠦᠭᠵᠢᠯᠳᠠ ᠶᠢ ᠪᠠᠳᠤᠯᠠᠵᠤ᠂ ᠭᠠᠵᠠᠷ ᠤᠷᠤᠨ  ᠤ ᠦᠢᠯᠡᠳᠪᠤᠷᠢᠯᠠᠯ ᠎ ᠤᠨ ᠶᠡᠷᠦᠩᠭᠡᠢ ᠦᠷᠳᠡᠭ  ᠢ ᠵᠢᠯ ᠪᠦᠷᠢ ᠲᠤᠮᠳᠠᠴᠢ ᠪᠠᠷ 15%᠎ ᠠᠴᠠ ᠲᠡᠭᠡᠭᠰᠢ᠂ ᠡᠳ᠋  ᠤᠨ ᠵᠠᠰᠠᠭ  ᠤᠨ ᠤᠷᠤᠯᠭ᠎ᠠ ᠶᠢ   15 %᠎ ᠠᠴᠠ ᠲᠡᠭᠡᠭᠰᠢ ᠨᠡᠮᠡᠭᠳᠡᠬᠦᠯᠦᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠤᠷᠤᠯᠭ᠎ᠠ ᠶᠢ  ᠶᠡᠭᠡᠪᠡᠷ ᠨᠡᠮᠡᠭᠳᠡᠬᠦᠯᠵᠤ᠂ ᠵᠢᠯ ᠪᠦᠷᠢ ᠲᠤᠮᠳᠠᠴᠢ ᠪᠠᠷ 13%᠎ ᠠᠴᠠ ᠲᠡᠭᠡᠭᠰᠢ ᠨᠡᠮᠡᠭᠳᠡᠬᠦᠯᠵᠤ᠂ ᠤᠷᠤᠯᠭ᠎ᠠ ᠶᠢᠨ ᠬᠢᠷᠢ ᠲᠦᠪᠰᠢᠨ  ᠢ ᠪᠦᠬᠦ ᠤᠯᠤᠰ  ᠤᠨ ᠲᠤᠰᠬᠠᠢ ᠤᠷᠤᠨ  ᠤ ᠲᠡᠰ  ᠤᠨ ᠬᠤᠳᠠ ᠶᠢᠨ ᠲᠠᠷᠢᠬᠦᠨ ᠡᠩᠨᠡᠭᠡᠨ  ᠳᠤ ᠤᠷᠤᠭᠤᠯᠤᠨ᠎ᠠ ᠃ ᠠᠵᠤ ᠦᠢᠯᠡᠰ ᠤᠨ ᠪᠦᠳᠦᠴᠨ ᠶᠢ ᠬᠤᠪᠢᠷᠠᠭᠤᠯᠤᠨ ᠲᠡᠰᠵᠢᠬᠦᠯᠬᠦ ᠲᠠᠯ᠎ᠠ ᠪᠠᠷ ᠰᠢᠪᠳᠤᠯᠤᠯᠳᠠ ᠶᠢᠨ ᠴᠢᠨᠠᠷᠳᠠᠢ ᠠᠬᠢᠯᠳᠠ ᠲᠠᠢ ᠪᠤᠯᠵᠤ᠂ ᠤᠳᠤ ᠦᠶ᠎ᠠ ᠶᠢᠨ ᠨᠡᠬᠦᠷᠡᠰᠤ ᠬᠢᠮᠢ ᠶᠢᠨ ᠠᠵᠤ ᠦᠢᠯᠡᠳᠪᠦᠷᠢ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠤᠬᠦᠯᠵᠤ᠂ ᠨᠡᠬᠦᠷᠡᠰᠦᠨ  ᠤ ᠪᠤᠰᠤ ᠠᠵᠤ ᠦᠢᠯᠡᠰ  ᠤᠨ ᠬᠦᠷᠢᠶ᠎ᠠ ᠬᠡᠪᠴᠢᠶ᠎ᠠ ᠶᠢ ᠴᠢᠨᠠᠭᠰᠢᠳᠠ ᠪᠤᠵᠠᠭᠠᠶᠢᠷᠠᠭᠤᠯᠵᠤ᠂ ᠤᠳᠤ ᠦᠶ᠎ᠠ ᠶᠢᠨ ᠦᠢᠯᠡᠴᠢᠯᠡᠭᠡᠨ  ᠤ ᠦᠢᠯᠡᠰ ᠢ ᠴᠢᠬᠤᠯᠠ ᠲᠤᠯᠭᠠᠤᠷᠢ ᠠᠵᠤ ᠦᠢᠯᠡᠰ ᠪᠤᠯᠭᠠᠵᠤ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠲᠤ ᠡᠵᠡᠯᠡᠬᠦ ᠨᠡᠬᠦᠷᠡᠰᠦᠨ  ᠤ ᠦᠢᠯᠡᠳᠪᠦᠷᠢᠯᠠᠯ  ᠤᠨ ᠬᠠᠷᠢᠴᠠᠯ  ᠢ ᠪᠠᠭᠤᠷᠠᠭᠤᠯᠤᠨ 1/3᠎ ᠠᠴᠠ ᠲᠤᠷᠤᠭᠰᠢ ᠪᠤᠯᠭᠠᠵᠤ᠂ ᠨᠡᠬᠦᠷᠡᠰᠦᠨ  ᠤ ᠪᠤᠰᠤ ᠠᠵᠤ ᠦᠢᠯᠡᠰ ᠤᠨ GDP ᠎ ᠳᠤ ᠡᠵᠡᠯᠡᠬᠦ ᠬᠠᠷᠢᠴᠠᠯ ᠢ 70%᠎ ᠠᠴᠠ ᠲᠡᠭᠡᠭᠰᠢ ᠬᠦᠷᠭᠡᠨ᠎ᠠ᠃ ᠬᠤᠳᠠ ᠬᠦᠳᠡᠭᠡ ᠶᠢ ᠨᠢᠭᠡᠳᠤᠯᠳᠡᠢ   ᠲᠦᠯᠦᠪᠵᠢᠬᠦᠯᠦᠨ ᠶᠡᠷᠦᠩᠭᠡᠶᠢᠯᠡᠨ ᠲᠦᠬᠦᠷᠵᠢᠬᠦᠯᠬᠦ ᠦᠭᠡᠷᠡᠴᠢᠯᠡᠯᠳᠠ ᠶᠢᠨ ᠲᠤᠷᠰᠢᠯᠳᠠ ᠶᠢᠨ ᠤᠷᠤᠨ ᠢ ᠪᠠᠶᠢᠭᠤᠯᠵᠤ᠂ ᠬᠤᠲᠠ  ᠶᠢᠨ ᠭᠤᠤᠯ ᠲᠤᠭᠤᠷᠢᠭ  ᠤᠨ ᠴᠢᠳᠠᠪᠬᠢ ᠦᠢᠯᠡᠳᠦᠯ  ᠢ ᠨᠡᠩ ᠲᠡᠬᠦᠯᠳᠡᠷᠵᠢᠬᠦᠯᠵᠤ᠂ ᠮᠠᠯᠵᠢᠬᠤ ᠲᠠᠷᠢᠶᠠᠯᠠᠬᠤ ᠤᠷᠤᠨ  ᠤ ᠦᠡᠭᠭᠡ ᠲᠦᠷᠰᠦ ᠶᠢ ᠢᠯᠡᠳᠳᠠ ᠰᠠᠶᠢᠵᠢᠷᠠᠭᠤᠯᠵᠤ᠂ ᠬᠤᠳᠠ ᠬᠦᠳᠡᠭᠡ ᠎ ᠶᠢ ᠴᠤᠭᠴᠠᠵᠢᠭᠤᠯᠤᠭᠰᠠᠨ ᠤᠯᠠᠨ ᠨᠠᠶᠢᠳᠠ ᠶᠢᠨ ᠦᠢᠯᠡᠴᠢᠯᠡᠭᠡᠨ  ᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ᠎ᠠ᠃ ᠦᠷᠬᠦᠯᠵᠢᠯᠡᠭᠰᠡᠨ ᠬᠦᠭᠵᠢᠯᠳᠠ ᠶᠢᠨ ᠴᠢᠳᠠᠪᠤᠷᠢ ᠪᠠ ᠬᠢᠷᠢ ᠲᠦᠪᠰᠢᠨ ᠢ ᠴᠢᠨᠠᠭᠰᠢᠳᠠ ᠲᠡᠭᠡᠭᠰᠢᠯᠡᠬᠦᠯᠵᠤ᠂ ᠡᠨᠧᠷᠬᠢ ᠠᠷᠪᠢᠯᠠᠨ ᠪᠤᠬᠢᠷᠳᠤᠯ  ᠢ ᠪᠠᠭᠠᠰᠬᠠᠬᠤ ᠡᠯ᠎ᠠ ᠲᠦᠷᠦᠯ ᠤᠨ ᠬᠢᠵᠠᠭᠠᠷᠯᠠᠬᠤ ᠬᠦᠢᠴᠡᠳᠭᠡᠬᠦ ᠲᠤᠭ᠎ᠠ ᠶᠢ ᠦᠪᠡᠷᠳᠡᠭᠡᠨ ᠵᠠᠰᠠᠬᠤ ᠤᠷᠤᠨ  ᠤ ᠱᠠᠭᠠᠷᠳᠠᠯᠭ᠎ᠠ  ᠳᠤ ᠬᠦᠷᠭᠡᠨ᠎ᠠ᠃ ᠦᠨᠳᠦᠰᠦᠨ ᠤᠯᠠᠨ ᠨᠠᠶᠢᠳᠠ ᠶᠢᠨ ᠦᠢᠯᠡᠴᠢᠯᠡᠭᠡ ᠶᠢ ᠲᠠᠯᠠᠢ ᠲᠠᠭᠠᠤ ᠬᠦᠭᠵᠢᠭᠰᠡᠨ ᠭᠠᠵᠠᠷ ᠤᠷᠤᠨ  ᠤ ᠬᠢᠷᠢ ᠲᠦᠪᠰᠢᠨ  ᠳᠤ ᠬᠦᠷᠭᠡᠵᠤ᠂ ᠬᠤᠳᠠ ᠪᠠᠯᠭᠠᠰᠤ ᠶᠢᠨ ᠲᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 3.5%᠎ ᠶᠢᠨ ᠲᠤᠳᠤᠷ᠎ᠠ ᠬᠢᠵᠠᠭᠠᠷᠯᠠᠵᠤ᠂ ᠬᠦᠮᠦᠨ ᠠᠮᠠ ᠶᠢᠨ ᠲᠦᠷᠦᠯᠲᠡ  ᠶᠢᠨ ᠨᠤᠷᠮ᠎ᠠ ᠶᠢ 13.54‰᠎ ᠶᠢᠨ ᠲᠤᠳᠤᠷ᠎ᠠ ᠬᠢᠵᠠᠭᠠᠷᠯᠠᠨ᠎ᠠ᠃      ᠡᠳᠡᠭᠡᠷ ᠬᠠᠷᠠᠯᠳᠠ ᠪᠤᠯ ᠮᠠᠨ  ᠤ ᠬᠤᠳᠠ ᠶᠢᠨ ᠰᠢᠨ᠎ᠠ ᠴᠠᠭ ᠬᠤᠭᠤᠴᠠᠭ᠎ᠠ᠂ ᠰᠢᠨ᠎ᠠ ᠱᠠᠳᠤ ᠦᠶ᠎ᠠ  ᠳᠤ ᠲᠤᠯᠭᠠᠷᠠᠬᠤ ᠰᠢᠨ᠎ᠠ ᠡᠬᠦᠷᠭᠡ ᠪᠤᠯᠤᠨ᠎ᠠ᠂ ᠪᠦᠬᠦ ᠬᠤᠳᠠ ᠶᠢᠨ ᠠᠷᠠᠳ ᠲᠦᠮᠠᠨ  ᠤ ᠢᠷᠡᠭᠡᠳᠦᠢ ᠶᠢᠨ ᠰᠠᠶᠢᠨ ᠰᠠᠶᠢᠬᠠᠨ ᠠᠮᠢᠳᠤᠷᠠᠯ  ᠤᠨ ᠬᠦᠰᠡᠯ ᠡᠷᠡᠮᠠᠯᠵᠡᠯ ᠪᠤᠯᠤᠨ᠎ᠠ᠃ ᠪᠢᠳᠠ ᠰᠢᠨᠵᠢᠯᠡᠬᠦ ᠤᠬᠠᠭᠠᠨᠴᠢ ᠬᠦᠭᠵᠢᠯᠳᠠ ᠎ ᠶᠢᠨ ᠦᠵᠡᠯᠳᠠ ᠪᠠᠷ ᠪᠦᠬᠦ ᠲᠠᠯ᠎ᠠ ᠶᠢ  ᠶᠡᠷᠦᠩᠭᠡᠶᠢᠯᠠᠨ ᠵᠠᠬᠢᠷᠴᠤ᠂ ᠮᠠᠨ  ᠤ ᠬᠤᠳᠠ ᠶᠠᠭ ᠬᠦᠭᠵᠢᠯᠳᠠ ᠶᠢᠨ ᠪᠠᠶᠢᠳᠠᠯ ᠲᠡᠭᠡᠭᠰᠢᠯᠡᠯᠳᠠ ᠶᠢᠨ ᠬᠤᠭᠤᠴᠠᠭ᠎ᠠ᠂ ᠪᠦᠳᠦᠴᠨ ᠶᠢ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠠ ᠦᠰᠦᠷᠤᠯᠳᠠ ᠲᠠᠢ ᠬᠦᠭᠵᠢᠯᠳᠠ ᠶᠢᠨ ᠠᠵᠠ ᠲᠤᠬᠢᠶᠠᠯᠳᠤ ᠬᠤᠭᠤᠴᠠᠭ᠎ᠠ  ᠳᠤ ᠤᠷᠤᠰᠢᠵᠤ ᠪᠠᠶᠢᠭ᠎ᠠ ᠱᠠᠳᠤᠴᠢ ᠴᠢᠨᠠᠷᠳᠠᠢ ᠤᠨᠴᠠᠯᠢᠭ ᠢ ᠪᠠᠳᠤ ᠡᠵᠡᠮᠳᠠᠵᠤ᠂ ᠭᠤᠤᠯᠳᠠᠯᠭ᠎ᠠ ᠶᠢ ᠠᠳᠬᠤᠨ᠂ ᠬᠦᠴᠢᠷᠳᠡᠯ  ᠢ ᠰᠢᠪᠳᠤᠯᠵᠤ᠂ ᠲᠠᠪᠤᠨ ᠲᠠᠯ᠎ᠠ ᠶᠢᠨ ᠠᠵᠢᠯ  ᠢ ᠶᠡᠭᠡᠪᠡᠷ ᠠᠬᠢᠭᠤᠯᠤᠨ᠎ᠠ᠃      ︵ᠨᠢᠭᠡ︶ ᠠᠵᠤ ᠦᠢᠯᠡᠰ  ᠤᠨ ᠪᠦᠳᠦᠴᠠ ᠶᠢ ᠬᠤᠪᠢᠷᠠᠭᠤᠯᠤᠨ ᠲᠡᠰᠵᠢᠬᠦᠯᠬᠦ ᠶᠢ ᠲᠦᠷᠭᠡᠨ  ᠢᠶᠠᠷ ᠠᠬᠢᠭᠤᠯᠵᠤ᠂ ᠭᠠᠵᠠᠷ ᠤᠷᠤᠨ  ᠤ ᠰᠢᠨᠵᠢᠯᠡᠬᠦ ᠤᠬᠠᠭᠠᠨᠴᠢ ᠪᠠᠷ  ᠬᠦᠭᠵᠢᠬᠦ ᠰᠢᠨ᠎ᠠ ᠲᠠᠪᠠᠭᠤᠯᠢᠭ  ᠢ ᠡᠬᠦᠳᠦᠶ᠎ᠠ᠃ ︽ᠡᠷᠬᠢᠯᠳᠠᠳᠤ᠂ ᠠᠷᠢᠭᠤᠨ ᠴᠡᠪᠠᠷᠴᠢ᠂ ᠪᠤᠬᠢᠷᠳᠤᠯ ᠦᠭᠡᠢ᠂ ᠲᠤᠤᠷ᠎ᠠ ᠨᠡᠬᠦᠷᠡᠰᠦᠳᠦ᠋ᠷᠦᠭᠴᠢᠳᠤ︾ ᠬᠦᠭᠵᠢᠯᠳᠠ ᠶᠢᠨ ᠤᠨᠤᠯᠵᠢᠭᠤᠨ  ᠢ ᠪᠠᠷᠢᠮᠳᠠᠯᠠᠵᠤ᠂ ᠠᠵᠤ ᠦᠢᠯᠡᠰ ᠤᠨ ᠪᠦᠳᠦᠴᠠ  ᠳᠤ ᠶᠡᠭᠡᠪᠡᠷ ᠲᠤᠬᠢᠷᠠᠭᠤᠯᠤᠯᠳᠠ ᠬᠢᠵᠦ᠂ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ  ᠢᠶᠠᠷ ᠭᠤᠤᠯ ᠪᠤᠯᠭᠠᠭᠰᠠᠨ᠂ ᠲᠠᠷᠢᠬᠦᠨ ᠤ ᠲᠤᠨᠤᠭᠯᠠᠯ ᠦᠢᠯᠡᠳᠬᠦ ᠦᠢᠯᠡᠰ  ᠢᠶᠠᠷ ᠲᠤᠯᠭᠠᠭᠤᠷᠢ ᠪᠤᠯᠭᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠬᠡᠯᠪᠡᠷᠢ ᠶᠢᠨ ᠠᠵᠤ ᠦᠢᠯᠡᠰ  ᠢᠶᠠᠷ ᠲᠠᠭᠠᠭᠤᠯᠤᠭᠰᠠᠨ᠂ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ  ᠢᠶᠠᠷ ᠭᠤᠤᠯᠳᠠᠯᠭ᠎ᠠ ᠪᠤᠯᠭᠠᠭᠰᠠᠨ ᠤᠳᠤ ᠦᠶ᠎ᠠ ᠶᠢᠨ ᠠᠵᠤ ᠦᠢᠯᠡᠰ ᠤᠨ ᠰᠢᠰᠲ᠋ᠧᠮᠵᠢ ᠶᠢ ᠢᠳᠠᠪᠬᠢᠳᠠᠢ ᠪᠠᠶᠢᠭᠤᠯᠵᠤ᠂ ᠬᠠᠳᠤᠨ ᠭᠤᠤᠯ ᠲᠠᠭᠠᠤ ᠠᠵᠤ ᠠᠬᠤᠢ ᠶᠢᠨ ᠪᠦᠰᠠ ᠶᠢ ᠲᠦᠷᠭᠡᠨ  ᠢᠶᠠᠷ ᠪᠦᠳᠦᠭᠡᠨ ᠪᠠᠶᠢᠭᠤᠯᠵᠤ᠂ ᠭᠠᠵᠠᠷ ᠤᠷᠤᠨ  ᠤ ᠠᠵᠤ ᠦᠢᠯᠡᠰ ᠤᠨ ᠲᠦᠪᠯᠡᠷᠡᠩᠭᠦᠢ᠂ ᠡᠷᠴᠢᠮᠵᠢᠭᠰᠡᠨ᠂ ᠰᠦᠷᠦᠭᠵᠢᠭᠰᠡᠨ ᠬᠦᠭᠵᠢᠯᠳᠠ ᠶᠢ ᠠᠬᠢᠭᠤᠯᠤᠨ᠎ᠠ᠃ ᠨᠢᠭᠡ ᠳᠤ ᠲᠠᠪᠠᠭᠤᠯᠢᠭ ᠤᠨᠴᠠᠯᠢᠭᠳᠤ ᠠᠵᠤ ᠦᠢᠯᠡᠰ ᠢ ᠲᠡᠰᠵᠢᠬᠦᠯᠦᠨ ᠴᠢᠨᠠᠷ ᠢ ᠲᠡᠭᠡᠭᠰᠢᠯᠡᠬᠦᠯᠬᠦ ᠶᠢ ᠲᠦᠷᠭᠡᠳᠭᠡᠨ᠎ᠠ᠃ ᠤᠯᠤᠰ  ᠤᠨ ᠤᠳᠤᠬᠢᠴᠢᠯᠠᠭᠰᠠᠨ ᠨᠡᠬᠦᠷᠡᠰᠦᠨ ᠤ ᠲᠤᠮᠤ ᠰᠠᠭᠤᠷᠢᠨ ᠭᠠᠵᠠᠷ  ᠢ ᠪᠦᠳᠦᠭᠡᠨ ᠪᠠᠶᠢᠭᠤᠯᠬᠤ ᠶᠢᠨ ᠲᠤᠭᠤᠷᠢᠨ ᠳᠤ᠂ ᠪᠦᠬᠦ ᠬᠤᠳᠠ ᠶᠢᠨ ᠨᠡᠬᠦᠷᠡᠰᠦᠨ  ᠤ ᠠᠵᠤ ᠦᠢᠯᠡᠰ ᠲᠤ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠭᠡ ᠬᠢᠵᠤ᠂ ᠦᠢᠯᠡᠳᠪᠦᠷᠢᠯᠡᠯ  ᠤᠨ ᠴᠢᠳᠠᠪᠤᠷᠢ ᠶᠢ ᠵᠤᠬᠢᠰᠳᠠᠢ ᠪᠠᠷ ᠬᠢᠵᠠᠭᠠᠷᠯᠠᠵᠤ᠂ ᠤᠬᠢᠶᠠᠬᠤ  ᠰᠤᠩᠭᠤᠬᠤ ᠲᠤᠬᠢᠷᠠᠭᠤᠯᠬᠤ  ᠲᠡᠭᠡᠭᠡᠪᠦᠷᠢᠯᠡᠬᠦ ᠶᠢ ᠴᠤᠭᠴᠠᠵᠢᠭᠤᠯᠤᠨ ᠬᠦᠭᠵᠢᠬᠦᠯᠬᠦ ᠶᠢ ᠠᠬᠢᠭᠤᠯᠵᠤ᠂ ᠲᠤᠨᠤᠭᠯᠠᠯ  ᠤᠨ ᠤᠳᠤᠬᠢᠴᠢᠯᠠᠯᠳᠠ᠂ ᠴᠢᠮᠡᠭᠡ ᠵᠡᠩᠬᠢᠴᠢᠯᠠᠯᠳᠠ ᠪᠠ ᠦᠢᠢᠯᠡᠳᠪᠦᠷᠢᠯᠠᠯ  ᠤᠨ ᠬᠡᠪᠴᠢᠶᠠᠵᠢᠯᠳᠠ᠂ ᠡᠷᠴᠢᠮᠵᠢᠯᠳᠠ ᠶᠢ ᠲᠤᠪᠤᠶᠢᠯᠭᠠᠵᠤ᠂ ᠰᠢᠨᠵᠢᠯᠡᠬᠦ ᠤᠬᠠᠭᠠᠨ ᠮᠡᠷᠭᠡᠵᠢᠯ  ᠤᠨ ᠬᠢᠷᠢ ᠲᠦᠪᠰᠢᠨ᠂ ᠠᠶᠤᠯᠬᠦᠢ ᠶᠢᠨ ᠬᠢᠷᠢ ᠲᠦᠪᠰᠢᠨ ᠪᠠ ᠦᠢᠯᠡᠳᠪᠦᠷᠢᠯᠠᠯ  ᠤᠨ ᠶᠡᠷᠦᠩᠭᠡᠶᠢᠯᠡᠭᠰᠡᠨ ᠦᠷ᠎ᠠ ᠠᠰᠢᠭ ᠢ ᠲᠡᠭᠡᠭᠰᠢᠯᠡᠬᠦᠯᠵᠤ᠂ ᠡᠬᠢ ᠪᠠᠶᠠᠯᠢᠭ ᠤᠨ ᠠᠰᠢᠭᠯᠠᠯᠳᠠ ᠶᠢᠨ ᠨᠤᠷᠮ᠎ᠠ ᠪᠠᠷ ᠦᠨᠳᠦᠷ᠂ ᠠᠶᠤᠯᠬᠦᠢ ᠶᠢᠨ ᠪᠠᠳᠤᠯᠠᠭ᠎ᠠ ᠲᠠᠢ᠂ ᠠᠵᠤ ᠠᠬᠤᠢ ᠶᠢᠨ ᠦᠷ᠎ᠠ ᠠᠰᠢᠭ  ᠢᠶᠠᠷ ᠰᠠᠶᠢᠨ᠂ ᠤᠷᠴᠢᠨ ᠲᠤᠭᠤᠷᠢᠨ  ᠤ ᠪᠤᠬᠢᠷᠳᠤᠯ  ᠢᠶᠠᠷ ᠪᠠᠭ᠎ᠠ᠂ ᠡᠷᠡᠬᠦᠯ ᠮᠦᠷᠳᠡᠭᠡᠨ ᠦᠷᠬᠦᠯᠵᠢᠯᠠᠨ ᠬᠦᠭᠵᠢᠭᠰᠡᠨ ᠰᠢᠨ᠎ᠠ ᠬᠡᠯᠪᠡᠷᠢ ᠶᠢᠨ ᠨᠡᠬᠦᠷᠡᠰᠦᠨ  ᠤ ᠠᠵᠤ ᠦᠢᠯᠡᠳᠪᠦᠷᠢ ᠶᠢᠨ ᠰᠢᠰᠲ᠋ᠧᠮᠵᠢ ᠶᠢ ᠪᠠᠶᠢᠭᠤᠯᠤᠨ᠎ᠠ᠃ 2015 ᠤᠨ ᠪᠤᠯᠬᠤ  ᠳᠤ᠂ ᠪᠦᠬᠦ ᠬᠤᠳᠠ ᠶᠢᠨ ᠤᠷᠤᠨ ᠨᠤᠳᠤᠭ  ᠤᠨ ᠨᠡᠬᠦᠷᠡᠰᠦᠨ ᠠᠭᠤᠷᠬᠠᠢ  ᠶᠢᠨ ᠨᠡᠭᠡᠭᠡᠯᠳᠠ ᠬᠢᠬᠦ ᠭᠤᠤᠯ ᠴᠤᠭᠴᠠ ᠶᠢ 50 ᠤᠷᠴᠢᠮ ᠬᠢᠵᠠᠭᠠᠷᠯᠠᠵᠤ᠂ ᠨᠡᠬᠦᠷᠡᠰᠦᠨ  ᠤ ᠦᠢᠯᠡᠳᠪᠦᠷᠢᠯᠠᠯ  ᠤᠨ ᠴᠢᠳᠠᠪᠤᠷᠢ ᠶᠢ 5.5 ᠳ᠋ᠦᠡᠭᠰᠢᠭᠤᠷ ᠲᠤᠨ ᠤᠷᠴᠢᠮ ᠬᠢᠵᠠᠭᠠᠷᠯᠠᠨ᠂ ᠠᠰᠢᠭᠯᠠᠮᠵᠢ ᠪᠠ ᠤᠬᠢᠶᠠᠵᠤ ᠰᠤᠩᠭᠤᠬᠤ ᠨᠤᠷᠮ᠎ᠠ ᠶᠢ 75%᠎ ᠳᠤ ᠬᠦᠷᠭᠡᠨ᠎ᠠ᠃ ᠴᠠᠬᠢᠯᠭᠠᠨ ᠬᠦᠴᠦᠨ  ᠤ ᠠᠵᠤ ᠦᠢᠯᠡᠳᠪᠦᠷᠢ ᠶᠢ ᠪᠤᠬᠢᠷᠳᠤᠭᠤᠯᠤᠯ ᠦᠬᠡᠢ ᠪᠤᠯᠭᠠᠨ ᠲᠡᠰᠵᠢᠬᠦᠯᠬᠦ ᠶᠢ ᠲᠦᠷᠭᠡᠳᠭᠡᠵᠤ᠂ ᠴᠠᠬᠢᠯᠭᠠᠨ  ᠤ ᠢᠷᠡᠯᠳᠠ ᠶᠢᠨ ᠲᠤᠤᠷ ᠴᠡᠭ  ᠤᠨ ᠪᠠᠶᠢᠷᠢᠯᠠᠭᠤᠯᠤᠯᠳᠠ ᠶᠢ ᠰᠢᠯᠢᠳᠡᠭᠵᠢᠬᠦᠯᠵᠤ᠂ ᠶᠡᠭᠡ ᠪᠠᠭᠳᠠᠭᠠᠮᠵᠢ ᠲᠠᠢ᠂ ᠦᠨᠳᠤᠷ ᠪᠤᠯᠵᠤᠯᠳᠤ ᠲᠤᠭᠠᠳᠤ ᠨᠡᠬᠦᠷᠡᠰᠦ ᠰᠢᠳᠠᠯᠳᠠ ᠶᠢᠨ ᠮᠠᠰᠢᠨ ᠴᠤᠭᠴᠠᠯᠠᠪᠤᠷᠢ ᠶᠢ ᠶᠡᠭᠡᠪᠡᠷ ᠬᠦᠭᠵᠢᠬᠦᠯᠵᠦ᠂ ᠢᠯᠴᠢ ᠴᠠᠬᠢᠯᠭᠠᠨ ᠤ ᠬᠠᠮᠳᠤᠷᠠᠭᠰᠠᠨ ᠦᠢᠯᠡᠳᠪᠦᠷᠢᠯᠠᠯ  ᠢ ᠠᠬᠢᠭᠤᠯᠤᠨ᠎ᠠ᠃ ᠪᠦᠬᠦ ᠬᠤᠳᠠ ᠶᠢᠨ ᠴᠠᠬᠢᠯᠭᠠᠨ ᠬᠦᠴᠦᠨ ᠎ ᠤ ᠮᠠᠰᠢᠨ ᠴᠤᠭᠴᠠᠯᠠᠪᠤᠷᠢ ᠶᠢᠨ ᠶᠡᠷᠦᠩᠭᠡᠢ ᠪᠠᠭᠳᠠᠭᠠᠮᠵᠢ ᠶᠢ 2225 ᠲᠦᠮᠠᠨ ᠺᠢᠯᠤᠸᠠᠲ ᠬᠦᠷᠭᠡᠨ᠎ᠠ᠂ ᠡᠬᠦᠨ ᠳᠤ ᠲᠠᠬᠢᠯᠳᠠ ᠡᠨᠧᠷᠬᠢ ᠶᠢᠨ ᠴᠠᠬᠢᠯᠭᠠᠨ ᠭᠠᠷᠭᠠᠬᠤ ᠎ ᠳᠤ ᠡᠵᠡᠯᠡᠬᠦ ᠬᠠᠷᠢᠴᠠᠯ  ᠢ ᠲᠡᠭᠡᠭᠰᠢᠯᠡᠬᠦᠯᠦᠨ 10%᠎ ᠶᠢ ᠲᠠᠪᠠᠭᠤᠯᠤᠨ᠎ᠠ᠃ ᠨᠡᠬᠦᠷᠡᠰᠦᠨ ᠲᠡᠪᠬᠤᠷᠭ᠎ᠠ ᠶᠢᠨ ᠬᠡᠢ ᠪᠠ ᠪᠠᠶᠢᠭᠠᠯᠢ ᠶᠢᠨ ᠰᠢᠳᠠᠮᠠᠬᠠᠢ ᠬᠡᠢ ᠶᠢᠨ ᠠᠵᠤ ᠦᠢᠯᠡᠳᠪᠦᠷᠢ ᠶᠢ ᠶᠡᠭᠡᠪᠡᠷ ᠬᠦᠭᠵᠢᠬᠦᠯᠵᠤ᠂ ᠠᠷᠠᠳ  ᠤᠨ  ᠬᠡᠷᠡᠭᠯᠡᠬᠦ᠂ ᠠᠵᠤ ᠦᠢᠯᠡᠳᠪᠦᠷᠢ ᠶᠢᠨ ᠲᠦᠯᠠᠰᠢ᠂ ᠴᠠᠬᠢᠯᠭᠠᠨ ᠭᠠᠷᠭᠠᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠶᠡᠷᠦᠩᠭᠡᠶᠢᠯᠠᠨ ᠠᠰᠢᠭᠯᠠᠬᠤ ᠬᠦᠷᠢᠶ᠎ᠠ ᠬᠡᠪᠴᠢᠶ᠎ᠠ ᠳᠤ ᠦᠷᠭᠡᠳᠭᠡᠵᠤ᠂ ᠨᠡᠬᠦᠷᠡᠰᠦᠨ ᠲᠠᠪᠬᠤᠷᠭ᠎ᠠ ᠶᠢᠨ ᠬᠡᠢ ᠶᠢ ᠰᠤᠷᠤᠨ ᠠᠰᠢᠭᠯᠠᠬᠤ ᠴᠢᠳᠠᠪᠤᠷᠢ ᠎ ᠶᠢ ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠲᠷ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠦᠢᠯᠡᠳᠪᠦᠷᠢᠯᠠᠯ  ᠤᠨ ᠴᠢᠳᠠᠪᠤᠷᠢ ᠶᠢ 240 ᠲᠦᠮᠠᠨ ᠪᠤᠰᠤᠭ᠎ᠠ ᠲᠦᠷᠪᠠᠯᠵᠢᠨ ᠮᠧᠲᠷ ᠲᠤ ᠬᠦᠷᠭᠡᠨ᠎ᠠ᠃ ᠬᠤᠶᠠᠷ ᠲᠤ ᠤᠳᠤ ᠦᠶ᠎ᠠ ᠶᠢᠨ ᠨᠡᠬᠦᠷᠡᠰᠦ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ ᠢ ᠲᠦᠷᠭᠡᠨ  ᠢᠶᠠᠷ ᠪᠠᠶᠢᠭᠤᠯᠤᠨ᠎ᠠ᠃ ᠪᠠᠶᠢᠯᠳᠤᠬᠤ ᠪᠤᠳᠤᠯᠭ᠎ᠠ ᠶᠢᠨ ᠡᠨᠧᠷᠬᠢ᠂ ᠠᠷᠢᠭᠤᠨ ᠴᠡᠪᠡᠷᠴᠢ ᠡᠨᠧᠷᠬᠢ᠂ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ  ᠢ ᠭᠤᠤᠯ ᠲᠠᠭᠠᠷᠢᠯᠳᠠ ᠬᠢᠬᠦ ᠴᠢᠭᠯᠡᠯ ᠪᠤᠯᠭᠠᠵᠤ᠂ ᠨᠡᠬᠦᠷᠡᠰᠦ ᠪᠠᠷ ᠲᠤᠰᠤ ᠦᠢᠯᠡᠳᠪᠦᠷᠢᠯᠡᠬᠦ ᠦᠢᠯᠡᠳᠪᠦᠷᠢᠯᠠᠯ ᠤᠨ ᠬᠦᠷᠢᠶ᠎ᠠ ᠬᠡᠪᠴᠢᠶ᠎ᠠ ᠶᠢ ᠴᠢᠨᠠᠭᠰᠢᠳᠠ ᠦᠷᠭᠡᠳᠭᠡᠵᠤ᠂ ᠨᠡᠬᠦᠷᠡᠰᠦ ᠪᠠᠷ ᠪᠠᠶᠢᠭᠠᠯᠢ ᠶᠢᠨ ᠰᠢᠳᠠᠮᠠᠬᠠᠢ ᠬᠡᠢ ᠦᠢᠯᠡᠳᠪᠦᠷᠢᠯᠡᠬᠦ ᠶᠢ ᠶᠡᠭᠡᠪᠠᠷ ᠬᠦᠭᠵᠢᠬᠦᠯᠵᠤ᠂ ᠨᠡᠬᠦᠷᠡᠰᠦ ᠪᠠᠷ ᠬᠤᠶᠠᠷ ᠮᠧᠲ᠋ᠢᠯᠳᠤ ᠡᠲ᠋ᠧᠷ᠂ ᠠᠯᠺᠧᠨ᠂ ᠡᠲ᠋ᠧᠨ ᠬᠤᠶᠠᠷᠴᠢ ᠠᠯᠺᠤᠤᠯ  ᠦᠢᠯᠡᠳᠪᠦᠷᠢᠯᠡᠬᠦ ᠵᠡᠷᠭᠡ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢ  ᠢᠳᠡᠪᠬᠢᠳᠠᠢ ᠠᠬᠢᠭᠤᠯᠵᠤ᠂ ᠬᠠᠷᠢᠴᠠᠯᠠᠰᠢ ᠦᠭᠡᠢ ᠦᠷᠢᠰᠤᠯᠳᠤᠬᠦ ᠬᠦᠴᠦᠨ ᠲᠠᠢ ᠲᠤᠰᠤ᠂ ᠬᠡᠢ᠂ ᠪᠤᠷᠳᠤᠭᠤᠷ᠂ ᠡᠲ᠋ᠧᠷ ᠠᠯᠺᠧᠨ ᠵᠡᠷᠭᠡ ᠤᠳᠤ ᠦᠶ᠎ᠠ ᠶᠢᠨ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ  ᠤᠨ ᠰᠦᠷᠦᠭᠵᠢᠯ  ᠢ ᠪᠦᠷᠢᠯᠳᠤᠬᠦᠯᠦᠨ᠎ᠠ᠃ ᠪᠦᠬᠦ ᠬᠤᠳᠠ ᠶᠢᠨ ᠨᠡᠬᠦᠷᠡᠰᠦ ᠪᠠᠷ ᠲᠤᠰᠤ ᠦᠢᠯᠡᠳᠪᠦᠷᠢᠯᠡᠬᠦ ᠦᠢᠯᠡᠳᠪᠦᠷᠢᠯᠠᠯ ᠤᠨ ᠬᠦᠷᠢᠶ᠎ᠠ ᠬᠡᠪᠴᠢᠶ᠎ᠠ ᠶᠢ 500 ᠲᠦᠮᠠᠨ ᠲᠤᠨ᠂ ᠨᠡᠬᠦᠷᠡᠰᠦ ᠪᠠᠷ ᠬᠡᠢ ᠦᠢᠯᠡᠳᠪᠦᠷᠢᠯᠡᠬᠦ ᠬᠦᠷᠢᠶ᠎ᠠ ᠬᠡᠪᠴᠢᠶ᠎ᠠ ᠶᠢ 100 ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠲᠷ ᠲᠤ ᠬᠦᠷᠭᠡᠨ᠎ᠠ᠃ ᠭᠤᠷᠪᠠ  ᠳᠤ  ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠡᠬᠦᠰᠦᠭᠰᠡᠨ ᠠᠵᠤ ᠦᠢᠯᠡᠰ  ᠢ ᠰᠦᠷᠦᠭᠵᠢᠬᠦᠯᠦᠨ ᠬᠦᠭᠵᠢᠬᠦᠯᠬᠦ ᠶᠢ ᠲᠦᠷᠭᠡᠳᠭᠡᠨ᠎ᠠ᠃ ᠳ᠋ᠦᠡᠭᠱᠸᠡᠭ᠂ ᠬᠢᠶ᠎ᠠ ᠪᠠᠭᠰᠢ᠂ ᠠᠯᠳᠠᠨᠰᠢᠷᠡᠭᠡᠳᠤ ᠪᠠᠯᠭᠠᠰᠤ ᠶᠢᠨ ᠲᠤᠨᠤᠭᠯᠠᠯ ᠦᠢᠯᠡᠳᠬᠦ ᠦᠢᠯᠡᠰ ᠤᠨ ᠤᠷᠤᠨ ᠲᠤᠭᠤᠷᠢᠭ ᠲᠤ ᠲᠦᠰᠢᠭᠯᠡᠨ᠂ ᠮᠠᠰᠢᠨ ᠲᠡᠷᠭᠡ ᠦᠢᠯᠡᠳᠬᠦ᠂ ᠨᠡᠬᠦᠷᠡᠰᠦᠨ ᠮᠠᠰᠢᠨ ᠬᠢᠮᠢ ᠶᠢᠨ ᠮᠠᠰᠢᠨ ᠦᠢᠯᠡᠳᠬᠦ ᠪᠠ ᠰᠢᠨ᠎ᠠ ᠡᠨᠧᠷᠬᠢ ᠶᠢᠨ ᠲᠤᠨᠤᠭᠯᠠᠯ ᠦᠢᠯᠡᠳᠬᠦ ᠪᠠᠷ ᠭᠤᠤᠯᠳᠠᠯᠭ᠎ᠠ ᠪᠤᠯᠭᠠᠭᠰᠠᠨ ᠦᠢᠯᠡᠳᠬᠦ ᠦᠢᠯᠡᠰ  ᠤᠨ ᠬᠠᠪᠳᠠᠭᠠᠢ ᠬᠡᠰᠡᠭ ᠢ ᠭᠤᠤᠯᠳᠠᠯᠭ᠎ᠠ ᠲᠠᠢ ᠪᠠᠶᠢᠭᠤᠯᠤᠨ᠎ᠠ᠃ ᠮᠠᠰᠢᠨ‌‍ᠲ᠋ᠡᠷᠭᠡ ᠦᠢᠯᠡᠳᠪᠦᠷᠢᠯᠠᠬᠦ ᠬᠦᠷᠢᠶ᠎ᠠ ᠬᠡᠪᠴᠢᠶ᠎ᠠ ᠶᠢ 50 ᠲᠦᠮᠠᠨ ᠲᠡᠷᠭᠡ᠂ ᠰᠡᠯᠪᠢᠭ ᠲᠤᠨᠤᠭᠯᠠᠯ ᠢ ᠨᠤᠳᠤᠭᠴᠢᠯᠠᠭᠰᠠᠨ ᠨᠤᠷᠮ᠎ᠠ ᠶᠢ 40 %᠎ ᠠᠴᠠ ᠲᠡᠭᠡᠭᠰᠢ ᠬᠦᠷᠭᠡᠨ᠎ᠠ᠃ ᠰᠠᠯᠬᠢᠨ ᠡᠨᠧᠷᠬᠢ᠂ ᠨᠠᠷᠠᠨ ᠡᠨᠧᠷᠬᠢ ᠵᠡᠷᠭᠡ ᠰᠢᠨ᠎ᠠ ᠡᠨᠧᠷᠬᠢ ᠶᠢᠨ ᠲᠤᠨᠤᠭᠯᠠᠯ  ᠤᠨ ᠦᠢᠯᠡᠳᠪᠦᠷᠢᠯᠠᠯ  ᠤᠨ ᠬᠦᠷᠢᠶ᠎ᠠ ᠬᠡᠪᠴᠢᠶ᠎ᠠ ᠶᠢ 1000 ᠰᠠᠶ᠎ᠠ ᠸᠠᠲ ᠬᠦᠷᠭᠡᠨ᠎ᠠ᠃ ᠮᠠᠰᠢᠨ ᠲᠠᠷᠭᠡ ᠵᠡᠷᠭᠡ ᠲᠤᠨᠤᠭᠯᠠᠯ ᠦᠢᠯᠡᠳᠬᠦ ᠠᠵᠤ ᠦᠢᠯᠡᠰ  ᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠲᠤ ᠡᠵᠡᠯᠡᠬᠦ ᠬᠠᠷᠢᠴᠠᠯ  ᠢ ᠲᠡᠭᠡᠭᠰᠢᠯᠡᠬᠦᠯᠦᠨ 10%᠎ ᠶᠢ ᠲᠠᠪᠠᠭᠤᠯᠵᠤ᠂ ᠤᠷᠤᠨ ᠲᠤᠭᠤᠷᠢᠭ  ᠤᠨ ᠴᠢᠨᠠᠷᠳᠠᠢ ᠲᠠᠷᠢᠬᠦᠨ ᠤ ᠲᠤᠨᠤᠭᠯᠠᠯ ᠦᠢᠯᠡᠳᠬᠦ ᠲᠦᠪ ᠪᠠᠶᠢᠭᠤᠯᠤᠨ᠎ᠠ᠃ ᠠᠵᠤ ᠦᠢᠯᠡᠰ  ᠢ ᠰᠢᠯᠵᠢᠬᠦᠯᠬᠦ ᠶᠢ ᠢᠳᠠᠪᠬᠢᠳᠡᠢ ᠵᠠᠯᠭᠠᠮᠵᠢᠯᠠᠵᠤ᠂ PVC᠂  ᠬᠦᠡᠭᠭᠡᠨ ᠴᠠᠭᠠᠨ  ᠤ ᠢᠰᠦᠯ᠂ ᠸᠠᠭᠠᠷ ᠱᠠᠭᠠᠵᠠᠩ᠂ ᠤᠯᠠᠨ ᠲᠠᠯᠠᠰᠳᠤ ᠴᠠᠬᠢᠭᠤᠷ᠂ ᠬᠡᠷᠡᠯ ᠤᠨ ᠸᠤᠯᠲ ᠵᠡᠷᠭᠡ ᠠᠵᠤ ᠦᠢᠯᠡᠰ  ᠢ ᠶᠡᠭᠡᠪᠡᠷ ᠬᠦᠭᠵᠢᠬᠦᠯᠦᠨ᠎ᠠ᠃ PVC᠂ ᠬᠦᠡᠭᠭᠡᠨ ᠴᠠᠭᠠᠨ  ᠤ ᠢᠰᠦᠯ  ᠤᠨ ᠦᠢᠯᠡᠳᠪᠦᠷᠢᠯᠠᠯ  ᠤᠨ ᠬᠦᠷᠢᠶ᠎ᠠ ᠬᠡᠪᠴᠢᠶ᠎ᠠ ᠶᠢ ᠲᠤᠰᠪᠤᠷᠢ 300 ᠲᠦᠮᠠᠨ ᠲᠤᠨ ᠪᠠ 200 ᠲᠦᠮᠠᠨ ᠲᠤᠨ  ᠳᠤ ᠬᠦᠷᠭᠡᠵᠤ᠂ ᠸᠠᠭᠠᠷ ᠱᠠᠭᠠᠵᠠᠩ ᠎ ᠤᠨ ᠦᠢᠯᠡᠳᠪᠦᠷᠢᠯᠠᠯ  ᠤᠨ ᠱᠤᠭᠤᠮ  ᠢ 200 ᠵᠤᠷᠪᠤᠰ ᠲᠤ ᠬᠦᠷᠭᠡᠵᠤ᠂ ᠪᠠᠷᠠᠭᠤᠨ ᠬᠤᠶᠢᠲᠤ ᠤᠷᠤᠨ  ᠤ ᠸᠠᠭᠠᠷ ᠱᠠᠭᠠᠵᠠᠩ ᠪᠠᠷᠢᠯᠭ᠎ᠠ ᠶᠢᠨ ᠮᠠᠲ᠋ᠧᠷᠢᠶᠠᠯ  ᠤᠨ ᠰᠠᠭᠤᠷᠢᠨ ᠭᠠᠵᠠᠷ  ᠢ ᠪᠠᠶᠢᠭᠤᠯᠤᠨ᠎ᠠ᠃ ᠲᠦᠷᠪᠠ  ᠳᠤ ᠮᠦᠡᠭᠬᠦᠨ ᠬᠦᠢᠯᠭᠡᠭᠡ᠂ ᠪᠤᠳᠠᠰ  ᠤᠨ ᠬᠦᠢᠯᠭᠡᠭᠡ᠂ ᠰᠤᠶᠤᠯ ᠵᠤᠭᠠᠴᠠᠯ ᠵᠡᠷᠭᠡ ᠤᠳᠤ ᠦᠶ᠎ᠠ ᠶᠢᠨ ᠦᠢᠯᠡᠴᠢᠯᠡᠭᠡᠨ  ᠤ ᠦᠢᠯᠡᠰ  ᠢ ᠶᠡᠭᠡᠪᠡᠷ ᠬᠦᠭᠵᠢᠬᠦᠯᠵᠤ᠂ ᠳ᠋ᠦᠡᠭᠱᠸᠡᠭ᠂ ᠬᠢᠶ᠎ᠠ ᠪᠠᠭᠰᠢ ᠶᠢᠨ ᠮᠦᠡᠭᠬᠦᠨ ᠬᠦᠢᠯᠭᠡᠭᠡᠨ  ᠤ ᠠᠭᠤᠳᠠᠮ ᠲᠠᠯᠠᠪᠠᠢ᠂ ᠠᠯᠳᠠᠨᠰᠢᠷᠡᠭᠡᠳᠤ ᠪᠠᠯᠭᠠᠰᠤ᠂ ᠬᠢᠶ᠎ᠠ ᠪᠠᠭᠰᠢ ᠰᠢᠨ᠎ᠠ ᠲᠤᠭᠤᠷᠢᠭ ᠤᠨ ᠪᠤᠳᠠᠰ  ᠤᠨ ᠬᠦᠢᠯᠭᠡᠭᠡ ᠶᠢᠨ ᠤᠷᠤᠨ ᠲᠤᠭᠤᠷᠢᠭ᠂ ᠤᠷᠳᠤᠰ  ᠤᠨ ᠰᠤᠶᠤᠯ  ᠤᠨ ᠠᠵᠤ ᠦᠢᠯᠡᠰ  ᠤᠨ ᠤᠷᠤᠨ ᠲᠤᠭᠤᠷᠢᠭ ᠪᠠ ᠤᠯᠠᠨ ᠤᠯᠤᠰ  ᠤᠨ ᠮᠠᠰᠢᠨ ᠲᠠᠷᠭᠡ ᠤᠷᠤᠯᠳᠤᠬᠤ ᠬᠤᠳᠠ ᠵᠡᠷᠭᠡ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ  ᠤᠨ ᠰᠦᠷᠦᠭᠵᠢᠯ  ᠤᠨ ᠤᠷᠤᠨ ᠎ ᠢ ᠲᠦᠪᠯᠡᠷᠡᠬᠦᠯᠦᠨ ᠪᠠᠶᠢᠭᠤᠯᠵᠤ᠂ ᠴᠢᠩᠭᠢᠰ ᠬᠠᠭᠠᠨ ᠤ ᠤᠡᠭᠭᠤᠨ᠂ ᠪᠦᠷᠢᠶ᠎ᠠ ᠮᠠᠩᠬ᠎ᠠ  ᠵᠡᠷᠭᠡ ᠵᠤᠭᠠᠴᠠᠯ  ᠤᠨ ᠦᠵᠡᠮᠵᠢ ᠶᠢᠨ ᠤᠷᠤᠨ  ᠤ ᠦᠢᠯᠡᠴᠢᠯᠡᠭᠡᠨ ᠤ ᠬᠢᠷᠢ ᠲᠦᠪᠰᠢᠨ  ᠢ ᠴᠢᠨᠠᠭᠰᠢᠳᠠ ᠲᠡᠭᠡᠭᠰᠢᠯᠡᠬᠦᠯᠵᠤ᠂ ᠮᠠᠰᠢᠨ ᠲᠡᠷᠭᠡᠨ  ᠤ ᠤᠷᠤᠯᠳᠤᠭᠠᠨ᠂ ᠪᠠᠶ᠎ᠠ ᠶᠢᠨ ᠲᠠᠮᠢᠷ ᠪᠠᠶ᠎ᠠ ᠴᠠᠬᠢᠷᠠᠭᠵᠢᠭᠤᠯᠬᠤ᠂ ᠠᠮᠠᠷᠠᠨ ᠰᠠᠯᠡᠬᠦᠴᠡᠬᠦ ᠵᠡᠷᠭᠡ ᠠᠵᠤ ᠦᠢᠯᠡᠰ  ᠢ ᠶᠡᠭᠡᠪᠡᠷ ᠬᠦᠭᠵᠢᠬᠦᠯᠵᠦ᠂ ᠤᠷᠤᠨ ᠲᠤᠭᠤᠷᠢᠭ  ᠤᠨ ᠴᠢᠨᠠᠷᠳᠠᠢ ᠦᠵᠦᠬᠦᠷ ᠲᠡᠰ  ᠤᠨ ᠦᠢᠯᠡᠴᠢᠯᠡᠭᠡᠨ  ᠤ ᠦᠢᠯᠡᠰ  ᠤᠨ ᠲᠦᠪ  ᠢ ᠪᠠᠶᠢᠭᠤᠯᠤᠨ᠎ᠠ᠃ ᠲ᠊‍ᠤᠳᠤᠭᠠᠳᠤ ᠬᠡᠷᠡᠭᠴᠡᠭᠡ ᠪᠠᠨ ᠦᠷᠭᠡᠳᠭᠡᠬᠦ ᠲᠦᠷᠦ ᠶᠢ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ  ᠤᠨ ᠤᠷᠳᠤᠨ  ᠤ ᠠᠵᠢᠯᠯᠠᠭ᠎ᠠ ᠪᠠ ᠵᠢᠯᠤᠭᠤᠳᠤᠯᠭ᠎ᠠ ᠶᠢ ᠴᠢᠩᠭᠠᠳᠬᠠᠵᠤ᠂ ᠵᠠᠬ᠎ᠠ ᠲᠡᠯᠭᠡᠬᠦᠷ  ᠤᠨ ᠦᠢᠯᠡᠴᠢᠯᠡᠭᠡᠨ  ᠤ ᠰᠢᠰᠲ᠋ᠧᠮᠵᠢ ᠶᠢ ᠲᠡᠬᠦᠯᠳᠡᠷᠵᠢᠬᠦᠯᠵᠤ᠂ ᠬᠡᠷᠡᠭᠯᠡᠭᠡ ᠶᠢᠨ ᠤᠷᠴᠢᠨ ᠲᠤᠭᠤᠷᠢᠨ  ᠢ ᠰᠢᠯᠢᠳᠡᠭᠵᠢᠬᠦᠯᠵᠤ᠂ ᠬᠡᠷᠡᠭᠯᠡᠭᠡ ᠶᠢᠨ ᠬᠠᠯᠠᠭᠤᠷᠠᠯ  ᠤᠨ ᠴᠡᠭ  ᠢ ᠪᠤᠶᠢᠵᠢᠭᠤᠯᠵᠤ᠂ ᠬᠡᠷᠡᠭᠯᠡᠭᠡ ᠶᠢᠨ ᠠᠵᠤ ᠠᠬᠤᠢ ᠶᠢᠨ ᠨᠡᠮᠡᠭᠳᠡᠯ  ᠳᠤ  ᠦᠵᠡᠬᠦᠯᠬᠦ ᠲᠠᠳᠠᠯᠳᠠ ᠶᠢᠨ ᠦᠢᠯᠡᠳᠤᠯ  ᠢ ᠦᠨᠡᠨᠬᠦ ᠲᠡᠭᠡᠭᠰᠢᠯᠡᠬᠦᠯᠦᠨ᠎ᠠ᠃ 2015 ᠤᠨ ᠪᠤᠯᠬᠤ ᠳᠤ᠂ ᠨᠠᠶᠢᠭᠡᠮ  ᠤᠨ ᠬᠡᠷᠡᠭᠯᠡᠭᠡᠨ  ᠤ ᠵᠦᠢᠯ  ᠢ ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ  ᠲᠤᠭ᠎ᠠ ᠶᠢ 850 ᠳ᠋ᠦᠡᠭᠰᠢᠭᠤᠷ ᠲᠦᠬᠦᠷᠢᠭ ᠲᠤ ᠬᠦᠷᠭᠡᠵᠤ᠂ ᠵᠢᠯ ᠪᠦᠷᠢ ᠲᠤᠮᠳᠠᠴᠢ ᠪᠠᠷ 17.4%᠎ ᠪᠠᠷ ᠨᠡᠮᠡᠭᠳᠡᠬᠦᠯᠵᠤ᠂ ᠪᠦᠬᠦ ᠬᠤᠳᠠ ᠶᠢᠨ ᠭᠤᠷᠪᠠᠳᠤᠭᠠᠷ ᠠᠵᠤ ᠦᠢᠯᠡᠰ  ᠤᠨ ᠨᠡᠮᠡᠭᠳᠡᠯ ᠦᠷᠳᠡᠭ  ᠤᠨ GDP ᠎ ᠳᠤ ᠡᠵᠡᠯᠡᠬᠦ ᠬᠠᠷᠢᠴᠠᠯ  ᠢ 42%᠎ ᠠᠴᠠ ᠲᠡᠭᠡᠭᠰᠢ ᠬᠦᠷᠭᠡᠨ᠎ᠠ᠃      ︵ᠬᠤᠶᠠᠷ︶ ᠬᠤᠳᠠ ᠬᠦᠳᠡᠭᠡ ᠶᠢ ᠨᠢᠭᠡᠳᠤᠯᠳᠠᠢ ᠲᠦᠯᠦᠪᠵᠢᠬᠦᠯᠦᠨ ᠬᠦᠭᠵᠢᠬᠦᠯᠬᠦ ᠶᠢ ᠯᠠᠪᠳᠠᠭᠤᠨ ᠪᠠᠳᠤᠳᠠᠢ ᠠᠬᠢᠭᠤᠯᠵᠤ᠂ ᠬᠤᠳᠠ ᠬᠦᠳᠡᠭᠡ ᠶᠢᠨ ᠴᠤᠭᠴᠠᠵᠢᠭᠤᠯᠤᠭᠰᠠᠨ ᠬᠦᠭᠵᠢᠯᠳᠠ ᠶᠢᠨ ᠰᠢᠨ᠎ᠠ ᠪᠠᠶᠢᠳᠠᠯ  ᠢ ᠡᠬᠦᠳᠤᠨ᠎ᠠ᠃ ᠦᠪᠡᠷᠳᠡᠭᠡᠨ ᠵᠠᠰᠠᠬᠤ ᠤᠷᠤᠨ  ᠤ ᠬᠤᠳᠠ ᠬᠦᠳᠡᠭᠡ ᠶᠢ ᠨᠢᠭᠡᠳᠤᠯᠳᠠᠢ ᠲᠦᠯᠦᠪᠵᠢᠬᠦᠯᠦᠨ ᠶᠡᠷᠦᠩᠭᠡᠶᠢᠯᠠᠨ ᠲᠦᠬᠦᠷᠵᠢᠬᠦᠯᠬᠦ ᠦᠭᠡᠷᠡᠴᠢᠯᠡᠯᠳᠠ ᠶᠢᠨ ᠲᠤᠷᠰᠢᠯᠳᠠ ᠶᠢᠨ ᠤᠷᠤᠨ  ᠤ ᠪᠦᠳᠦᠭᠡᠨ ᠪᠠᠶᠢᠭᠤᠯᠤᠯᠳᠠ ᠶᠢᠨ ᠲᠦᠰᠦᠯ  ᠢ ᠪᠦᠬᠦ ᠲᠠᠯ᠎ᠠ ᠎ ᠪᠠᠷ ᠨᠠᠶᠢᠳᠠᠪᠤᠷᠢᠵᠢᠭᠤᠯᠵᠤ᠂ ᠦᠬᠡᠷᠡᠴᠢᠯᠡᠯᠲᠡ  ᠶᠢ ᠬᠦᠨᠵᠡᠬᠡᠶᠢᠷᠡᠬᠦᠯᠵᠤ᠂ ᠪᠠᠶᠢᠷᠢᠯᠡᠭᠤᠯᠤᠯᠳᠠ ᠶᠢ ᠰᠢᠯᠢᠳᠡᠭᠵᠢᠬᠦᠯᠦᠨ᠂ ᠲᠦᠷᠢᠮ  ᠤᠨ ᠰᠢᠨ᠎ᠠ ᠶᠢ ᠡᠬᠦᠳᠴᠦ᠂ 2015 ᠤᠨ ᠪᠤᠯᠬᠤ  ᠳᠤ ᠬᠤᠳᠠ ᠬᠦᠳᠡᠭᠡ  ᠎ ᠶᠢᠨ ᠬᠦᠭᠵᠢᠯᠳᠠ ᠶᠢ ᠨᠢᠭᠡᠳᠤᠯᠳᠠᠢ ᠲᠦᠯᠦᠪᠵᠢᠬᠦᠯᠬᠦ ᠦᠨᠳᠦᠰᠦᠨ ᠲᠦᠷᠢᠮ  ᠤᠨ ᠵᠠᠭᠪᠤᠷ  ᠢ ᠪᠦᠷᠢᠯᠳᠤᠬᠦᠯᠬᠦ ᠪᠠᠷ ᠴᠢᠷᠮᠠᠶᠢᠨ᠎ᠠ᠃ ᠨᠢᠭᠡ  ᠳᠤ ᠬᠤᠳᠠ ᠶᠢᠨ ᠭᠤᠤᠯ ᠲᠤᠭᠤᠷᠢᠭ  ᠤᠨ ᠪᠦᠳᠦᠭᠡᠨ ᠪᠠᠶᠢᠭᠤᠯᠤᠯᠳᠠ ᠶᠢ ᠶᠡᠭᠡᠪᠡᠷ ᠠᠬᠢᠭᠤᠯᠤᠨ᠎ᠠ᠃ ᠴᠢᠨᠠᠷ  ᠢ ᠲᠡᠭᠡᠭᠰᠢᠯᠡᠬᠦᠯᠬᠦ ᠪᠠ ᠪᠠᠭᠳᠠᠭᠠᠮᠵᠢ ᠶᠢ ᠦᠷᠭᠡᠳᠭᠡᠬᠦ ᠶᠢ ᠵᠡᠷᠭᠡᠪᠡᠷ ᠴᠢᠭᠤᠯᠠᠴᠢᠯᠡᠬᠤ ᠶᠢ ᠪᠠᠷᠢᠮᠳᠠᠯᠠᠵᠤ᠂ ᠦᠭᠡᠷᠡᠴᠢᠯᠡᠬᠦ ᠪᠠ ᠪᠦᠳᠦᠭᠡᠨ ᠪᠠᠶᠢᠭᠤᠯᠬᠤ ᠶᠢ ᠵᠡᠷᠭᠡᠪᠡᠷ ᠶᠠᠪᠤᠭᠳᠠᠭᠤᠯᠵᠤ᠂ ᠳ᠋ᠦᠡᠭᠱᠸᠡᠭ ᠲᠤᠭᠤᠷᠢᠭ ᠪᠦᠳᠦᠭᠡᠨ ᠪᠠᠶᠢᠭᠤᠯᠤᠨ ᠦᠭᠡᠷᠡᠴᠢᠯᠡᠬᠦ ᠶᠢ ᠲᠦᠷᠭᠡᠳᠭᠡᠵᠤ᠂ ᠪᠠᠭᠳᠠᠭᠠᠮᠵᠢ᠂ ᠰᠦᠷᠦᠭᠵᠢᠯ  ᠤᠨ ᠦᠵᠦᠬᠦᠷ ᠲᠡᠰ  ᠤᠨ ᠬᠦᠴᠦᠨ ᠵᠦᠢᠯ  ᠢ ᠴᠢᠨᠠᠭᠰᠢᠳᠠ ᠴᠢᠩᠭᠠᠳᠬᠠᠵᠤ᠂ ᠤᠳᠤᠬᠢᠯᠠᠭᠰᠠᠨ ᠬᠤᠳᠠ ᠶᠢᠨ ᠬᠦᠷᠢᠶ᠎ᠠ ᠬᠡᠪᠴᠢᠶ᠎ᠠ ᠶᠢ ᠤᠷᠢᠳᠠᠪᠠᠷ ᠪᠦᠷᠢᠯᠳᠤᠬᠦᠯᠦᠨ᠎ᠠ᠃ ᠠᠯᠳᠠᠨᠰᠢᠷᠭᠡᠳᠤ ᠬᠢᠶ᠎ᠠ ᠪᠠᠭᠰᠢ  ᠰᠢᠨ᠎ᠠ ᠲᠤᠭᠤᠷᠢᠭ ᠤᠨ ᠤᠷᠤᠨ ᠵᠠᠢ ᠶᠢᠨ ᠪᠠᠶᠢᠷᠢᠯᠡᠭᠤᠯᠤᠯᠳᠠ᠂ ᠠᠵᠤ ᠦᠢᠯᠡᠰ  ᠤᠨ ᠬᠦᠭᠵᠢᠯᠳᠠ᠂ ᠰᠠᠭᠤᠷᠢ ᠲᠦᠬᠦᠭᠡᠷᠦᠮᠵᠢ᠂ ᠤᠯᠠᠨ ᠨᠠᠶᠢᠳᠠ ᠶᠢᠨ ᠦᠢᠯᠡᠴᠢᠯᠡᠭᠡ ᠪᠠ ᠤᠷᠤᠨ ᠲᠤᠭᠤᠷᠢᠭ  ᠤᠨ ᠬᠠᠮᠢᠶᠠᠷᠤᠯᠳᠠ ᠶᠢ ᠴᠤᠭᠴᠠᠵᠢᠭᠤᠯᠤᠨ ᠬᠦᠭᠵᠢᠬᠦᠯᠬᠦ ᠶᠢ ᠪᠦᠬᠦ ᠬᠦᠴᠦᠨ  ᠢᠶᠠᠷ  ᠢᠶᠠᠨ ᠠᠬᠢᠭᠤᠯᠵᠤ᠂ ᠬᠦᠮᠦᠨ  ᠤ ᠴᠤᠭ ᠵᠠᠯᠢ ᠪᠠ ᠬᠤᠳᠠᠯᠳᠤᠭᠠᠨ  ᠤ ᠴᠤᠭ ᠵᠠᠯᠢ ᠶᠢ ᠲᠦᠷᠭᠡᠨ  ᠢᠶᠠᠷ ᠬᠤᠷᠠᠭᠤᠯᠵᠤ᠂ ᠤᠷᠤᠰᠢᠨ ᠰᠠᠭᠤᠵᠤ ᠦᠢᠯᠡᠰ ᠪᠦᠳᠦᠭᠡᠬᠦ  ᠳᠤ ᠲᠤᠬᠢᠷᠠᠮᠵᠢᠳᠠᠢ ᠤᠳᠤᠬᠢᠴᠢᠯᠠᠭᠰᠠᠨ ᠰᠢᠨ᠎ᠠ ᠬᠤᠳᠠ ᠶᠢᠨ ᠲᠤᠭᠤᠷᠢᠭ  ᠢ ᠪᠠᠶᠢᠭᠤᠯᠤᠨ᠎ᠠ᠃ ᠬᠤᠶᠠᠷ ᠲᠤ ᠬᠤᠰᠢᠭᠤ ᠵᠠᠰᠠᠭ  ᠤᠨ ᠤᠷᠳᠤᠨ  ᠤ ᠰᠠᠭᠤᠭ᠎ᠠ ᠭᠠᠵᠠᠷ ᠪᠠ ᠠᠵᠤ ᠦᠢᠯᠡᠰ  ᠤᠨ ᠴᠢᠬᠤᠯᠠ ᠪᠠᠯᠭᠠᠰᠤ ᠎ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠠ᠃ ᠱᠠᠭᠠᠵᠠᠮᠤᠨᠢ᠂ ᠰᠢᠤᠸᠠᠢ ᠵᠢᠶᠠ ᠸᠠᠨ ᠬᠤᠶᠠᠷ ᠲᠤᠰᠠᠯᠠᠬᠤ ᠭᠤᠤᠯᠳᠠᠯᠭᠠᠳᠤ ᠬᠤᠳᠠ ᠶᠢ ᠲᠦᠪᠯᠡᠷᠡᠬᠦᠯᠦᠨ ᠪᠦᠳᠦᠭᠡᠨ ᠪᠠᠶᠢᠭᠤᠯᠵᠤ᠂ ᠰᠢᠨᠠᠪᠠᠯᠭᠠᠰᠤ᠂ ᠤᠯᠠᠭᠠᠨᠪᠠᠯᠭᠠᠰᠤ᠂ ᠭᠠᠯᠠᠭᠤᠳᠤ᠂ ᠤᠯᠵᠠᠴᠢ ᠪᠠ ᠱᠠᠩᠬᠠᠢ ᠶᠢᠨ ᠰᠦᠮ᠎ᠠ ᠵᠡᠷᠭᠡ ᠭᠤᠤᠯᠳᠠᠯᠭ᠎ᠠ ᠲᠠᠢ ᠬᠤᠳᠠ ᠪᠠᠯᠭᠠᠰᠤ ᠎ ᠶᠢᠨ  ᠬᠦᠭᠵᠢᠯᠳᠠ ᠶᠢᠨ ᠬᠢᠷᠢ ᠲᠦᠪᠰᠢᠨ  ᠢ ᠲᠡᠭᠡᠭᠰᠢᠯᠡᠬᠦᠯᠵᠤ᠂ ᠶᠡᠷᠦᠩᠭᠡᠶᠢᠯᠡᠭᠰᠡᠨ ᠠᠴᠢᠶᠠᠯᠠᠪᠤᠷᠢ ᠶᠢᠨ ᠴᠢᠳᠠᠪᠤᠷᠢ᠂ ᠰᠦᠷᠦᠭᠵᠢᠬᠦᠯᠦᠨ  ᠰᠢᠩᠭᠡᠬᠦ ᠴᠢᠳᠠᠪᠤᠷᠢ᠂ ᠤᠯᠠᠨ ᠨᠠᠶᠢᠳᠠ ᠶᠢᠨ ᠦᠢᠯᠡᠴᠢᠯᠡᠭᠡᠨ  ᠤ ᠴᠢᠳᠠᠪᠤᠷᠢ ᠪᠠ ᠲᠠᠶᠢᠴᠢᠯᠠᠨ ᠲᠠᠭᠠᠭᠤᠯᠬᠤ ᠴᠢᠳᠠᠪᠤᠷᠢ ᠶᠢ ᠨᠡᠮᠡᠭᠳᠡᠬᠦᠯᠵᠤ᠂ 15 ᠲᠦᠮᠠᠨ ᠮᠠᠯᠴᠢᠨ ᠲᠠᠷᠢᠶᠠᠴᠢᠨ  ᠢ ᠰᠢᠯᠵᠢᠬᠦᠯᠦᠨ ᠰᠢᠩᠭᠡᠭᠡᠨ ᠠᠪᠴᠤ᠂ ᠬᠤᠳᠠ ᠪᠠᠯᠭᠠᠰᠤᠵᠢᠯᠳᠠ ᠶᠢᠨ ᠨᠤᠷᠮ᠎ᠠ ᠶᠢ ᠲᠡᠭᠡᠭᠰᠢᠯᠡᠬᠦᠯᠦᠨ 75%᠎ ᠶᠢ ᠲᠠᠪᠠᠭᠤᠯᠤᠨ᠎ᠠ᠃ ᠭᠤᠷᠪᠠ  ᠳᠤ ᠰᠢᠨ᠎ᠠ ᠮᠠᠯᠵᠢᠬᠤ ᠲᠠᠷᠢᠶᠠᠯᠠᠬᠤ ᠤᠷᠤᠨ  ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠠ᠃ ᠮᠠᠯᠵᠢᠬᠤ ᠲᠠᠷᠢᠶᠠᠯᠠᠬᠤ ᠤᠷᠤᠨ  ᠤ ︽ᠭᠤᠷᠪᠠᠨ ᠤᠷᠤᠨ︾᠎ ᠤ ᠬᠦᠭᠵᠢᠯᠳᠠ ᠶᠢᠨ ᠲᠦᠯᠦᠪᠵᠢᠬᠦᠯᠭᠡ ᠶᠤᠰᠤᠭᠠᠷ᠂ ᠶᠡᠭᠡᠪᠡᠷ ᠲᠦᠪᠯᠡᠷᠡᠬᠦᠯᠦᠨ ᠪᠠᠭ᠎ᠠ ᠪᠠᠷ ᠰᠦᠷᠦᠭᠵᠢᠬᠦᠯᠬᠦ ᠶᠢ ᠪᠠᠷᠢᠮᠳᠠᠯᠠᠵᠤ᠂ ᠰᠢᠨ᠎ᠠ ᠮᠠᠯᠵᠢᠬᠤ ᠲᠠᠷᠢᠶᠠᠯᠠᠬᠤ ᠤᠷᠤᠨ  ᠢ ᠲᠦᠯᠦᠪᠵᠢᠬᠦᠯᠦᠨ ᠪᠦᠳᠦᠭᠡᠨ ᠪᠠᠶᠢᠭᠤᠯᠬᠤ ᠶᠢ ᠦᠨᠡᠨᠬᠦ ᠰᠠᠶᠢᠳᠤᠷ ᠬᠢᠵᠤ᠂ ᠭᠠᠴᠠᠭ᠎ᠠ ᠲᠤᠰᠬᠤᠨ ᠤ ᠪᠠᠶᠢᠷᠢᠯᠠᠭᠤᠯᠤᠯᠳᠠ ᠶᠢ ᠰᠢᠯᠢᠳᠡᠭᠵᠢᠬᠦᠯᠵᠤ᠂ ᠭᠠᠴᠠᠭ᠎ᠠ ᠲᠤᠰᠬᠤᠨ  ᠢ ᠴᠡᠭᠴᠡᠯᠠᠨ ᠨᠡᠶᠢᠯᠡᠬᠦᠯᠬᠦ ᠶᠢ ᠠᠬᠢᠭᠤᠯᠵᠤ᠂ ᠤᠳᠤᠬᠢᠴᠢᠯᠠᠭᠰᠠᠨ ᠰᠢᠨ᠎ᠠ ᠭᠠᠴᠠᠭ᠎ᠠ ᠲᠤᠰᠬᠤᠨ ᠢ ᠲᠦᠪᠯᠡᠷᠡᠬᠦᠯᠦᠨ   ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ  ᠤ ᠦᠢᠯᠡᠳᠪᠦᠷᠢᠯᠠᠯ ᠠᠮᠢᠳᠤᠷᠠᠯ ᠤᠨ ᠨᠦᠬᠦᠴᠡᠯ  ᠢ ᠦᠨᠡᠨᠬᠦ ᠰᠠᠶᠢᠵᠢᠷᠠᠭᠤᠯᠤᠨ᠎ᠠ᠃ ᠬᠤᠳᠠ ᠬᠦᠳᠡᠭᠡ ᠶᠢᠨ ᠰᠤᠷᠭᠠᠨ ᠬᠦᠮᠦᠵᠢᠯ  ᠂ ᠰᠢᠨᠵᠢᠯᠡᠬᠦ ᠤᠬᠠᠭᠠᠨ ᠮᠡᠷᠭᠡᠵᠢᠯ᠂ ᠡᠮ ᠡᠮᠨᠡᠯᠭᠡ᠂ ᠰᠤᠶᠤᠯ᠂ ᠪᠠᠶ᠎ᠠ ᠶᠢᠨ ᠲᠠᠮᠢᠷ ᠵᠡᠷᠭᠡ ᠨᠡᠶᠢᠭᠡᠮ ᠤᠨ ᠡᠬᠢ ᠪᠠᠶᠠᠯᠢᠭ  ᠢ ᠨᠢᠭᠡᠳᠤᠯᠳᠠᠢ ᠲᠦᠯᠦᠪᠵᠢᠬᠦᠯᠵᠤ᠂ ᠬᠤᠳᠠ ᠬᠦᠳᠡᠭᠡ ᠶᠢᠨ ᠴᠤᠭᠴᠠᠵᠢᠭᠤᠯᠤᠭᠰᠠᠨ᠂ ᠲᠡᠩᠴᠡᠬᠦᠷᠢᠰᠢᠯᠡᠭᠰᠡᠨ᠂ ᠲᠦᠭᠡᠮᠡᠯᠵᠢᠬᠦᠯᠦᠭᠰᠡᠨ ᠤᠯᠠᠨ ᠨᠠᠶᠢᠳᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠯᠳᠤᠬᠦᠯᠦᠨ᠎ᠠ ᠲᠦᠷᠪᠠ ᠳᠤ ᠤᠳᠤ ᠦᠶ᠎ᠠ ᠶᠢᠨ ᠲᠠᠷᠢᠶᠠᠯᠠᠩ  ᠤᠨ ᠮᠠᠯ ᠠᠵᠤ ᠠᠬᠤᠢ ᠶᠢ ᠶᠡᠭᠡᠪᠡᠷ ᠬᠦᠭᠵᠢᠬᠦᠯᠦᠨ᠎ᠠ᠃ ᠪᠠᠯᠠ ᠤᠷᠤᠭᠤᠯᠤᠯᠳᠠ ᠶᠢ ᠡᠷᠴᠢᠮᠵᠢᠬᠦᠯᠬᠦ᠂ ᠲᠠᠷᠢᠶᠠᠯᠠᠬᠤ ᠎ ᠶᠢ ᠮᠧᠬᠠᠨᠢᠭᠵᠢᠭᠤᠯᠬᠤ᠂ ᠡᠵᠡᠩᠨᠡᠯᠳᠠ ᠶᠢ ᠠᠵᠤ ᠦᠢᠯᠡᠰᠵᠢᠬᠦᠯᠬᠦ᠂ ᠬᠠᠮᠢᠶᠠᠷᠤᠯᠳᠠ ᠶᠢ ᠴᠢᠮᠡᠭᠡ ᠵᠠᠩᠬᠢᠴᠢᠯᠠᠬᠤ ᠶᠢ ᠪᠠᠷᠢᠮᠳᠠᠯᠠᠵᠤ᠂ ᠬᠠᠳᠤᠨ ᠭᠤᠤᠯ ᠲᠠᠭᠠᠤ ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠵᠢᠱᠢᠶ᠎ᠠ ᠦᠵᠡᠬᠦᠯᠬᠦ ᠰᠠᠭᠤᠷᠢᠨ ᠭᠠᠵᠠᠷ᠂ ᠵᠠᠭᠤᠨ ᠲᠦᠮᠠᠨ ᠠᠯᠠᠰᠢᠨ ᠬᠤᠨᠢ ᠶᠢᠨ ᠰᠠᠭᠤᠷᠢᠨ ᠭᠠᠵᠠᠷ ᠪᠠ ᠰᠢᠷᠬᠤᠰᠤᠨ ᠭᠤᠤᠯ ᠲᠠᠭᠠᠤ ᠠᠯᠠᠰᠢᠨ ᠦᠭᠡᠷ  ᠤᠨ ᠰᠠᠭᠤᠷᠢᠨ ᠭᠠᠵᠠᠷ  ᠎ ᠢ ᠲᠦᠷᠭᠡᠨ  ᠢᠶᠠᠷ ᠪᠦᠳᠦᠭᠡᠨ ᠪᠠᠶᠢᠭᠤᠯᠵᠤ᠂ ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠤᠷᠤᠨ ᠲᠤᠭᠤᠷᠢᠭ  ᠢ ᠵᠠᠭᠪᠤᠷᠵᠢᠭᠤᠯᠤᠨ ᠬᠦᠭᠵᠢᠬᠦᠯᠬᠦ ᠶᠢ ᠠᠬᠢᠭᠤᠯᠤᠨ᠎ᠠ᠃ 2015 ᠤᠨ ᠪᠤᠯᠬᠤ  ᠳᠤ᠂ ᠪᠦᠬᠦ ᠬᠤᠳᠠ ᠶᠢᠨ ᠤᠳᠤ ᠦᠶ᠎ᠠ ᠶᠢᠨ ᠲᠠᠷᠢᠶᠠᠯᠠᠩ ᠤᠨ ᠰᠠᠭᠤᠷᠢᠨ ᠭᠠᠵᠠᠷ ᠤᠨ ᠶᠡᠷᠦᠩᠬᠡᠢ ᠬᠡᠪᠴᠢᠶ᠎ᠠ ᠶᠢ 350 ᠲᠦᠮᠠᠨ  ᠮᠤ᠋ ᠬᠦᠷᠭᠡᠨ᠎ᠠ᠃ ᠺᠤᠮᠫᠠᠨᠢᠴᠢᠯᠠᠭᠰᠠᠨ᠂  ᠨᠡᠷᠡᠳᠤ ᠲᠠᠸᠠᠷ  ᠤᠨ ᠲᠡᠮᠳᠡᠭᠴᠢᠯᠡᠭᠰᠡᠨ ᠲᠠᠷᠢᠶᠠᠯᠠᠩ ᠮᠠᠯ ᠠᠵᠤ ᠠᠬᠤᠢ ᠶᠢ  ᠬᠦᠭᠵᠢᠬᠦᠯᠵᠤ᠂ ᠠᠯᠠᠰᠢᠨ ᠬᠤᠨᠢ᠂ ᠠᠯᠠᠰᠢᠨ ᠦᠭᠡᠷ᠂ ᠢᠳᠡᠰᠢᠨ ᠨᠤᠭᠤᠭ᠎ᠠ᠂ ᠤᠷᠢᠶᠠᠮᠠᠭ ᠵᠠᠮᠠᠭ᠂ ᠤᠢ ᠡᠯᠡᠰᠤ ᠵᠡᠷᠭᠡ ᠭᠤᠤᠯᠳᠠᠯᠭ᠎ᠠ ᠲᠠᠢ ᠠᠵᠤ ᠦᠢᠯᠡᠰ  ᠤᠨ ᠲᠤᠭᠤᠷᠢᠨ  ᠳᠤ᠂ ᠮᠠᠯᠴᠢᠨ ᠲᠠᠷᠢᠶᠠᠴᠢᠨ  ᠤ ᠲᠤᠰᠬᠠᠢ ᠬᠠᠮᠳᠤᠷᠠᠯᠴᠠᠭ᠎ᠠ ᠶᠢᠨ ᠵᠤᠬᠢᠶᠠᠨ ᠪᠠᠶᠢᠭᠤᠯᠤᠯᠳᠠ  ᠂ ᠲᠠᠷᠢᠵᠤ ᠲᠡᠵᠢᠬᠡᠬᠦ ᠲᠤᠮᠤ ᠡᠷᠦᠭᠡ᠂ ᠲᠤᠯᠤᠭᠠᠶᠢᠯᠠᠬᠤ ᠠᠵᠤ ᠠᠬᠤᠶᠢᠯᠠᠯ ᠵᠡᠷᠭᠡ ᠰᠢᠨ᠎ᠠ ᠬᠡᠯᠪᠡᠷᠢ ᠶᠢᠨ ᠵᠠᠬ᠎ᠠ ᠲᠡᠯᠭᠡᠬᠦᠷ  ᠤᠨ ᠭᠤᠤᠯ ᠴᠤᠭᠴᠠ ᠶᠢ ᠢᠳᠡᠪᠬᠢᠳᠠᠢ ᠪᠤᠶᠢᠵᠢᠭᠤᠯᠵᠤ᠂  ︽ᠪᠤᠬᠢᠷᠳᠤᠯ ᠦᠭᠡᠢ ᠢᠳᠡᠭᠡᠨ︾ ᠎ ᠤ ᠠᠵᠤ ᠦᠢᠯᠡᠰ  ᠎ ᠤᠨ ᠰᠠᠭᠤᠷᠢᠨ ᠭᠠᠵᠠᠷ  ᠢ ᠪᠠᠶᠢᠭᠤᠯᠤᠨ᠎ᠠ᠃ ᠲᠠᠪᠤ  ᠳᠤ ᠠᠮᠢ ᠠᠬᠤᠢ ᠶᠢᠨ ᠪᠤᠯᠪᠠᠰᠤᠨ ᠎ ᠤ ᠪᠠᠶᠢᠭᠤᠯᠤᠯᠳᠠ ᠶᠢ ᠴᠢᠩᠭᠠᠳᠬᠠᠨ᠎ᠠ᠃ ᠮᠠᠯ ᠪᠠᠯᠴᠢᠭᠡᠷᠯᠡᠬᠦᠯᠬᠦ ᠶᠢ ᠴᠠᠭᠠᠵᠠᠯᠠᠬᠤ᠂ ᠰᠡᠯᠬᠦᠨ ᠮᠠᠯᠵᠢᠬᠤ ᠪᠠ ᠬᠡᠰᠡᠭ ᠬᠤᠪᠢᠶᠠᠨ ᠡᠭᠡᠯᠵᠢᠯᠠᠨ ᠮᠠᠯᠵᠢᠬᠤ  ᠲᠦᠷᠦ ᠶᠢᠨ ᠪᠤᠳᠤᠯᠭ᠎ᠠ ᠶᠢ ᠦᠷᠬᠦᠯᠵᠢᠯᠠᠨ ᠬᠡᠷᠡᠭᠵᠢᠬᠦᠯᠵᠤ᠂ ᠠᠮᠢ ᠠᠬᠤᠢ ᠶᠢᠨ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠠᠮᠢ ᠠᠬᠤᠢ ᠶᠢᠨ ᠠᠶᠠᠨᠳᠠᠭᠠᠨ ᠰᠡᠷᠬᠦᠬᠦ ᠶᠢ ᠠᠬᠢᠭᠤᠯᠤᠨ᠎ᠠ︔ ᠡᠨᠧᠷᠬᠢ ᠠᠷᠪᠢᠯᠠᠨ ᠪᠤᠬᠢᠷᠳᠤᠯ  ᠢ ᠪᠠᠭᠠᠰᠬᠠᠬᠤ ᠶᠢ ᠠᠬᠢᠭᠤᠯᠵᠤ᠂ ᠬᠤᠴᠤᠷᠤᠭᠳᠠᠩᠭᠤᠢ ᠦᠢᠯᠡᠳᠪᠦᠷᠢᠯᠠᠯ ᠎ ᠤᠨ ᠴᠢᠳᠠᠪᠤᠷᠢ ᠶᠢ  ᠲᠠᠶᠠᠭᠳᠠᠭᠤᠯᠵᠤ᠂ ᠠᠮᠢ ᠠᠬᠤᠢ ᠶᠢᠨ ᠪᠤᠯᠪᠠᠰᠤᠨ  ᠤ ᠰᠢᠨ᠎ᠠ ᠪᠠᠶᠢᠳᠠᠯ  ᠢ ᠪᠦᠷᠢᠯᠳᠤᠬᠦᠯᠦᠨ᠎ᠠ᠃ 2015 ᠤᠨ ᠪᠤᠯᠬᠤ  ᠳᠤ᠂ ᠪᠦᠬᠦ ᠬᠤᠳᠠ ᠎ ᠶᠢᠨ ᠤᠢ ᠰᠢᠭᠤᠢ ᠶᠢᠨ ᠪᠦᠷᠬᠦᠪᠴᠢ ᠶᠢᠨ ᠨᠤᠷᠮ᠎ᠠ ᠶᠢ ᠲᠡᠭᠡᠭᠰᠢᠯᠡᠬᠦᠯᠦᠨ 26% ᠎ ᠳᠤ ᠬᠦᠷᠭᠡᠨ᠎ᠠ᠃      ︵ᠭᠤᠷᠪᠠ︶ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂  ᠤᠷᠤᠨ ᠲᠤᠭᠤᠷᠢᠭ  ᠤᠨ ᠬᠦᠭᠵᠢᠯᠳᠠ ᠶᠢᠨ ᠶᠡᠷᠦᠩᠭᠡᠶᠢᠯᠡᠭᠰᠡᠨ ᠪᠠᠳᠤᠯᠠᠭ᠎ᠠ ᠶᠢᠨ ᠴᠢᠳᠠᠪᠤᠷᠢ ᠶᠢ ᠴᠢᠨᠠᠭᠰᠢᠳᠠ ᠲᠡᠭᠡᠭᠰᠢᠯᠡᠬᠦᠯᠦᠨ᠎ᠠ᠃ ᠤᠰᠤᠨ  ᠤ ᠡᠬᠢ ᠪᠠᠶᠠᠯᠢᠭ  ᠢ ᠨᠡᠭᠡᠭᠡᠨ ᠠᠰᠢᠭᠯᠠᠬᠤ ᠲᠦᠯᠦᠪᠵᠢᠬᠦᠯᠭᠡ ᠶᠢ ᠰᠠᠶᠢᠳᠤᠷ ᠬᠢᠵᠤ᠂ ᠤᠰᠤ ᠬᠠᠨᠭ᠍ᠭᠠᠬᠤ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠨ  ᠢᠶᠠᠷ ᠠᠬᠢᠭᠤᠯᠵᠤ᠂ ᠤᠷᠤᠨ ᠲᠤᠭᠤᠷᠢᠭ  ᠠᠯᠤᠰᠯᠠᠭᠤᠯᠤᠨ ᠤᠰᠤᠨ  ᠤ  ᠡᠷᠬᠡ ᠶᠢ ᠬᠠᠯᠠᠬᠤ ᠪᠠᠷᠢᠯᠭ᠎ᠠ  ᠪᠠ ᠤᠰᠤ ᠡᠯᠡᠰᠦ ᠶᠢ ᠬᠤᠪᠢᠷᠠᠭᠤᠯᠬᠤ ᠪᠠᠷᠢᠯᠭ᠎ᠠ ᠶᠢ ᠡᠬᠢᠯᠡᠬᠦᠯᠵᠤ᠂ ᠰᠢᠯᠢᠳᠡᠭ ᠴᠢᠨᠠᠷ ᠲᠠᠢ ᠠᠶᠤᠯᠬᠦᠢ ᠤᠰᠤ ᠬᠠᠨᠭ᠍ᠭᠠᠬᠤ ᠲᠤᠤᠷ ᠤᠨ ᠰᠢᠰᠲ᠋ᠧᠮᠵᠢ ᠶᠢ ᠪᠠᠶᠢᠭᠤᠯᠤᠨ᠎ᠠ᠃ ᠲᠠᠪᠤᠨ ᠵᠢᠯ  ᠳᠤ ᠪᠦᠬᠦ ᠬᠤᠳᠠ ᠶᠢᠨ ᠤᠰᠤ ᠬᠠᠨᠭ᠍ᠭᠠᠬᠤ ᠴᠢᠳᠠᠪᠤᠷᠢ ᠶᠢ ᠰᠢᠨ᠎ᠠ ᠪᠠᠷ 3.5 ᠳ᠋ᠦᠡᠭᠰᠢᠭᠤᠷ ᠪᠤᠰᠤᠭ᠎ᠠ ᠲᠦᠷᠪᠠᠯᠵᠢᠨ ᠮᠧᠲᠷ ᠨᠡᠮᠡᠭᠳᠡᠬᠦᠯᠦᠨ᠎ᠠ᠃ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠭᠠᠷᠬᠤ ᠡᠬᠦᠳᠠ ᠶᠢ ᠴᠦᠮ ᠨᠡᠪᠳᠡᠷᠡᠬᠦᠯᠵᠤ᠂ ᠬᠤᠰᠢᠭᠤ ᠲᠤᠭᠤᠷᠢᠭ  ᠤᠨ ᠬᠤᠭᠤᠷᠤᠨᠳᠤᠬᠢ ᠦᠨᠳᠦᠷ ᠲᠡᠰ  ᠤᠨ ᠵᠠᠰᠠᠮᠠᠯ ᠵᠠᠮ ᠢ  ᠬᠤᠯᠪᠤᠨ ᠵᠠᠯᠭᠠᠬᠤ ᠪᠠᠷᠢᠯᠭ᠎ᠠ ᠶᠢ ᠪᠠᠶᠠᠯᠡᠬᠦᠯᠵᠤ᠂ ᠲᠡᠭᠡᠳᠤ ᠬᠤᠷᠳᠤᠴᠠᠳᠤ ᠬᠦᠨᠳᠤ ᠠᠴᠢᠶᠠᠨ ᠤ ᠨᠡᠬᠦᠷᠡᠰᠤ ᠲᠡᠭᠡᠭᠡᠪᠦᠷᠢᠯᠡᠬᠦ ᠵᠠᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠤᠷᠤᠨ ᠲᠤᠭᠤᠷᠢᠭ  ᠵᠠᠯᠭᠠᠭᠰᠠᠨ᠂ ᠬᠤᠰᠢᠭᠤ ᠲᠤᠭᠤᠷᠢᠭ ᠢ ᠨᠡᠪᠳᠡᠷᠡᠬᠦᠯᠦᠭᠰᠡᠨ᠂ ᠤᠷᠴᠢᠨ ᠬᠠᠪᠢ ᠶᠢ ᠵᠠᠯᠭᠠᠨ ᠨᠡᠪᠳᠡᠷᠡᠬᠦᠯᠦᠭᠰᠡᠨ ᠦᠨᠳᠦᠷ ᠲᠡᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠤᠷ ᠢ ᠲᠦᠷᠭᠡᠨ  ᠢᠶᠠᠷ ᠪᠠᠶᠢᠭᠤᠯᠤᠨ᠎ᠠ᠃            ︽ᠭᠤᠷᠪᠠᠨ ᠬᠦᠨᠳᠡᠯᠠᠨ ᠲᠦᠷᠪᠠᠨ ᠭᠤᠯᠳᠤ︾ ᠲᠠᠮᠤᠷ ᠵᠠᠮ  ᠤᠨ ᠲᠤᠤᠷ  ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠲᠤᠤᠷᠵᠢᠯ  ᠢ ᠲᠡᠬᠦᠯᠳᠡᠷᠵᠢᠬᠦᠯᠦᠨ᠂ ᠵᠠᠮ ᠨᠡᠭᠡᠭᠡᠵᠤ᠂ ᠪᠦᠬᠦ ᠬᠤᠳᠠ ᠶᠢᠨ ᠲᠠᠮᠤᠷ ᠵᠠᠮ  ᠤᠨ ᠲᠡᠭᠡᠭᠡᠪᠦᠷᠢ ᠡᠵᠡᠩᠨᠠᠯᠳᠠ ᠶᠢᠨ ᠵᠠᠮ  ᠤᠨ ᠵᠠᠢ ᠶᠢ 3800 ᠺᠢᠯᠤᠮᠧᠲᠷ ᠲᠤ ᠬᠦᠷᠭᠡᠨ᠎ᠠ᠃ ᠤᠷᠳᠤᠰ ᠨᠢᠰᠭᠡᠯ  ᠤᠨ ᠪᠠᠭᠤᠳᠠᠯ  ᠢ ᠦᠭᠡᠷᠡᠴᠢᠯᠡᠨ ᠦᠷᠭᠡᠳᠭᠡᠨ ᠪᠠᠶᠢᠭᠤᠯᠬᠤ ᠪᠠᠷᠢᠯᠭ᠎ᠠ ᠶᠢ ᠪᠠᠶᠠᠯᠡᠬᠦᠯᠵᠤ᠂ ᠠᠭᠠᠷ  ᠤᠨ ᠠᠶᠠᠯᠠᠯ ᠤᠨ ᠱᠤᠭᠤᠮ  ᠢ ᠰᠢᠯᠢᠳᠡᠭᠵᠢᠬᠦᠯᠦᠨ ᠨᠢᠬᠳᠠᠷᠠᠭᠤᠯᠵᠤ᠂ ᠤᠯᠠᠨ ᠤᠯᠤᠰ ᠤᠨ ᠠᠭᠠᠷ  ᠤᠨ ᠠᠶᠠᠯᠠᠯ  ᠤᠨ ᠱᠤᠭᠤᠮ  ᠢ ᠨᠡᠭᠡᠭᠡᠬᠦ ᠪᠠᠷ ᠴᠢᠷᠮᠠᠶᠢᠨ᠎ᠠ᠃ ᠴᠠᠬᠢᠯᠭᠠᠨ ᠲᠤᠤᠷ ᠤᠨ ᠪᠠᠶᠢᠷᠢᠯᠠᠭᠤᠯᠤᠯᠳᠠ ᠶᠢ ᠲᠡᠭᠦᠯᠳᠡᠷᠵᠢᠬᠦᠯᠵᠤ᠂ ᠤᠨᠴᠠ ᠦᠨᠳᠤᠷ ᠬᠦᠴᠦᠳᠠᠯᠳᠤ ᠴᠠᠬᠢᠯᠭᠠᠨ ᠬᠦᠴᠦ ᠶᠢ ᠭᠠᠳᠠᠭᠰᠢ ᠲᠠᠮᠵᠢᠭᠤᠯᠬᠤ ᠵᠠᠮ  ᠢ ᠲᠦᠯᠦᠪᠵᠢᠬᠦᠯᠦᠨ ᠪᠦᠳᠦᠭᠡᠨ ᠪᠠᠶᠢᠭᠤᠯᠵᠤ᠂ ᠤᠯᠤᠰ  ᠤᠨ ᠴᠠᠬᠢᠯᠭᠠᠨ ᠬᠦᠴᠦᠨ  ᠢ ᠭᠠᠳᠠᠭᠰᠢ ᠲᠠᠮᠵᠢᠭᠤᠯᠬᠤ ᠵᠠᠮ  ᠤᠨ ᠤᠷᠤᠰᠬᠠᠯ ᠨᠡᠶᠢᠯᠡᠬᠦ ᠦᠷᠳᠡᠭᠡ ᠶᠢ ᠪᠠᠶᠢᠭᠤᠯᠤᠨ᠎ᠠ᠃ ᠪᠦᠬᠦ ᠬᠤᠲᠠ  ᠶᠢᠨ ᠴᠠᠬᠢᠯᠭᠠᠨ ᠬᠦᠴᠦᠨ  ᠢ ᠭᠠᠳᠠᠭᠰᠢ ᠲᠠᠮᠵᠢᠭᠤᠯᠬᠤ ᠴᠢᠳᠠᠪᠤᠷᠢ ᠶᠢ  1200 ᠲᠦᠮᠠᠨ ᠺᠢᠯᠤᠸᠠᠲ ᠠᠴᠠ ᠲᠡᠭᠡᠭᠰᠢ ᠬᠦᠷᠭᠡᠨ᠎ᠠ᠃ ᠤᠷᠳᠤᠰ ᠠᠴᠠ ᠪᠡᠭᠡᠵᠢᠩ ᠲᠢᠶᠠᠨᠵᠢᠨ ᠲᠠᠩᠱᠠᠨ ᠵᠡᠷᠭᠡ ᠭᠠᠵᠠᠷ ᠲᠤ ᠬᠦᠷᠬᠦ  ᠬᠢᠮᠢ ᠶᠢᠨ ᠦᠢᠯᠡᠳᠬᠦᠨ ᠢ ᠭᠠᠳᠠᠭᠰᠢ ᠲᠠᠮᠵᠢᠭᠤᠯᠬᠤ ᠬᠤᠭᠤᠯᠠᠢ ᠶᠢ ᠲᠦᠯᠦᠪᠵᠢᠬᠦᠯᠦᠨ ᠪᠦᠳᠦᠭᠡᠨ ᠪᠠᠶᠢᠭᠤᠯᠵᠤ᠂ ᠲᠡᠭᠡᠭᠡᠪᠦᠷᠢᠯᠡᠬᠦ ᠰᠢᠨ᠎ᠠ ᠵᠠᠮ  ᠢ ᠨᠡᠭᠡᠭᠡᠨ᠎ᠠ᠃ ᠴᠢᠮᠡᠭᠡ ᠵᠠᠩᠭᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠴᠢᠮᠡᠭᠡ ᠵᠠᠩᠭᠢᠴᠢᠯᠠᠯᠳᠠ ᠪᠠ ᠠᠵᠤ ᠦᠢᠯᠡᠳᠪᠦᠷᠢᠵᠢᠯᠳᠠ  ᠠᠭᠤᠰᠤᠯᠴᠠᠨ ᠬᠦᠭᠵᠢᠬᠦ ᠶᠢ ᠶᠡᠭᠡᠪᠠᠷ ᠠᠬᠢᠭᠤᠯᠵᠤ᠂ ᠪᠦᠬᠦ ᠬᠤᠳᠠ ᠶᠢ ᠪᠦᠷᠬᠦᠭᠰᠡᠨ ᠶᠡᠷᠦᠩᠭᠡᠶᠢᠯᠡᠭᠰᠡᠨ ᠴᠢᠮᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠵᠠᠰᠠᠭ ᠵᠠᠬᠢᠷᠭᠠᠨ  ᠤ ᠭᠠᠴᠠᠭ᠎ᠠ ᠲᠤᠰᠬᠤᠨ  ᠳᠤ ᠦᠷᠭᠡᠨ ᠪᠦᠰᠠ ᠶᠢ ᠨᠡᠪᠳᠡᠷᠡᠬᠦᠯᠬᠦ ᠬᠠᠷᠠᠯᠳᠠ ᠶᠢ ᠪᠠᠶᠠᠯᠠᠬᠦᠯᠦᠨ᠎ᠠ᠃     ︵ᠲᠦᠷᠪᠠ︶ ᠰᠢᠨᠵᠢᠯᠡᠬᠦ ᠤᠬᠠᠭᠠᠨ ᠮᠡᠷᠭᠡᠵᠢᠯ  ᠢᠶᠠᠷ ᠬᠤᠳᠠ ᠪᠠᠨ ᠬᠦᠭᠵᠢᠬᠦᠯᠬᠦ ᠪᠠ ᠴᠢᠳᠠᠪᠤᠷᠢᠳᠠᠨ  ᠢᠶᠠᠷ ᠬᠤᠳᠠ ᠪᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠤ᠂ ᠪᠠᠶ᠎ᠠ ᠪᠠᠨ ᠲᠠᠭᠠᠭᠠᠨ ᠰᠢᠨ᠎ᠠ ᠶᠢ ᠡᠬᠦᠳᠬᠦ ᠴᠢᠳᠠᠪᠤᠷᠢ ᠶᠢ ᠴᠢᠷᠮᠠᠶᠢᠨ ᠲᠡᠭᠡᠭᠰᠢᠯᠡᠬᠦᠯᠦᠨ᠎ᠠ᠃ ᠨᠢᠭᠡ  ᠳᠤ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠠ ᠶᠢ ᠡᠬᠦᠳᠬᠦ ᠰᠢᠰᠲ᠋ᠧᠮᠵᠢ ᠶᠢ ᠲᠦᠷᠭᠡᠨ  ᠢᠶᠠᠷ ᠪᠠᠶᠢᠭᠤᠯᠤᠨ᠎ᠠ᠃ ᠡᠳ᠋  ᠤᠨ ᠵᠠᠰᠠᠭ᠂ ᠠᠵᠤ ᠠᠬᠤᠶᠢᠯᠠᠯ ᠪᠠ ᠨᠡᠶᠢᠭᠡᠮ  ᠤᠨ ᠪᠠᠯᠠ ᠤᠷᠤᠭᠤᠯᠤᠯᠳᠠ ᠶᠢ ᠨᠡᠮᠡᠭᠳᠡᠬᠦᠯᠵᠤ᠂ ᠠᠵᠤ ᠠᠬᠤᠶᠢᠯᠠᠯ  ᠢᠶᠠᠷ ᠭᠤᠤᠯ ᠴᠤᠭᠴᠨ ᠪᠤᠯᠭᠠᠵᠤ᠂ ᠵᠠᠬ᠎ᠠ ᠲᠠᠯᠭᠡᠬᠦᠷ  ᠢᠶᠠᠷ ᠤᠳᠤᠷᠢᠳᠤᠮᠵᠢ ᠪᠤᠯᠭᠠᠨ᠂ ᠵᠠᠰᠠᠭ ᠤᠨ ᠤᠷᠳᠤᠨ ᠠᠴᠠ ᠠᠬᠢᠭᠤᠯᠵᠤ᠂ ᠦᠢᠯᠡᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠤᠭᠰᠠᠨ ᠴᠢᠯᠤᠭᠡᠳᠤ ᠴᠢᠨᠠᠷ ᠲᠠᠢ ᠤᠷᠤᠨ ᠲᠤᠭᠤᠷᠢᠭ  ᠤᠨ ᠰᠢᠨ᠎ᠠ ᠶᠢ ᠡᠬᠦᠳᠬᠦ ᠰᠢᠰᠲ᠋ᠧᠮᠵᠢ ᠶᠢ ᠪᠠᠶᠢᠭᠤᠯᠤᠨ᠎ᠠ᠃ ᠤᠷᠳᠤᠰ  ᠤᠨ ᠲᠤᠤᠷ᠎ᠠ ᠨᠡᠬᠦᠷᠡᠰᠦᠳᠦ᠋ᠷᠦᠭᠴᠢᠳᠤ ᠬᠦᠨᠳᠠᠢ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠎ ᠤᠨ ᠬᠦᠷᠢᠶᠠᠯᠠᠩ  ᠤᠨ ᠰᠢᠨᠵᠢᠯᠡᠬᠦ ᠤᠬᠠᠭᠠᠨ  ᠤ ᠲᠤᠮᠤ ᠲᠤᠨᠤᠭ ᠲᠦᠬᠦᠭᠡᠷᠦᠮᠵᠢ ᠵᠡᠷᠭᠡ ᠴᠢᠬᠤᠯᠠ ᠲᠦᠷᠦᠯ ᠵᠦᠢᠯ  ᠳᠤ ᠲᠦᠰᠢᠭᠯᠡᠨ᠂ ᠵᠠᠩᠬᠢᠯᠠᠭ᠎ᠠ ᠶᠢᠨ ᠬᠦᠷᠢᠶ᠎ᠠ ᠬᠡᠪᠴᠢᠶ᠎ᠠ ᠪᠠ ᠭᠤᠤᠯ ᠮᠡᠷᠭᠡᠵᠢᠯ ᠤᠨ ᠰᠢᠨ᠎ᠠ ᠶᠢ ᠡᠬᠦᠳᠬᠦ ᠶᠢ ᠠᠬᠢᠭᠤᠯᠵᠤ᠂ ᠨᠡᠬᠦᠷᠡᠰᠤ ᠶᠢ ᠠᠷᠢᠭᠤᠨ ᠴᠡᠪᠠᠷᠴᠢ ᠪᠠᠷ ᠬᠤᠪᠢᠷᠠᠭᠤᠯᠬᠤ᠂ ᠦᠵᠦᠬᠦᠷ ᠲᠡᠰ  ᠤᠨ ᠬᠢᠮᠢ ᠎ ᠶᠢᠨ ᠠᠵᠤ ᠦᠢᠯᠡᠳᠪᠦᠷᠢ᠂ ᠰᠢᠨ᠎ᠠ ᠡᠨᠧᠷᠬᠢ᠂ ᠠᠮᠢᠳᠤ ᠪᠤᠳᠠᠰ ᠤᠨ ᠡᠮ ᠡᠮᠨᠡᠯᠭᠡ᠂ ᠰᠤᠳᠤᠨ ᠨᠡᠭᠡᠮᠡᠯ᠂ ᠤᠷᠴᠢᠨ ᠲᠤᠭᠤᠷᠢᠨ ᠢ ᠬᠠᠮᠠᠭᠠᠯᠠᠬᠤ ᠪᠠ ᠡᠬᠢ ᠪᠠᠶᠠᠯᠢᠭ ᠢ ᠶᠡᠷᠦᠩᠭᠡᠶᠢᠯᠠᠨ ᠠᠰᠢᠭᠯᠠᠬᠤ ᠵᠡᠷᠭᠡ ᠬᠦᠷᠢᠶ᠎ᠠ ᠬᠡᠪᠴᠢᠶᠠᠨ ᠳᠤ ᠨᠢᠭᠡ ᠪᠦᠯᠦᠭ ᠭᠤᠤᠯ ᠮᠡᠷᠭᠡᠵᠢᠯ ᠢ ᠤᠷᠤᠭᠤᠯᠬᠤ ᠪᠤᠶᠤ ᠰᠢᠪᠲᠣᠯᠵᠤ᠂ ᠠᠵᠤ ᠦᠢᠯᠡᠰ ᠤᠨ ᠦᠷᠢᠰᠦᠯᠳᠤᠬᠦ ᠬᠦᠴᠦᠨ ᠢ ᠲᠡᠭᠡᠭᠰᠢᠯᠡᠬᠦᠯᠦᠨ᠎ᠠ᠃ ᠤᠯᠤᠰ  ᠤᠨ ᠲᠤᠳᠤᠭᠠᠳᠤ ᠭᠠᠳᠠᠭᠠᠳᠤ ᠶᠢᠨ ᠡᠷᠳᠡᠮ  ᠰᠢᠨᠵᠢᠯᠡᠭᠡᠨ  ᠤ ᠬᠦᠷᠢᠶᠠᠯᠠᠩ ᠭᠠᠵᠠᠷ᠂ ᠲᠡᠭᠡᠳᠤ ᠰᠤᠷᠭᠠᠭᠤᠯᠢ ᠲᠠᠢ ᠬᠠᠮᠳᠤᠷᠠᠨ ᠠᠵᠢᠯᠯᠠᠬᠤ ᠪᠠᠨ ᠴᠢᠩᠭᠠᠳᠬᠠᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ  ᠤ ᠲᠡᠰ  ᠤᠨ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠠ ᠶᠢ ᠡᠬᠦᠳᠬᠦ  ᠨᠢᠭᠡ ᠪᠦᠯᠦᠭ ᠰᠠᠭᠤᠷᠢᠨ ᠭᠠᠵᠠᠷ  ᠢ ᠪᠠᠶᠢᠭᠤᠯᠤᠨ᠎ᠠ᠃ 2015 ᠤᠨ ᠪᠤᠯᠬᠤ  ᠳᠤ ᠪᠦᠬᠦ ᠬᠤᠳᠠ ᠶᠢᠨ ᠰᠤᠳᠤᠯᠤᠨ ᠨᠡᠭᠡᠭᠡᠯᠳᠠ ᠬᠢᠬᠦ ᠵᠡᠷᠤᠳᠠᠯ  ᠤᠨ ᠤᠷᠤᠭᠤᠯᠤᠯᠳᠠ ᠶᠢᠨ GDP ᠎ ᠳᠤ ᠡᠵᠡᠯᠡᠬᠦ ᠬᠠᠷᠢᠴᠠᠯ  ᠢ  1.5%᠎ ᠠᠴᠠ ᠲᠡᠭᠡᠭᠰᠢ ᠬᠦᠷᠭᠡᠵᠤ᠂ ᠨᠡᠭᠦᠷᠡᠰᠦ ᠬᠢᠮᠢ ᠶᠢᠨ ᠠᠵᠤ ᠦᠢᠯᠳᠪᠦᠷᠢ᠂ ᠮᠠᠰᠢᠨ ᠲᠡᠷᠭᠡ ᠵᠡᠷᠭᠡ ᠠᠯᠢᠪᠠ ᠭᠤᠤᠯᠯᠠᠬᠤ ᠠᠵᠤ ᠦᠢᠯᠡᠰ ᠲᠤ 3 — 5 ᠳ᠋ᠦᠡᠭᠰᠢᠭᠤᠷ  ᠤᠨ ᠪᠠᠯᠠ ᠤᠷᠤᠭᠤᠯᠤᠨ ᠰᠤᠳᠤᠯᠤᠨ ᠨᠡᠭᠡᠭᠡᠯᠳᠠ ᠬᠢᠬᠦ ᠰᠠᠭᠤᠷᠢᠨ ᠭᠠᠵᠠᠷ ᠪᠠᠶᠢᠭᠤᠯᠤᠨ᠎ᠠ᠃ ᠬᠤᠶᠠᠷ ᠲᠤ ᠦᠨᠳᠦᠷ ᠬᠡᠪ ᠴᠢᠨᠠᠷ ᠲᠠᠢ ᠴᠢᠨᠳᠠᠪᠤᠷᠢᠳᠠᠨ  ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ 10 ᠲᠦᠮᠠᠨ ᠴᠢᠳᠠᠪᠤᠷᠢᠳᠠᠨ ᠢ ᠪᠤᠯᠪᠠᠰᠤᠷᠠᠭᠤᠯᠤᠨ ᠤᠷᠤᠭᠤᠯᠬᠤ ᠲᠦᠯᠦᠪᠯᠡᠭᠡ ᠶᠢ ᠬᠡᠷᠡᠭᠵᠢᠬᠦᠯᠦᠨ᠎ᠠ᠃ ᠨᠠᠮ ᠵᠠᠰᠠᠭ  ᠤᠨ ᠴᠢᠳᠠᠪᠤᠷᠢᠳᠠᠨ᠂ ᠦᠵᠤᠬᠦᠷ ᠲᠡᠰ ᠤᠨ ᠡᠷᠳᠡᠮ ᠰᠢᠨᠵᠢᠯᠡᠭᠡᠨ  ᠤ ᠴᠢᠳᠠᠪᠤᠷᠢᠳᠠᠨ᠂ ᠠᠵᠤ ᠠᠬᠤᠶᠢᠯᠠᠯ ᠤᠨ ᠬᠠᠮᠢᠶᠠᠷᠤᠯᠳᠠ ᠶᠢᠨ ᠴᠢᠳᠠᠪᠤᠷᠢᠳᠠᠠ᠂ ᠲᠤᠰᠬᠠᠢ ᠮᠡᠷᠭᠡᠵᠢᠯ  ᠤᠨ ᠴᠢᠳᠠᠪᠤᠷᠢᠳᠠᠨ᠂ ᠨᠠᠶᠢᠭᠡᠮ ᠤᠨ ᠴᠢᠳᠠᠪᠤᠷᠢᠳᠠᠨ ᠤ ᠡᠩᠨᠡᠭᠡ ᠎ ᠶᠢᠨ ᠪᠠᠶᠢᠭᠤᠯᠤᠯᠳᠠ ᠶᠢ ᠪᠦᠬᠦ ᠬᠦᠴᠦᠨ  ᠢᠶᠠᠷ  ᠢᠶᠠᠨ ᠰᠠᠶᠢᠳᠤᠷ ᠠᠳᠬᠤᠵᠤ᠂ ᠨᠤᠳᠤᠭ ᠤᠨ ᠴᠢᠳᠠᠪᠤᠷᠢᠳᠠᠨ ᠢᠯᠠᠩᠭᠤᠶ᠎ᠠ ᠠᠵᠤ ᠦᠢᠯᠡᠰ ᠤᠨ ᠠᠵᠢᠯᠴᠢᠨ ᠢ ᠬᠦᠮᠦᠵᠢᠬᠦᠯᠬᠦ ᠶᠢ ᠴᠢᠩᠭᠠᠳᠬᠠᠬᠤ ᠶᠢ ᠴᠢᠬᠤᠯᠠᠴᠢᠯᠠᠵᠤ᠂ ᠠᠵᠤ ᠦᠢᠯᠡᠰ ᠤᠨ ᠬᠦᠭᠵᠢᠯᠳᠠ ᠶᠢᠨ ᠬᠡᠷᠡᠭᠴᠡᠭᠡ ᠶᠢ ᠬᠠᠨᠭ᠍ᠭᠠᠨ᠎ᠠ᠃ ᠭᠤᠷᠪᠠ  ᠳᠤ ᠨᠠᠷᠡᠳᠤ ᠲᠠᠸᠠᠷ ᠤᠨ ᠲᠡᠮᠳᠡᠭ  ᠢᠶᠠᠷ ᠲᠠᠶᠢᠴᠢᠯᠡᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠎ᠠ᠃  ᠬᠦᠭᠵᠢᠯᠳᠠ ᠶᠢᠨ ᠤᠷᠴᠢᠨ ᠲᠤᠭᠤᠷᠢᠨ  ᠢᠶᠠᠨ ᠰᠢᠯᠢᠳᠡᠭᠵᠢᠬᠦᠯᠵᠤ᠂ ᠠᠵᠤ ᠠᠬᠤᠶᠢᠯᠠᠯ ᠤᠨ ᠨᠡᠷᠡᠳᠤ ᠲᠠᠸᠠᠷ ᠤᠨ ᠲᠡᠮᠳᠡᠭ  ᠢ ᠦᠷᠢᠰᠦᠯᠳᠤᠨ ᠡᠬᠦᠳᠬᠦ ᠶᠢ ᠲᠠᠮᠵᠢᠵᠤ᠂ ᠨᠡᠷᠡᠳᠤ ᠲᠠᠸᠠᠷ  ᠤᠨ ᠲᠡᠮᠳᠡᠭ ᠤᠨ ᠲᠠᠶᠢᠴᠢᠯᠠᠬᠤ ᠦᠢᠯᠡᠳᠤᠯ ᠢ ᠪᠠᠳᠠᠷᠠᠭᠤᠯᠵᠤ᠂ ᠨᠠᠷᠠᠳᠤ ᠲᠠᠸᠠᠷ ᠤᠨ ᠲᠡᠮᠳᠡᠭᠳᠤ ᠦᠢᠯᠡᠳᠬᠦᠨ ᠲᠠᠢ ᠠᠵᠤ ᠠᠬᠤᠶᠢᠯᠠᠯ ᠢ ᠬᠦᠭᠵᠢᠬᠦᠯᠦᠨ ᠬᠦᠴᠦᠷᠭᠡᠭᠵᠢᠬᠦᠯᠬᠦ ᠶᠢ  ᠵᠤᠷᠢᠭᠵᠢᠭᠤᠯᠵᠤ᠂  ᠤᠷᠳᠤᠰ ᠎ ᠤᠨ ᠦᠢᠯᠡᠳᠬᠦᠨ ᠤ ᠠᠯᠳᠠᠷᠰᠢᠯ ᠪᠠ ᠵᠠᠬ᠎ᠠ ᠲᠠᠯᠭᠡᠬᠦᠷ ᠤᠨ ᠦᠷᠢᠰᠦᠯᠳᠤᠬᠦ ᠬᠦᠴᠦᠨ  ᠢ ᠲᠡᠭᠡᠭᠰᠢᠯᠡᠬᠦᠯᠦᠨ᠎ᠠ᠃ ᠲᠦᠷᠪᠠ ᠳᠤ ᠴᠢᠯᠤᠭᠡᠳᠠᠢ ᠶᠠᠪᠤᠯᠴᠠᠨ ᠬᠠᠮᠳᠤᠷᠠᠨ ᠠᠵᠢᠯᠯᠠᠬᠤ ᠬᠡᠯᠪᠡᠷᠢ ᠶᠢᠨ ᠰᠢᠨ᠎ᠠ ᠶᠢ ᠡᠬᠦᠳᠤᠨ᠎ᠠ᠃ ᠬᠦᠭᠡᠬᠤᠳᠠ ᠪᠤᠭᠤᠳᠤ ᠤᠷᠳᠤᠰ  ᠤᠨ ᠬᠤᠳᠠ ᠶᠢᠨ ᠰᠦᠷᠦᠭᠯᠠᠯ᠂ ᠦᠪᠡᠷᠳᠡᠭᠡᠨ ᠵᠠᠰᠠᠬᠤ ᠤᠷᠤᠨ ᠤ ᠪᠠᠷᠠᠭᠤᠨ ᠬᠡᠰᠡᠭ  ᠤᠨ ᠠᠵᠤ ᠠᠬᠤᠢ ᠶᠢᠨ ᠤᠷᠤᠨ᠂ ᠬᠦᠭᠡᠬᠤᠳᠠ ᠪᠤᠭᠤᠳᠤ ᠢᠷᠭᠠᠢ ᠶᠢᠨ ᠠᠵᠤ ᠠᠬᠤᠢ ᠶᠢᠨ ᠪᠦᠰᠠ ᠪᠠ ᠦᠪᠦᠷ ᠮᠤᠩᠭᠤᠯ ᠱᠠᠨᠰᠢ ᠨᠢᠩᠰᠢᠶᠠ ᠶᠢᠨ ᠤᠯᠤᠰ ᠎ ᠤᠨ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ︽ᠠᠯᠳᠠᠨ ᠭᠤᠷᠪᠠᠯᠵᠢᠨ ᠬᠤᠶᠢᠭ︾ ᠎ ᠳᠤ ᠰᠠᠨᠠᠭᠠᠴᠢᠯᠭ᠎ᠠ ᠠᠴᠠ ᠪᠠᠨ ᠠᠭᠤᠰᠤᠨ ᠤᠷᠤᠵᠤ᠂ ᠪᠡᠭᠡᠵᠢᠩ ᠲᠢᠶᠠᠨᠵᠢᠨ ᠡᠾᠪᠸᠢ᠂ ᠪᠦᠸᠧ ᠬᠠᠢ ᠲᠠᠩᠭᠢᠰ  ᠢ ᠲᠤᠭᠤᠷᠢᠭᠰᠠᠨ᠂ ᠬᠦᠭᠡ ᠮᠦᠷᠡᠨ  ᠤ ᠭᠤᠷᠪᠠᠯᠵᠢᠨ ᠬᠤᠶᠢᠭ ᠪᠠ ᠵᠦᠵᠢᠶᠠᠩ ᠮᠦᠷᠠᠨ  ᠤ ᠭᠤᠷᠪᠠᠯᠵᠢᠨ ᠬᠤᠶᠢᠭ ᠵᠡᠷᠭᠡ ᠵᠠᠬ᠎ᠠ ᠲᠠᠯᠭᠡᠬᠦᠷ ᠲᠠᠢ ᠢᠳᠡᠪᠬᠢᠳᠡᠢ ᠠᠪᠴᠠᠯᠳᠤᠵᠤ᠂ ᠮᠠᠨ  ᠤ ᠬᠤᠳᠠ ᠶᠢᠨ ᠡᠨᠧᠷᠬᠢ᠂ ᠬᠢᠮᠢ ᠶᠢᠨ ᠠᠵᠤ ᠦᠢᠯᠡᠳᠪᠦᠷᠢ᠂ ᠨᠡᠭᠡᠮᠡᠯ ᠵᠡᠷᠭᠡ ᠦᠢᠯᠡᠳᠬᠦᠨ  ᠤ ᠵᠠᠬ᠎ᠠ ᠲᠡᠯᠭᠡᠬᠦᠷ  ᠤᠨ ᠤᠷᠤᠨ ᠵᠠᠢ ᠶᠢ ᠦᠷᠭᠡᠳᠭᠡᠵᠤ᠂ ᠲᠠᠷᠢᠬᠦᠨ  ᠤ ᠭᠠᠵᠠᠷ ᠤᠷᠤᠨ  ᠤ ᠠᠵᠤ ᠦᠢᠯᠡᠰ ᠤᠨ ᠰᠢᠯᠵᠢᠯᠳᠠ ᠶᠢ ᠪᠦᠲᠦᠮᠵᠢᠲᠠᠢ ᠵᠠᠯᠭᠠᠮᠵᠢᠯᠠᠵᠤ᠂ ᠠᠵᠤ ᠠᠬᠤᠢ ᠨᠡᠶᠢᠭᠡᠮ  ᠤᠨ ᠬᠦᠭᠵᠢᠯᠳᠠ  ᠳᠤ ᠰᠢᠨ᠎ᠠ ᠬᠦᠳᠡᠯᠭᠡᠭᠴᠢ ᠬᠦᠴᠦᠨ ᠪᠠ ᠠᠮᠢᠵᠢᠷᠠᠯ  ᠤᠨ ᠬᠦᠴᠦᠨ ᠤᠯᠭᠤᠨ᠎ᠠ᠃ ᠬᠢᠨᠭ᠍ᠭᠠᠨ ᠠᠶᠢᠮᠠᠭ  ᠢ ᠲᠤᠰᠠᠯᠠᠬᠤ ᠠᠵᠢᠯ  ᠢ ᠯᠠᠪᠳᠠᠭᠤᠨ ᠪᠠᠳᠤᠳᠠᠢ ᠰᠠᠶᠢᠳᠤᠷ ᠬᠢᠨ᠎ᠠ᠃      ︵ᠲᠠᠪᠤ︶ ᠠᠷᠠᠳ  ᠤᠨ ᠠᠮᠢᠳᠤᠷᠠᠯ  ᠢᠶᠠᠷ ᠭᠤᠤᠯ ᠪᠤᠯᠭᠠᠭᠰᠠᠨ ᠨᠡᠶᠢᠭᠡᠮ  ᠤᠨ ᠪᠦᠳᠦᠭᠡᠨ ᠪᠠᠶᠢᠭᠤᠯᠤᠯᠳᠠ ᠶᠢ ᠦᠨᠡᠨᠬᠦ ᠴᠢᠩᠭᠠᠳᠬᠠᠵᠤ᠂ ᠠᠷᠠᠳ ᠤᠯᠠᠨ ᠤ ᠵᠤᠯ ᠵᠢᠷᠭᠠᠯ  ᠤᠨ ᠢᠯᠡᠳᠭᠡᠭᠴᠢ ᠲᠤᠭ᠎ᠠ ᠶᠢ ᠴᠢᠷᠮᠠᠶᠢᠨ ᠲᠡᠭᠡᠭᠰᠢᠯᠡᠬᠦᠯᠦᠨ᠎ᠠ᠃ ᠠᠷᠠᠳ  ᠢᠶᠠᠨ ᠪᠠᠶᠠᠵᠢᠭᠤᠯᠬᠤ ᠪᠠ ᠬᠤᠳᠠ ᠪᠠᠨ ᠬᠦᠴᠦᠷᠭᠡᠭᠵᠢᠬᠦᠯᠬᠦ ᠶᠢ ᠵᠡᠷᠭᠡᠪᠡᠷ ᠴᠢᠬᠤᠯᠠᠴᠢᠯᠠᠬᠤ᠂ ᠠᠷᠠᠳ  ᠢ ᠤᠷᠢᠳᠠᠪᠠᠷ ᠪᠠᠶᠠᠵᠢᠭᠤᠯᠬᠤ ᠶᠢ ᠪᠠᠷᠢᠮᠳᠠᠯᠠᠵᠤ᠂ ᠠᠷᠠᠳ  ᠤᠨ ᠠᠮᠢᠳᠤᠷᠠᠯ ᠢ ᠨᠡᠩ ᠶᠡᠭᠡ ᠬᠦᠴᠦᠯᠡᠴᠨ ᠪᠠᠷ ᠪᠠᠳᠤᠯᠠᠨ ᠰᠠᠶᠢᠵᠢᠷᠠᠭᠤᠯᠵᠤ ᠂ ᠠᠷᠠᠳ ᠤᠯᠠᠨ  ᠤ ᠵᠤᠯ ᠵᠢᠷᠭᠠᠯᠳᠤ ᠲᠦᠷᠦᠭᠳᠡᠯ ᠪᠠ ᠬᠠᠨᠤᠮᠵᠢᠳᠠᠢ ᠬᠡᠮᠵᠢᠶ᠎ᠠ ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠠ᠃ ᠪᠦᠬᠦ ᠬᠤᠳᠠ ᠶᠢᠨ ᠡᠯ᠎ᠠ ᠱᠠᠳᠤᠨ  ᠤ ᠡᠳ᠋ ᠤᠨ ᠵᠠᠰᠠᠭ ᠤᠨ ᠬᠢᠨ ᠠᠷᠠᠳ  ᠤᠨ ᠠᠮᠢᠳᠤᠷᠠᠯ  ᠢ ᠪᠠᠳᠤᠯᠠᠬᠤ ᠪᠠ ᠰᠠᠶᠢᠵᠢᠷᠠᠭᠤᠯᠬᠤ  ᠳᠤ ᠬᠡᠷᠡᠭᠯᠡᠬᠦ ᠪᠠᠯᠠ ᠮᠦᠡᠭᠬᠦ ᠶᠢ ᠶᠡᠷᠦᠩᠭᠡᠢ ᠵᠠᠷᠤᠳᠠᠯ  ᠤᠨ 55% ᠎ ᠠᠴᠠ ᠲᠡᠭᠡᠭᠰᠢ ᠪᠠᠶᠢᠯᠭᠠᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠤᠷᠤᠯᠭ᠎ᠠ ᠶᠢ ᠨᠡᠮᠡᠭᠳᠡᠬᠦᠯᠬᠦ ᠶᠢ ᠠᠷᠠᠳ  ᠤᠨ ᠠᠮᠢᠳᠤᠷᠠᠯ  ᠢ ᠰᠠᠶᠢᠵᠢᠷᠠᠭᠤᠯᠬᠤ ᠲᠠᠷᠢᠬᠦᠨ ᠴᠢᠬᠤᠯᠠ ᠡᠬᠦᠷᠭᠡ ᠪᠤᠯᠭᠠᠨ᠂ ᠠᠷᠭ᠎ᠠ ᠪᠦᠬᠦᠨ ᠢ ᠰᠦᠪᠡᠭᠴᠢᠯᠡᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠤ᠂ ᠰᠠᠭᠤᠭᠠᠯᠢ ᠠᠷᠠᠳ  ᠤᠨ ᠤᠷᠤᠯᠭ᠎ᠠ ᠶᠢ ᠠᠵᠤ ᠠᠬᠤᠢ ᠶᠢᠨ ᠬᠦᠭᠵᠢᠯᠳᠠ ᠲᠠᠢ ᠵᠡᠷᠭᠡᠪᠡᠷ ᠨᠡᠮᠡᠭᠳᠡᠬᠦᠯᠬᠦ ᠶᠢ ᠴᠢᠷᠮᠠᠶᠢᠨ ᠪᠠᠶᠠᠯᠡᠬᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠬᠢᠷᠢ ᠲᠦᠪᠰᠢᠨ  ᠢ ᠪᠦᠬᠦ ᠤᠯᠤᠰ  ᠤᠨ ᠲᠤᠰᠬᠠᠢ ᠤᠷᠤᠨ  ᠤ ᠲᠡᠰ  ᠤᠨ ᠬᠤᠳᠠ ᠶᠢᠨ ᠲᠠᠷᠢᠬᠦᠨ ᠡᠩᠨᠡᠭᠡᠨ  ᠳᠤ ᠤᠷᠤᠭᠤᠯᠬᠤ ᠪᠠᠷ ᠴᠢᠷᠮᠠᠶᠢᠨ᠎ᠠ᠃ ᠰᠤᠷᠭᠠᠨ ᠬᠦᠮᠦᠵᠢᠯ  ᠤᠨ ᠦᠢᠯᠡᠰ  ᠢ ᠤᠷᠢᠳᠠᠪᠠᠷ ᠬᠦᠭᠵᠢᠬᠦᠯᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ ᠎ ᠤ ᠲᠤᠮᠳᠠ ᠤᠷᠳᠤ ᠬᠤᠭᠤᠴᠠᠭᠠᠨ ᠤ ᠰᠤᠷᠭᠠᠨ ᠬᠦᠮᠦᠵᠢᠯ  ᠤᠨ ᠦᠭᠡᠷᠡᠴᠢᠯᠠᠯᠳᠠ ᠬᠦᠭᠵᠢᠯᠳᠠ ᠶᠢᠨ ᠲᠦᠯᠦᠪᠵᠢᠬᠦᠯᠭᠡ ᠶᠢᠨ ᠬᠦᠳᠦᠯᠪᠦᠷᠢ ᠶᠢᠨ ᠲᠤᠪᠴᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠬᠡᠪ ᠴᠢᠨᠠᠷ  ᠤᠨ ᠰᠤᠷᠭᠠᠨ ᠬᠦᠮᠦᠵᠢᠯ  ᠢ ᠢᠳᠠᠪᠬᠢᠳᠠᠢ ᠠᠬᠢᠭᠤᠯᠵᠤ᠂ ᠰᠤᠷᠭᠠᠨ ᠬᠦᠮᠦᠵᠢᠯ  ᠤᠨ ᠵᠢᠭᠠᠨ ᠰᠤᠷᠭᠠᠬᠤ ᠶᠠᠰᠤ ᠴᠢᠨᠠᠷ ᠢ ᠲᠡᠭᠡᠭᠰᠢᠯᠡᠬᠦᠯᠦᠨ᠎ᠠ᠃ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠢ ᠡᠳ᠋ ᠎ ᠤᠨ ᠵᠠᠰᠠᠭ ᠤᠨ ᠪᠠᠳᠤᠯᠠᠭ᠎ᠠ ᠶᠢᠨ ᠬᠦᠷᠢᠶ᠎ᠠ ᠬᠡᠪᠴᠢᠶᠠᠨ ᠳᠤ ᠤᠷᠤᠭᠤᠯᠵᠤ᠂ 3 ᠵᠢᠯ  ᠤᠨ ᠬᠤᠭᠤᠴᠠᠭ᠎ᠠ ᠶᠢ ᠬᠡᠷᠡᠭᠰᠡᠨ ᠤᠷᠳᠤᠰ ᠨᠤᠳᠤᠭ ᠲᠠᠢ ᠰᠤᠷᠤᠭᠴᠢ  ᠳᠤ 15  ᠵᠢᠯ  ᠤᠨ ᠦᠨ᠎ᠠ ᠲᠦᠯᠦᠪᠦᠷᠢ ᠦᠭᠡᠢ ᠰᠤᠷᠭᠠᠨ ᠬᠦᠮᠦᠵᠢᠯ  ᠢ ᠪᠦᠬᠦ ᠲᠠᠯ᠎ᠠ  ᠪᠠᠷ ᠲᠦᠭᠡᠮᠠᠯᠵᠢᠬᠦᠯᠦᠨ᠎ᠠ᠃ ᠦᠨᠳᠦᠰᠦᠳᠠᠨ  ᠤ ᠰᠤᠷᠭᠠᠨ ᠬᠦᠮᠦᠵᠢᠯ  ᠢ ᠶᠡᠭᠡᠪᠡᠷ ᠬᠦᠭᠵᠢᠬᠦᠯᠵᠤ᠂ ᠲᠡᠭᠡᠳᠤ ᠵᠡᠷᠭᠡ ᠶᠢᠨ ᠰᠤᠷᠭᠠᠨ ᠬᠦᠮᠦᠵᠢᠯ  ᠢ ᠢᠳᠡᠪᠬᠢᠳᠠᠢ ᠬᠦᠭᠵᠢᠬᠦᠯᠵᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ  ᠢ ᠵᠤᠷᠢᠭᠵᠢᠭᠤᠯᠤᠨ ᠲᠠᠮᠵᠢᠵᠤ᠂ ᠤᠨᠴᠠᠭᠠᠢ ᠰᠤᠷᠭᠠᠨ ᠬᠦᠮᠦᠵᠢᠯ  ᠢ ᠰᠢᠯᠢᠳᠡᠭᠵᠢᠬᠦᠯᠦᠨ ᠬᠦᠭᠵᠢᠬᠦᠯᠵᠤ᠂ ᠠᠵᠢᠯ ᠮᠡᠷᠭᠡᠵᠢᠯ  ᠤᠨ ᠰᠤᠷᠭᠠᠨ ᠬᠦᠮᠦᠵᠢᠯ  ᠤᠨ ᠰᠢᠨᠵᠢᠯᠡᠭᠡ ᠪᠠ ᠪᠤᠯᠪᠠᠰᠤᠷᠠᠯ  ᠤᠨ ᠰᠠᠭᠤᠷᠢᠨ ᠭᠠᠵᠠᠷ  ᠤᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠨ ᠶᠢ ᠨᠡᠮᠡᠭᠳᠡᠬᠦᠯᠵᠤ᠂ ᠰᠤᠷᠭᠠᠨ ᠬᠦᠮᠦᠵᠢᠯ  ᠢ ᠰᠢᠯᠢᠳᠡᠭ  ᠂ ᠲᠡᠩᠴᠡᠬᠦᠷᠢᠳᠡᠢ ᠪᠠᠷ ᠬᠦᠭᠵᠢᠬᠦᠯᠬᠦ ᠶᠢ ᠴᠢᠷᠮᠠᠶᠢᠨ ᠠᠬᠢᠭᠤᠯᠵᠤ᠂ ᠤᠳᠤᠬᠢᠴᠢᠯᠠᠭᠰᠠᠨ᠂ ᠬᠤᠳᠠ ᠬᠦᠳᠡᠭᠡ ᠶᠢ ᠴᠤᠭᠴᠠᠵᠢᠭᠤᠯᠤᠭᠰᠠᠨ ᠰᠤᠷᠭᠠᠨ ᠬᠦᠮᠦᠵᠢᠯ  ᠤᠨ ᠰᠢᠰᠲ᠋ᠧᠮᠵᠢ ᠶᠢ ᠪᠠᠶᠢᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ  ᠤᠨ ᠦᠢᠯᠡᠰ  ᠤᠨ ᠦᠭᠡᠷᠡᠴᠢᠯᠡᠯᠳᠠ ᠶᠢ ᠬᠦᠨᠵᠡᠭᠡᠶᠢᠷᠡᠬᠦᠯᠵᠤ᠂ ᠡᠮ ᠡᠮᠨᠡᠯᠭᠡ ᠡᠷᠡᠬᠦᠯ ᠬᠠᠮᠠᠭᠠᠯᠠᠯ  ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠤᠰᠢᠭᠤ ᠲᠤᠭᠤᠷᠢᠭ ᠪᠦᠷᠢ  ᠪᠠᠷᠢᠮᠵᠢᠶᠠᠴᠢᠯᠠᠭᠰᠠᠨ ᠬᠤᠶᠠᠳᠤᠭᠠᠷ ᠲᠡᠰ  ᠤᠨ ᠬᠦᠭᠡ ᠲᠡᠰ ᠤᠨ ᠡᠮᠨᠡᠯᠭᠡ ᠶᠢᠨ ᠬᠤᠷᠢᠶ᠎ᠠ ᠶᠢ ᠠᠳᠠᠭ ᠪᠠᠭ᠎ᠠ ᠳᠠᠭᠠᠨ ᠨᠢᠭᠡ ᠪᠠᠶᠢᠭᠤᠯᠵᠤ᠂ ᠭᠠᠴᠠᠭ᠎ᠠ ᠲᠤᠰᠬᠤᠨ  ᠤ ᠪᠠᠷᠢᠮᠵᠢᠶᠠᠴᠢᠯᠠᠭᠰᠠᠨ ᠡᠷᠡᠬᠦᠯ ᠬᠠᠮᠠᠭᠠᠯᠠᠯ  ᠤᠨ ᠲᠠᠰᠤᠭ ᠪᠠ ᠨᠡᠶᠢᠭᠡᠮ ᠲᠤᠭᠤᠷᠢᠭ ᠤᠨ ᠪᠠᠷᠢᠮᠵᠢᠶᠠᠴᠢᠯᠠᠭᠰᠠᠨ ᠡᠷᠡᠬᠦᠯ ᠬᠠᠮᠠᠭᠠᠯᠠᠯ  ᠤᠨ ᠦᠷᠳᠡᠭᠡ ᠶᠢ ᠪᠦᠬᠦ ᠲᠠᠯ᠎ᠠ ᠪᠠᠨ ᠲᠦᠭᠡᠮᠡᠯᠵᠢᠬᠦᠯᠬᠦ ᠶᠢ ᠪᠠᠶᠡᠯᠡᠬᠦᠯᠦᠨ᠎ᠠ᠃ ᠠᠰᠠᠷᠠᠮᠵᠢ ᠶᠢᠨ ᠴᠢᠨᠠᠷᠳᠠᠢ ᠰᠤᠶᠤᠯ  ᠤᠨ ᠰᠠᠭᠤᠷᠢ ᠲᠦᠭᠦᠬᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠰᠤᠶᠤᠯ  ᠢᠶᠠᠷ ᠠᠷᠠᠳ  ᠢ ᠬᠠᠷᠠᠭᠠᠯᠵᠠᠬᠤ ᠠᠵᠢᠯᠯᠠᠭ᠎ᠠ ᠶᠢ ᠢᠳᠠᠪᠬᠢᠳᠠᠢ ᠦᠷᠨᠢᠬᠦᠯᠵᠤ᠂ ᠬᠤᠳᠠ ᠬᠦᠳᠡᠭᠡ ᠶᠢᠨ ᠰᠤᠶᠤᠯ  ᠤᠨ ᠦᠢᠯᠡᠰ  ᠢ ᠴᠢᠨᠠᠭᠰᠢᠳᠠ ᠴᠡᠴᠡᠭᠯᠡᠬᠦᠯᠵᠤ᠂  ᠤᠯᠤᠰ  ᠤᠨ ᠲᠡᠰ ᠎ ᠤᠨ ᠰᠤᠶᠤᠯ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ  ᠢ ᠪᠠᠶᠢᠭᠤᠯᠤᠨ᠎ᠠ᠃ ᠠᠷᠪᠠᠳᠤᠭᠠᠷ ᠬᠤᠭᠤᠴᠠᠭᠠᠨ  ᠤ ᠪᠦᠬᠦ ᠤᠯᠤᠰ  ᠤᠨ ᠴᠦᠭᠡᠨ ᠲᠤᠭᠠᠳᠤ ᠦᠨᠳᠦᠰᠦᠳᠠᠨ  ᠤ ᠤᠯᠠᠮᠵᠢᠯᠠᠯᠳᠤ ᠪᠠᠶ᠎ᠠ ᠶᠢᠨ ᠲᠠᠮᠢᠷ  ᠤᠨ ᠤᠷᠤᠯᠳᠤᠭᠠᠨ  ᠢ ᠭᠤᠶᠤᠴᠢᠯᠠᠨ ᠬᠢᠬᠦ ᠪᠠᠷ ᠵᠠᠪᠰᠢᠶᠠᠨ ᠪᠤᠯᠭᠠᠵᠤ᠂ ᠪᠦᠬᠦ ᠠᠷᠠᠳ  ᠤᠨ ᠪᠠᠶ᠎ᠠ ᠴᠠᠬᠢᠷᠠᠭᠵᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠦᠨ᠎ᠠ᠃ ᠨᠡᠩ ᠢᠳᠡᠪᠬᠢᠳᠠᠢ ᠠᠵᠢᠯ ᠤᠯᠭᠤᠯᠳᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠠᠵᠢᠯ ᠤᠯᠬᠤ ᠠᠵᠢᠯ  ᠤᠨ ᠪᠠᠶᠢᠷᠢ ᠶᠢ ᠶᠡᠭᠡᠪᠡᠷ ᠨᠡᠭᠡᠭᠡᠵᠤ᠂ ᠬᠦᠢᠴᠡᠳ ᠠᠵᠢᠯ ᠤᠯᠭᠤᠯᠳᠠ ᠶᠢ ᠴᠢᠷᠮᠠᠶᠢᠨ ᠪᠡᠶᠡᠯᠡᠬᠦᠯᠦᠨ᠎ᠠ᠃ ᠦᠢᠯᠡᠰ ᠪᠦᠳᠦᠭᠡᠬᠦ ᠪᠤᠱᠤᠭ᠎ᠠ ᠶᠢ ᠲᠤᠭᠤᠭᠰᠢᠯᠠᠭᠤᠯᠵᠤ᠂ ᠦᠢᠯᠡᠰ ᠪᠦᠳᠦᠭᠡᠬᠦ ᠤᠷᠴᠢᠨ ᠲᠤᠭᠤᠷᠢᠨ  ᠢ ᠰᠢᠯᠢᠳᠡᠭᠵᠢᠬᠦᠯᠵᠤ᠂ ᠦᠢᠯᠡᠰ ᠪᠦᠳᠦᠭᠡᠬᠦ ᠪᠠᠷ ᠠᠵᠢᠯ ᠤᠯᠭᠤᠯᠳᠠ ᠶᠢ ᠲᠠᠶᠢᠴᠢᠯᠠᠨ᠎ᠠ᠃ ᠠᠵᠢᠯ ᠤᠯᠭᠤᠬᠤ ᠶᠢ ᠵᠤᠷᠢᠭᠵᠢᠭᠤᠯᠬᠤ ᠲᠤᠭᠳᠠᠴᠠ ᠪᠠ ᠲᠤᠰᠠᠯᠠᠨ ᠲᠠᠮᠵᠢᠬᠦ ᠲᠦᠷᠢᠮ  ᠢ ᠲᠡᠬᠦᠯᠳᠡᠷᠵᠢᠬᠦᠯᠵᠤ᠂ ᠶᠡᠭᠡ ᠰᠤᠷᠭᠠᠭᠤᠯᠢ ᠲᠡᠬᠦᠰᠦᠭᠰᠡᠳ᠂ ᠮᠠᠯᠵᠢᠬᠤ ᠲᠠᠷᠢᠶᠠᠯᠠᠬᠤ ᠤᠷᠤᠨ  ᠤ ᠰᠢᠯᠵᠢᠬᠦᠯᠦᠨ ᠬᠤᠳᠠ ᠤᠷᠤᠭᠤᠯᠤᠭᠰᠠᠨ ᠮᠠᠯᠴᠢᠨ  ᠲᠠᠷᠢᠶᠠᠴᠢᠳ᠂ ᠬᠤᠳᠠ ᠪᠠᠯᠭᠠᠰᠤ ᠶᠢᠨ ᠠᠵᠢᠯ  ᠤᠨ ᠪᠠᠶᠢᠷᠢ ᠠᠴᠠ ᠪᠠᠨ ᠪᠠᠭᠤᠭᠰᠠᠳ ᠵᠢᠴᠢ ᠬᠦᠴᠢᠳᠡᠯᠳᠠᠢ ᠤᠯᠠᠨ ᠲᠦᠮᠠᠨ  ᠤ ᠠᠵᠢᠯ ᠤᠯᠬᠤ ᠠᠰᠠᠭᠤᠳᠠᠯ  ᠢ ᠴᠢᠷᠮᠠᠶᠢᠨ ᠰᠢᠢᠳᠪᠦᠷᠢᠯᠠᠵᠤ᠂ ᠤᠷᠳᠤᠰ ᠨᠤᠳᠤᠭ ᠲᠠᠢ ᠤᠶᠤᠳᠠᠳ ᠲᠤ ᠴᠦᠮ ᠠᠵᠢᠯ ᠤᠯᠭᠤᠬᠤ ᠶᠢ ᠴᠢᠷᠮᠠᠶᠢᠨ ᠪᠠᠶᠠᠯᠠᠬᠦᠯᠦᠨ᠎ᠠ᠃ ᠦᠷᠭᠡᠨ  ᠢᠶᠠᠷ  ᠲᠦᠭᠡᠮᠡᠯᠵᠢᠬᠦᠯᠬᠦ᠂ ᠦᠨᠳᠦᠰᠦ ᠶᠢ ᠪᠠᠳᠤᠯᠠᠬᠤ᠂ ᠤᠯᠠᠨ  ᠲᠠᠪᠬᠤᠷᠭᠠᠵᠢᠭᠤᠯᠬᠤ᠂ ᠦᠷᠬᠦᠯᠵᠢᠯᠡᠬᠦᠯᠬᠦ  ᠴᠢᠭᠯᠡᠯᠳᠠ ᠶᠤᠰᠤᠭᠠᠷ ᠨᠡᠶᠢᠭᠡᠮ  ᠤᠨ ᠪᠠᠳᠤᠯᠠᠭ᠎ᠠ ᠶᠢᠨ ᠰᠢᠰᠲ᠋ᠧᠮᠵᠢ ᠶᠢ ᠴᠢᠨᠠᠭᠰᠢᠳᠠ ᠲᠡᠬᠦᠯᠳᠡᠷᠵᠢᠬᠦᠯᠵᠤ᠂ ᠪᠦᠷᠬᠦᠪᠴᠢ ᠶᠢᠨ ᠬᠦᠷᠢᠶ᠎ᠠ ᠬᠡᠪᠴᠢᠶ᠎ᠠ ᠶᠢ ᠦᠷᠭᠡᠳᠭᠡᠵᠤ ᠂ ᠪᠠᠳᠤᠯᠠᠭ᠎ᠠ ᠶᠢᠨ ᠬᠢᠷᠢ ᠲᠦᠪᠰᠢᠠ  ᠢ ᠲᠡᠭᠡᠭᠰᠢᠯᠡᠬᠦᠯᠦᠨ᠂ ᠡᠮ ᠡᠮᠨᠡᠯᠭᠡ᠂ ᠨᠠᠰᠤᠵᠢᠯ  ᠤᠨ ᠠᠰᠠᠷᠠᠮᠵᠢ᠂ ᠠᠵᠢᠯ ᠠᠯᠳᠠᠬᠤ᠂ ᠠᠵᠢᠯ ᠠᠴᠠ ᠪᠤᠯᠬᠤ ᠬᠡᠮᠳᠤᠯ᠂ ᠬᠦᠡᠭᠬᠡᠵᠢᠯ  ᠤᠨ ᠲᠠᠭᠠᠳᠬᠠᠯ  ᠤᠨ ᠠᠳᠠᠯᠢ ᠬᠤᠳᠠ ᠶᠢᠨ ᠤᠯᠭᠤᠮᠵᠢ ᠶᠢ ᠪᠠᠶᠠᠯᠡᠬᠦᠯᠦᠨ᠎ᠠ᠃ ᠨᠠᠭᠠᠳᠤ ᠵᠠᠬ᠎ᠠ ᠶᠢᠨ ᠠᠮᠢᠳᠤᠷᠠᠯ  ᠤᠨ ᠪᠠᠳᠤᠯᠠᠭ᠎ᠠ᠂ ᠬᠦᠴᠢᠷᠳᠡᠯ ᠠᠴᠠ ᠠᠪᠤᠷᠠᠨ ᠲᠤᠰᠠᠯᠠᠬᠤ ᠵᠡᠷᠭᠡ ᠲᠦᠷᠢᠮ  ᠤᠨ ᠰᠢᠰᠲ᠋ᠧᠮᠵᠢ ᠶᠢ ᠲᠡᠬᠦᠯᠳᠡᠷᠵᠢᠬᠦᠯᠵᠤ᠂ ᠶᠠᠳᠠᠭᠤ ᠶᠢ ᠲᠠᠳᠬᠦᠨ ᠨᠡᠭᠡᠭᠡᠯᠳᠠ ᠬᠢᠬᠦ ᠬᠦᠴᠦᠯᠡᠴᠨ ᠪᠠᠨ ᠨᠡᠮᠡᠭᠳᠡᠬᠦᠯᠵᠤ᠂ ᠲᠤᠤᠷ᠎ᠠ ᠤᠷᠤᠯᠭᠠᠳᠠᠳ ᠪᠠ ᠬᠦᠴᠢᠷᠳᠡᠯᠳᠠᠢ ᠤᠯᠨᠨ ᠲᠦᠮᠠᠨ  ᠤ ᠦᠨᠳᠦᠰᠦᠨ ᠠᠮᠢᠳᠤᠷᠠᠯ  ᠢ ᠪᠠᠳᠤᠯᠠᠨ᠎ᠠ᠃ ᠬᠢᠮᠳᠠ ᠲᠤᠬᠢᠯᠢᠭ ᠤᠷᠤᠨ ᠰᠠᠭᠤᠴᠠ᠂ ᠬᠢᠮᠳᠠ ᠲᠦᠷᠢᠶᠡᠰᠦᠨ ᠭᠡᠷ ᠪᠠ ᠨᠠᠶᠢᠳᠠ ᠶᠢᠨ ᠲᠦᠷᠢᠶᠠᠰᠤᠨ ᠬᠡᠷ ᠵᠡᠷᠭᠡ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢᠨ ᠬᠦᠴᠦᠯᠠᠴᠠ ᠎ ᠶᠢ ᠨᠡᠮᠡᠭᠳᠡᠬᠦᠯᠵᠤ᠂ ᠪᠦᠷᠭᠡ ᠭᠡᠷ  ᠤᠨ ᠲᠤᠭᠤᠷᠢᠭ  ᠢ ᠦᠭᠡᠷᠡᠴᠢᠯᠡᠬᠦ᠂ ᠮᠠᠯᠵᠢᠬᠤ ᠲᠠᠷᠢᠶᠠᠯᠠᠬᠤ ᠤᠷᠤᠨ  ᠤ ᠠᠶᠤᠯ ᠲᠠᠢ ᠬᠠᠭᠤᠴᠢᠨ ᠬᠡᠷ ᠪᠠᠶᠢᠰᠢᠩ  ᠢ ᠦᠭᠡᠷᠡᠴᠢᠯᠡᠬᠦ ᠶᠢ ᠠᠬᠢᠭᠤᠯᠵᠤ᠂  ᠤᠷᠤᠨ ᠰᠠᠭᠤᠴᠠ ᠶᠢᠨ ᠤᠯᠨᠨ ᠲᠠᠪᠬᠤᠷᠭ᠎ᠠ ᠶᠢᠨ ᠪᠠᠳᠤᠯᠠᠭ᠎ᠠ ᠶᠢᠨ ᠰᠢᠰᠲ᠋ᠧᠮᠵᠢ ᠶᠢ ᠲᠦᠷᠭᠡᠨ  ᠢᠶᠠᠷ ᠪᠠᠶᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠰᠢᠨ ᠰᠠᠭᠤᠬᠤ ᠨᠦᠬᠦᠴᠡᠯ  ᠢ ᠦᠨᠡᠨᠬᠦ ᠰᠠᠶᠢᠵᠢᠷᠠᠭᠤᠯᠤᠨ᠎ᠠ᠃ ᠢᠳᠡᠪᠬᠢᠳᠡᠢ ᠪᠠᠷ ᠨᠠᠶᠢᠭᠡᠮ ᠤᠨ ᠬᠠᠮᠢᠶᠠᠷᠤᠯᠳᠠ ᠶᠢᠨ ᠰᠢᠨ᠎ᠠ ᠶᠢ  ᠡᠬᠦᠳᠴᠦ᠂ ᠪᠦᠬᠦ ᠤᠯᠤᠰ  ᠤᠨ ᠨᠠᠶᠢᠭᠡᠮ  ᠤᠨ ᠬᠠᠮᠢᠶᠠᠷᠤᠯᠳᠠ ᠶᠢᠨ ᠰᠢᠨ᠎ᠠ ᠶᠢ ᠡᠬᠦᠳᠬᠦ ᠶᠡᠷᠦᠩᠭᠡᠶᠢᠯᠡᠭᠰᠡᠨ ᠲᠤᠷᠰᠢᠯᠳᠠ ᠶᠢᠨ ᠴᠡᠭ ᠤᠨ ᠠᠵᠢᠯ  ᠢ ᠦᠨᠳᠦᠷ ᠪᠠᠷᠢᠮᠵᠢᠶ᠎ᠠ᠂ ᠦᠨᠳᠦᠷ ᠶᠠᠰᠤ ᠴᠢᠨᠠᠷ ᠲᠠᠢ ᠪᠠᠷ ᠠᠬᠢᠭᠤᠯᠵᠤ᠂ ᠪᠦᠬᠦ ᠤᠯᠤᠰ  ᠤᠨ ᠠᠮᠤᠷ ᠲᠦᠪᠰᠢᠨ ᠬᠤᠳᠠ ᠶᠢ ᠡᠬᠦᠳᠤᠨ ᠪᠠᠶᠢᠭᠤᠯᠤᠭᠰᠠᠨ ᠬᠢᠷᠢ ᠲᠦᠪᠰᠢᠨ  ᠢᠶᠠᠨ ᠪᠠᠳᠤᠳᠬᠠᠨ ᠲᠡᠭᠡᠭᠰᠢᠯᠡᠬᠦᠯᠦᠨ᠎ᠠ᠃ ︽ᠢᠳᠡᠭᠡᠨ  ᠤ ᠠᠶᠤᠯᠬᠦᠢ ᠶᠢᠨ ᠬᠤᠳᠠ︾᠎ ᠶᠢ ᠡᠬᠦᠳᠤᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠠᠬᠢᠭᠤᠯᠵᠤ᠂ ᠬᠢᠨᠠᠨ ᠬᠠᠮᠢᠶᠠᠷᠬᠤ ᠰᠢᠰᠲ᠋ᠧᠮᠵᠢ ᠶᠢ ᠴᠢᠨᠠᠭᠰᠢᠳᠠ ᠲᠡᠭᠦᠯᠳᠡᠷᠵᠢᠬᠦᠯᠵᠤ᠂ ᠤᠯᠠᠨ ᠲᠦᠮᠠᠨ ᠳᠤ ᠠᠶᠤᠯᠬᠦᠢ ᠢᠳᠡᠭᠡᠨ ᠢᠳᠡᠬᠦᠯᠬᠦ ᠶᠢ ᠴᠢᠷᠮᠠᠶᠢᠨ ᠪᠠᠳᠤᠯᠠᠨ᠎ᠠ᠃ ᠤᠯᠤᠰ  ᠤᠨ ᠪᠠᠳᠤᠯᠠᠨ ᠬᠠᠮᠠᠭᠠᠯᠠᠯᠳᠠ ᠶᠢᠨ ᠪᠠᠯᠡᠳᠭᠡᠯ ᠠᠯᠪᠠ᠂ ᠡᠷᠦᠭᠡ ᠶᠢᠨ ᠴᠡᠷᠢᠭ  ᠤᠨ ᠨᠦᠬᠡᠴᠠ ᠬᠦᠴᠦᠨ ᠪᠠ ᠴᠡᠷᠢᠭ ᠠᠩᠭᠢ ᠶᠢᠨ ᠤᠳᠤᠬᠢᠯᠠᠭᠰᠠᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠤᠶᠠᠷ  ᠢ ᠬᠦᠷᠢᠶᠡᠯᠡᠬᠦ ᠠᠵᠢᠯ  ᠢ ᠯᠠᠪᠳᠠᠭᠤᠨ ᠪᠠᠳᠤᠳᠠᠢ ᠰᠠᠶᠢᠳᠤᠷ ᠬᠢᠨ᠎ᠠ᠃ ᠨᠢᠭᠡᠳᠤᠯᠳᠠᠢ ᠲᠦᠯᠦᠪᠵᠢᠬᠦᠯᠦᠨ ᠬᠠᠮᠳᠤ ᠳᠤᠨᠢ ᠬᠠᠷᠠᠭᠠᠯᠵᠠᠬᠤ᠂ ᠵᠤᠬᠢᠴᠠᠭᠤᠯᠤᠨ ᠬᠦᠭᠵᠢᠬᠦᠯᠬᠦ ᠶᠢ ᠪᠠᠷᠢᠮᠳᠠᠯᠠᠵᠤ᠂ ᠠᠵᠤ ᠠᠬᠤᠢ ᠨᠡᠶᠢᠭᠡᠮ  ᠤᠨ ᠬᠦᠷᠢᠶ᠎ᠠ ᠬᠡᠪᠴᠢᠶᠠᠨ ᠳᠠᠬᠢ ᠡᠯ᠎ᠠ ᠲᠦᠷᠦᠯ  ᠤᠨ ᠠᠵᠢᠯ  ᠢ ᠪᠦᠬᠦ ᠬᠦᠴᠦᠨ  ᠢᠶᠠᠷ  ᠢᠶᠠᠨ ᠰᠠᠶᠢᠳᠤᠷ ᠬᠢᠨ᠎ᠠ᠃          ᠭᠤᠷᠪᠠ᠂ 2011 ᠤᠨ  ᠤ ᠭᠤᠤᠯᠳᠠᠯᠭ᠎ᠠ ᠲᠠᠢ ᠠᠵᠢᠯ      ᠡᠨᠡ ᠵᠢᠯ ᠪᠤᠯ ︽12·  5︾ ᠵᠢᠯ  ᠤᠨ ᠲᠦᠯᠦᠪᠵᠢᠬᠦᠯᠬᠡ  ᠶᠢᠨ ᠡᠬᠢᠨ  ᠤ ᠵᠢᠯ ᠪᠤᠯᠤᠨ᠎ᠠ᠃ ᠡᠨᠡ ᠵᠢᠯ  ᠤᠨ ᠡᠯ᠎ᠡ ᠵᠦᠢᠯ  ᠤᠨ ᠠᠵᠢᠯ  ᠢ ᠰᠠᠶᠢᠲᠤᠷ ᠬᠢᠬᠦ ᠨᠢ ᠲᠦᠢᠯ  ᠤᠨ ᠶᠡᠭᠡ ᠠᠴᠢ ᠬᠤᠯᠪᠤᠭᠳᠠᠯ ᠲᠠᠢ ᠶᠤᠮ᠃ ᠡᠨᠡ ᠵᠢᠯ  ᠤᠨ ᠭᠤᠤᠯ ᠵᠢᠱᠢᠭᠰᠡᠨ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ  ᠤᠨ ᠶᠡᠷᠦᠩᠬᠡᠢ ᠦᠷᠳᠡᠭ  ᠢ 16% ᠨᠡᠮᠡᠭᠳᠡᠬᠦᠯᠵᠤ᠂ 3100 ᠳ᠋ᠦᠩᠰᠢᠭᠤᠷ ᠲᠦᠬᠦᠷᠢᠭ  ᠲᠤ ᠬᠦᠷᠭᠡᠨ᠎ᠡ︔ ᠭᠡᠪᠴᠢᠶᠡᠵᠢᠯ ᠠᠴᠠ ᠲᠡᠭᠡᠭᠰᠢᠬᠢ ᠠᠵᠤ ᠦᠢᠯᠳᠪᠦᠷᠢ ᠶᠢᠨ ᠨᠡᠮᠡᠭᠳᠡᠯ ᠦᠷᠳᠡᠭ  ᠢ 16% ᠨᠡᠮᠡᠭᠳᠡᠬᠦᠯᠵᠤ᠂ 1400 ᠳ᠋ᠦᠩᠰᠢᠭᠤᠷ ᠲᠦᠬᠦᠷᠢᠭ  ᠲᠤ ᠬᠦᠷᠭᠡᠨ᠎ᠡ︔ ᠡᠳ᠋  ᠤᠨ ᠵᠠᠰᠠᠭ  ᠤᠨ ᠤᠷᠤᠯᠭ᠎ᠠ  ᠶᠢ 24.5% ᠨᠡᠮᠡᠭᠳᠡᠬᠦᠯᠵᠤ᠂ 670 ᠳ᠋ᠦᠩᠰᠢᠭᠤᠷ ᠲᠦᠬᠦᠷᠢᠭ  ᠲᠤ ᠬᠦᠷᠭᠡᠵᠤ᠂ ᠡᠬᠦᠨ  ᠳᠤ ᠡᠩ  ᠤᠨ ᠲᠦᠰᠦᠪ  ᠤᠨ ᠤᠷᠤᠯᠭ᠎ᠠ ᠶᠢ 25.5% ᠨᠡᠮᠡᠭᠳᠡᠬᠦᠯᠵᠤ᠂ 300 ᠳ᠋ᠦᠩᠰᠢᠭᠤᠷ ᠲᠦᠬᠦᠷᠢᠭ  ᠲᠤ ᠬᠦᠷᠭᠡᠨ᠎ᠡ︔ ᠬᠤᠲᠠ ᠪᠠᠯᠭᠠᠰᠣᠨ  ᠤ ᠰᠠᠭᠤᠭᠠᠯᠢ ᠠᠷᠠᠳ  ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ  ᠶᠢ 14% ᠨᠡᠮᠡᠭᠳᠡᠬᠦᠯᠵᠤ᠂ 28734 ᠲᠦᠬᠦᠷᠢᠭ  ᠲᠤ ᠬᠦᠷᠭᠡᠨ᠎ᠡ︔ ᠮᠠᠯᠴᠢᠨ ᠲᠠᠷᠢᠶᠠᠴᠢᠨ  ᠤ ᠬᠦᠮᠦᠨ ᠲᠤᠮᠳᠠᠴᠢ ᠴᠡᠪᠡᠷ ᠤᠷᠤᠯᠭ᠎ᠠ  ᠶᠢ 13% ᠨᠡᠮᠡᠭᠳᠡᠬᠦᠯᠵᠤ᠂ 9894 ᠲᠦᠬᠦᠷᠢᠭ ᠲᠤ ᠬᠦᠷᠭᠡᠨ᠎ᠡ᠃ ᠪᠦᠬᠦ ᠨᠡᠶᠢᠬᠡᠮ  ᠤᠨ ᠲᠤᠭᠳᠠᠮᠠᠯ ᠬᠦᠷᠦᠩᠬᠡ  ᠶᠢᠨ ᠪᠡᠯᠡ ᠤᠷᠤᠭᠤᠯᠤᠯᠲᠠ  ᠶᠢ 10.6% ᠨᠡᠮᠡᠭᠳᠡᠬᠦᠯᠵᠤ᠂ 2100 ᠳ᠋ᠦᠩᠰᠢᠭᠤᠷ ᠲᠦᠬᠦᠷᠢᠭ ᠪᠡᠶᠡᠯᠡᠬᠦᠯᠦᠨ᠎ᠡ᠃  ᠬᠤᠲᠠ ᠪᠠᠯᠭᠠᠰᠣᠨ  ᠤ ᠲᠠᠩᠰᠠᠯᠠᠭᠰᠠᠨ ᠠᠵᠢᠯ ᠠᠯᠳᠠᠯᠲᠠ  ᠶᠢᠨ ᠨᠤᠷᠮ᠎ᠠ  ᠶᠢ 3.2% ᠎ ᠤᠨ ᠲᠤᠳᠤᠷ᠎ᠠ ᠬᠢᠵᠠᠭᠠᠷᠯᠠᠵᠤ᠂ ᠰᠠᠭᠤᠭᠠᠯᠢ ᠠᠷᠠᠳ  ᠤᠨ ᠭᠡᠷᠡᠭᠯᠡᠬᠡᠨ  ᠤ ᠦᠨ᠎ᠡ  ᠶᠢᠨ ᠢᠯᠡᠳᠭᠡᠭᠴᠢ ᠲᠤᠭᠠᠨ  ᠤ ᠦᠰᠦᠯᠲᠡ  ᠶᠢ 4 % ᠤᠷᠴᠢᠮ ᠬᠢᠵᠠᠭᠠᠷᠯᠠᠵᠤ᠂ ᠳ᠋ᠦᠩᠰᠢᠭᠤᠷ ᠲᠦᠬᠦᠷᠢᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ  ᠤᠨ ᠠᠶᠤᠯᠬᠦᠢ ᠠᠳᠡᠯ  ᠤᠨ ᠬᠦᠮᠦᠨ ᠦᠬᠦᠯ  ᠤᠨ ᠨᠤᠷᠮ᠎ᠠ ᠶᠢ 0.055  ᠎ ᠶᠢᠨ ᠲᠤᠳᠤᠷ᠎ᠠ ᠬᠢᠵᠠᠭᠠᠷᠯᠠᠵᠤ᠂ ᠦᠪᠡᠷᠳᠡᠭᠡᠨ ᠵᠠᠰᠠᠬᠤ ᠤᠷᠤᠨ  ᠠᠴᠠ ᠪᠠᠭᠤᠯᠭᠠᠭᠰᠠᠨ ᠡᠨᠧᠷᠬᠢ ᠠᠷᠪᠢᠯᠠᠨ ᠤᠰᠤ ᠠᠷᠪᠢᠯᠠᠵᠤ ᠪᠤᠬᠢᠷᠳᠤᠯ  ᠢ ᠪᠠᠭᠠᠰᠬᠠᠬᠤ ᠬᠦᠢᠴᠡᠳᠭᠡᠯ ᠲᠤᠭ᠎ᠠ  ᠶᠢ ᠪᠡᠶᠡᠯᠡᠬᠦᠯᠦᠨ᠎ᠡ᠃      ᠪᠢᠳᠡ ᠨᠠᠢᠮᠠᠨ ᠵᠦᠢᠯ  ᠤᠨ ᠭᠤᠤᠯᠳᠠᠯᠭ᠎ᠠ ᠲᠠᠢ ᠠᠵᠢᠯ  ᠢ ᠬᠦᠴᠦ ᠲᠠᠯᠪᠢᠨ ᠠᠬᠢᠭᠤᠯᠤᠨ᠎ᠠ᠄      ︵ᠨᠢᠬᠡ︶ ᠴᠢᠬᠤᠯᠠ ᠲᠦᠷᠦᠯ ᠵᠦᠢᠯ  ᠤᠨ ᠪᠦᠲᠦᠬᠡᠨ ᠪᠠᠶᠢᠭᠤᠯᠤᠯᠲᠠ  ᠶᠢ ᠪᠦᠬᠦ ᠬᠦᠴᠦᠨ  ᠢᠶᠠᠷ ᠰᠠᠶᠢᠲᠤᠷ ᠠᠳᠬᠤᠨ᠎ᠠ᠃ ᠲᠦᠷᠦᠯ ᠵᠦᠢᠯ  ᠤᠨ ᠪᠦᠲᠦᠬᠡᠨ ᠪᠠᠶᠢᠭᠤᠯᠤᠯᠲᠠ  ᠶᠢ ᠠᠳᠬᠤᠬᠤ ᠨᠢ ᠰᠢᠨᠵᠢᠯᠡᠬᠦ ᠤᠬᠠᠭᠠᠨᠴᠢ ᠬᠦᠭᠵᠢᠯᠲᠡ  ᠶᠢ ᠠᠳᠬᠤᠨ᠂ ᠪᠦᠲᠦᠴᠡ ᠶᠢᠨ ᠬᠡᠯᠪᠡᠷᠢ  ᠶᠢ ᠬᠤᠪᠢᠷᠠᠭᠤᠯᠤᠨ ᠲᠡᠰᠵᠢᠬᠦᠯᠬᠦ ᠎ ᠶᠢ ᠠᠳᠬᠤᠭᠰᠠᠨ ᠶᠠᠪᠤᠳᠠᠯ ᠪᠤᠯᠬᠤ ᠤᠨᠤᠯᠵᠢᠭᠤᠨ  ᠢ ᠴᠢᠨᠠᠭᠰᠢᠲᠠ ᠴᠢᠩᠭᠠᠳᠬᠠᠵᠤ᠂ ᠵᠢᠯ  ᠤᠨ ᠲᠤᠳᠤᠷ᠎ᠠ ᠪᠦᠬᠦ ᠬᠤᠲᠠ ᠳᠤ ᠳ᠋ᠦᠩᠰᠢᠭᠤᠷ ᠲᠦᠬᠦᠷᠢᠭ  ᠠᠴᠠ ᠲᠡᠭᠡᠭᠰᠢᠬᠢ ᠲᠦᠷᠦᠯ ᠵᠦᠢᠯ  ᠢ 252 ᠵᠦᠢᠯ ᠡᠬᠢᠯᠡᠬᠦᠯᠵᠤ᠂ ᠡᠬᠦᠨ  ᠳᠤ 10 ᠳ᠋ᠦᠩᠰᠢᠭᠤᠷ ᠲᠦᠬᠦᠷᠢᠭ  ᠠᠴᠠ ᠲᠡᠭᠡᠭᠰᠢᠬᠢ ᠲᠦᠷᠦᠯ ᠵᠦᠢᠯ 117 ᠵᠦᠢᠯ ᠪᠤᠢ᠃      ᠨᠢᠬᠡ  ᠳᠤ ᠲᠠᠪᠠᠭᠤᠯᠢᠭ ᠤᠨᠴᠠᠯᠢᠭᠲᠦ ᠠᠵᠤ ᠦᠢᠯᠡᠰ  ᠤᠨ ᠴᠢᠬᠤᠯᠠ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ  ᠶᠢ ᠰᠠᠶᠢᠲᠤᠷ ᠠᠳᠬᠤᠨ᠎ᠠ᠃ ᠪᠠᠶᠢᠭᠤᠯᠵᠤ ᠪᠠᠶᠢᠭ᠎ᠠ ᠪᠠ ᠨᠢᠬᠡᠨᠳᠡ ᠵᠦᠪᠰᠢᠶᠡᠷᠡᠭᠰᠡᠨ ᠪᠦᠲᠦᠬᠡᠨ ᠪᠠᠶᠢᠭᠤᠯᠬᠤ  ᠪᠠᠷ ᠲᠦᠯᠦᠪᠯᠡᠵᠤ ᠪᠠᠶᠢᠭ᠎ᠠ ᠨᠡᠭᠦᠷᠡᠰᠦᠨ ᠦᠢᠯᠡᠳᠪᠦᠷᠢᠯᠡᠯ ᠤᠨ ᠲᠦᠷᠦᠯ ᠵᠦᠢᠯ  ᠤᠨ ᠪᠦᠲᠦᠬᠡᠨ ᠪᠠᠶᠢᠭᠤᠯᠬᠤ ᠴᠠᠭ  ᠤᠨ ᠲᠠᠷᠠᠭᠠᠯᠠᠯ  ᠢ ᠨᠢᠬᠡᠳᠦᠯᠲᠠᠢ ᠲᠦᠯᠦᠪᠵᠢᠬᠦᠯᠦᠨ ᠲᠤᠬᠢᠷᠠᠭᠤᠯᠵᠤ᠂ ᠨᠡᠬᠦᠷᠡᠰᠦᠨ ᠦᠢᠯᠡᠳᠪᠦᠷᠢᠯᠡᠯ  ᠤᠨ ᠲᠦᠷᠦᠯ ᠵᠦᠢᠯ ᠤᠨ ᠦᠢᠯᠡᠳᠪᠦᠷᠢᠯᠡᠯ  ᠤᠨ ᠴᠢᠳᠠᠪᠤᠷᠢ  ᠶᠢ ᠴᠢᠩᠭ᠎ᠠ ᠬᠢᠨᠠᠨ ᠲᠤᠭᠳᠠᠭᠠᠵᠤ᠂ ᠪᠦᠬᠦ ᠵᠢᠯ  ᠤᠨ ᠨᠡᠬᠦᠷᠡᠰᠦᠨ  ᠤ ᠦᠢᠯᠡᠳᠪᠦᠷᠢᠯᠡᠯ  ᠤᠨ ᠴᠢᠳᠠᠪᠤᠷᠢ  ᠶᠢ 5 ᠳ᠋ᠦᠩᠰᠢᠭᠤᠷ ᠲᠤᠨ  ᠤ ᠲᠤᠳᠤᠷ᠎ᠠ ᠬᠢᠵᠠᠭᠠᠷᠯᠠᠨ᠎ᠠ᠃ ᠨᠡᠬᠦᠷᠡᠰᠦᠨ  ᠤ ᠡᠬᠢ ᠪᠠᠶᠠᠯᠢᠭ  ᠢ ᠬᠤᠶᠠᠳᠣᠭᠠᠷ ᠤᠳᠠᠭ᠎ᠠ ᠡᠮᠬᠢᠯᠡᠨ ᠨᠡᠶᠢᠯᠡᠬᠦᠯᠬᠦ ᠠᠵᠢᠯ  ᠢ ᠪᠦᠬᠦ ᠲᠠᠯ᠎ᠠ  ᠪᠠᠷ ᠪᠡᠶᠡᠯᠡᠬᠦᠯᠵᠤ ᠂ ᠨᠡᠬᠦᠷᠡᠰᠦᠨ  ᠤ  ᠠᠵᠤ ᠠᠬᠤᠶᠢᠯᠠᠯ  ᠢ ᠨᠡᠶᠢᠯᠡᠬᠦᠯᠦᠨ ᠲᠠᠬᠢᠵᠤ ᠵᠤᠬᠢᠶᠠᠨ ᠪᠠᠶᠢᠭᠤᠯᠬᠤ ᠠᠵᠢᠯ  ᠢ ᠡᠬᠢᠯᠡᠬᠦᠯᠵᠤ᠂ 2 —3 ᠵᠢᠯ  ᠤᠨ ᠲᠤᠳᠤᠷ᠎ᠠ 5000 ᠲᠦᠮᠡᠨ ᠲᠤᠨ ᠤ ᠲᠡᠰ ᠠᠴᠠ ᠲᠡᠭᠡᠭᠰᠢᠬᠢ ᠨᠡᠬᠦᠷᠡᠰᠦᠨ ᠠᠵᠤ ᠠᠬᠤᠶᠢᠯᠠᠯ  ᠤᠨ ᠪᠦᠯᠦᠭᠯᠡᠯ  ᠢ 3  ᠪᠠᠶᠢᠭᠤᠯᠬᠤ  ᠪᠠᠷ ᠴᠢᠷᠮᠠᠶᠢᠵᠤ᠂ ᠨᠡᠬᠦᠷᠡᠰᠦᠨ ᠠᠵᠤ ᠦᠢᠯᠡᠰ  ᠢ ᠨᠡᠩ ᠦᠨᠳᠦᠷ ᠲᠠᠪᠬᠤᠷᠭ᠎ᠠ  ᠳᠤ ᠲᠦᠪᠯᠡᠷᠡᠬᠦᠯᠦᠨ ᠡᠷᠴᠢᠮᠵᠢᠬᠦᠯᠦᠨ ᠬᠦᠭᠵᠢᠬᠦᠯᠬᠦ  ᠶᠢ ᠪᠡᠶᠡᠯᠡᠬᠦᠯᠦᠨ᠎ᠡ᠃ ᠪᠦᠬᠦ ᠬᠤᠲᠠ  ᠶᠢᠨ ᠴᠠᠬᠢᠯᠭᠠᠨ ᠤ ᠢᠷᠡᠯᠲᠡ ᠶᠢᠨ ᠴᠡᠭ ᠤᠨ  ᠪᠠᠶᠢᠷᠢᠯᠠᠭᠤᠯᠤᠯᠲᠠ ᠪᠠ ᠴᠠᠬᠢᠯᠭᠠᠨ ᠲᠤᠤᠷ  ᠤᠨ ᠪᠦᠲᠦᠴᠡ ᠶᠢ ᠴᠢᠨᠠᠭᠰᠢᠲᠠ ᠰᠢᠯᠢᠳᠡᠭᠵᠢᠬᠦᠯᠵᠤ᠂ ᠱᠠᠩᠬᠠᠢ  ᠶᠢᠨ ᠰᠦᠮ᠎ᠡ  ᠶᠢᠨ ᠨᠡᠬᠦᠷᠡᠰᠦᠨ ᠴᠢᠯᠠᠭᠤ  ᠪᠠᠷ ᠴᠬᠢᠯᠭᠠᠨ ᠭᠠᠷᠭᠠᠬᠤ ᠦᠢᠯᠡᠳᠪᠦᠷᠢ ᠵᠡᠷᠭᠡ ᠲᠦᠷᠦᠯ ᠵᠦᠢᠯ  ᠤᠨ  ᠪᠦᠲᠦᠬᠡᠨ ᠪᠠᠶᠢᠭᠤᠯᠤᠯᠲᠠ  ᠶᠢ ᠢᠳᠡᠪᠬᠢᠲᠠᠢ ᠠᠬᠢᠭᠤᠯᠵᠤ᠂ ᠨᠢᠬᠡ ᠪᠦᠯᠦᠭ ᠤᠨᠴᠠ ᠲᠤᠮᠤ ᠬᠡᠯᠪᠡᠷᠢ  ᠶᠢᠨ ᠴᠠᠬᠢᠯᠭᠠᠨ ᠭᠠᠷᠭᠠᠬᠤ ᠦᠷᠳᠡᠭᠡᠨ ᠤ ᠰᠦᠷᠦᠭᠵᠢᠯ ᠢ ᠪᠦᠲᠦᠬᠡᠨ ᠪᠠᠶᠢᠭᠤᠯᠤᠨ᠎ᠠ᠃ ᠨᠡᠬᠦᠷᠡᠰᠦ ᠬᠢᠮᠢ ᠶᠢᠨ ᠠᠵᠤ ᠦᠢᠯᠡᠳᠪᠦᠷᠢ  ᠶᠢᠨ ᠠᠵᠤ ᠦᠢᠯᠡᠰ ᠎ ᠤᠨ ᠭᠤᠤᠯᠳᠠᠯᠭ᠎ᠠ ᠲᠠᠢ ᠲᠦᠷᠦᠯ ᠵᠦᠢᠯ  ᠢ ᠬᠦᠴᠦ  ᠪᠠᠨ ᠲᠦᠪᠯᠡᠷᠡᠬᠦᠯᠦᠨ ᠠᠬᠢᠭᠤᠯᠵᠤ᠂ ᠨᠢᠬᠡᠨᠳᠡ ᠪᠠᠶᠢᠭᠤᠯᠤᠭᠳᠠᠭᠰᠠᠨ ᠬᠤᠶᠠᠷ ᠵᠤᠷᠪᠤᠰ ᠨᠡᠬᠦᠷᠡᠰᠦ  ᠪᠠᠷ ᠲᠤᠰᠤ ᠦᠢᠯᠡᠳᠪᠦᠷᠢᠯᠡᠬᠦ ᠦᠢᠯᠡᠳᠪᠦᠷᠢᠯᠡᠯ  ᠤᠨ ᠱᠣᠭᠤᠮ  ᠢ ᠠᠶᠤᠯᠬᠦᠢ ᠮᠦᠷᠳᠡᠭᠡᠨ ᠲᠤᠭᠳᠠᠭᠤᠨ ᠢᠶᠠᠷ ᠡᠷᠬᠢᠯᠳᠦᠬᠦᠯᠦᠭᠰᠡᠨ ᠰᠠᠭᠤᠷᠢᠨ ᠲᠡᠭᠡᠷ᠎ᠡ᠂ ᠢ ᠲᠠᠢ  ᠶᠢᠨ 360 ᠲᠦᠮᠡᠨ ᠲᠤᠨ᠂ ᠱᠧᠨ ᠬᠤᠸᠠ  ᠶᠢᠨ 216 ᠲᠦᠮᠡᠨ ᠲᠤᠨ ᠤ ᠨᠡᠬᠦᠷᠡᠰᠦ ᠪᠠᠷ ᠲᠤᠰᠤ ᠦᠢᠯᠡᠳᠪᠦᠷᠢᠯᠡᠬᠦ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ  ᠢ ᠰᠠᠶᠢᠲᠤᠷ ᠬᠢᠵᠤ᠂ ᠪᠠᠷᠢᠯᠭ᠎ᠠ ᠡᠬᠢᠯᠡᠬᠦᠯᠬᠦ  ᠪᠠᠷ ᠴᠢᠷᠮᠠᠶᠢᠨ᠎ᠠ᠃ ᠬᠤᠢ ᠨᠧᠩ  ᠤᠨ 20 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠨᠡᠬᠦᠷᠡᠰᠦ ᠪᠠᠷ ᠪᠠᠶᠢᠭᠠᠯᠢ  ᠶᠢᠨ ᠰᠢᠲᠠᠮᠠᠬᠠᠢ ᠬᠡᠢ ᠦᠢᠯᠡᠳᠪᠦᠷᠢᠯᠡᠬᠦ ᠲᠦᠷᠦᠯ ᠵᠦᠢᠯ  ᠤᠨ ᠪᠦᠲᠦᠬᠡᠨ ᠪᠠᠶᠢᠭᠤᠯᠤᠯᠲᠠ  ᠶᠢ ᠠᠬᠢᠭᠤᠯᠵᠤ᠂  ᠱᠧᠨ ᠬᠤᠸᠠ  ᠶᠢᠨ ᠨᠡᠬᠦᠷᠡᠰᠦ  ᠪᠠᠷ ᠬᠡᠢ ᠦᠢᠯᠡᠳᠪᠦᠷᠢᠯᠡᠬᠦ ᠲᠦᠷᠦᠯ ᠵᠦᠢᠯ ᠢ ᠦᠨᠡᠨ ᠪᠤᠲᠠᠲᠠᠢ ᠠᠬᠢᠯᠲᠠ ᠲᠠᠢ ᠪᠤᠯᠭᠠᠬᠤ  ᠪᠠᠷ ᠴᠢᠷᠮᠠᠶᠢᠨ᠎ᠠ᠃ ᠨᠡᠬᠦᠷᠡᠰᠦ  ᠪᠠᠷ ᠲᠤᠮᠤ ᠬᠢᠮᠢ  ᠶᠢᠨ ᠪᠤᠷᠳᠤᠭᠤᠷ ᠦᠢᠯᠡᠳᠪᠦᠷᠢᠯᠡᠬᠦ᠂ ᠬᠤᠶᠠᠷ ᠮᠧᠲ᠋ᠢᠯᠲᠤ ᠡᠲ᠋ᠧᠷ ᠪᠠ ᠮᠧᠲ᠋ᠢᠯ ᠠᠯᠺᠤᠤᠯ ᠤᠨ ᠦᠢᠯᠡᠳᠬᠦᠨ  ᠢ ᠨᠠᠷᠢᠯᠢᠭ ᠬᠦᠨ ᠪᠤᠯᠪᠠᠰᠤᠷᠠᠭᠤᠯᠬᠤ ᠲᠦᠷᠦᠯ ᠵᠦᠢᠯ  ᠢ ᠪᠦᠬᠦ ᠬᠦᠴᠦᠨ ᠎ ᠢᠶᠠᠷ ᠠᠬᠢᠭᠤᠯᠵᠤ᠂ ᠲᠤᠮᠳᠠᠳᠣ  ᠶᠢᠨ ᠨᠡᠬᠦᠷᠡᠰᠦᠨ  ᠤ 350 ᠲᠦᠮᠡᠨ ᠲᠤᠨ ᠤ ᠲᠤᠮᠤ ᠬᠢᠮᠢ  ᠶᠢᠨ ᠪᠤᠷᠳᠤᠭᠤᠷ ᠵᠡᠷᠭᠡ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠤ᠂ ᠵᠦᠩ ᠲᠢᠶᠠᠨ ᠾᠧ ᠴᠣᠸᠠᠩ  ᠤᠨ 300 ᠲᠦᠮᠡᠨ ᠲᠤᠨ  ᠤ ᠬᠤᠶᠠᠷ ᠮᠧᠲ᠋ᠢᠯᠲᠤ ᠡᠲ᠋ᠧᠷ᠂ ᠮᠧᠩ ᠳ᠋ᠠ  ᠶᠢᠨ 50 ᠲᠦᠮᠡᠨ ᠲᠤᠨ  ᠤ ᠠᠯᠺᠸᠠ᠂ ᠲᠤᠮᠳᠠᠳᠣ  ᠶᠢᠨ ᠴᠠᠬᠢᠯᠭᠠᠨ ᠬᠦᠴᠦᠨ  ᠤ ᠪᠡᠯᠡ ᠤᠷᠤᠭᠤᠯᠤᠯᠲᠠ  ᠶᠢᠨ ᠺᠤᠮᠫᠠᠨᠢ  ᠶᠢᠨ 100 ᠲᠦᠮᠡᠨ ᠲᠤᠨ  ᠤ ᠠᠯᠺᠸᠠ᠂ ᠱᠠᠩᠬᠠᠢ  ᠶᠢᠨ ᠰᠦᠮ᠎ᠡ  ᠶᠢᠨ 100 ᠲᠦᠮᠡᠨ ᠲᠤᠨ  ᠤ ᠡᠲᠸᠠ ᠬᠤᠶᠠᠷᠴᠢ ᠠᠯᠺᠤᠤᠯ ᠵᠡᠷᠭᠡ ᠲᠦᠷᠦᠯ ᠵᠦᠢᠯ  ᠤᠨ ᠪᠠᠷᠢᠯᠭ᠎ᠠ  ᠶᠢ ᠡᠬᠢᠯᠡᠬᠦᠯᠵᠤ᠂ ᠮᠢᠩᠭᠠᠨ ᠲᠦᠮᠡᠨ ᠲᠤᠨ  ᠤ ᠲᠡᠰ ᠤᠨ ᠬᠢᠮᠢ  ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ  ᠢ ᠪᠤᠶᠢᠵᠢᠭᠤᠯᠤᠨ᠎ᠠ᠃      ᠬᠤᠶᠠᠷ  ᠲᠤ ᠡᠬᠢ ᠪᠠᠶᠠᠯᠢᠭ  ᠤᠨ ᠪᠤᠰᠣ ᠭᠡᠯᠪᠡᠷᠢ  ᠶᠢᠨ ᠠᠵᠤ ᠦᠢᠯᠡᠰ  ᠤᠨ ᠭᠤᠤᠯᠳᠠᠯᠭ᠎ᠠ ᠲᠠᠢ ᠲᠦᠷᠦᠯ ᠵᠦᠢᠯ  ᠤᠨ ᠪᠦᠲᠦᠬᠡᠨ ᠪᠠᠶᠢᠭᠤᠯᠤᠯᠲᠠ  ᠶᠢ ᠰᠠᠶᠢᠲᠤᠷ ᠠᠳᠬᠤᠨ᠎ᠠ᠃ ᠲᠤᠨᠤᠭᠯᠠᠯ ᠦᠢᠯᠡᠳᠬᠦ ᠦᠢᠯᠡᠰ ᠤᠨ ᠲᠦᠷᠦᠯ ᠵᠦᠢᠯ  ᠢ ᠪᠦᠬᠦ ᠬᠦᠴᠦᠨ  ᠢᠶᠠᠷ ᠰᠠᠶᠢᠲᠤᠷ ᠠᠳᠬᠤᠵᠤ᠂ ᠬᠤᠸᠠ ᠲᠠᠢ  ᠶᠢᠨ 15 ᠲᠦᠮᠡᠨ ᠰᠠᠭᠤᠳᠠᠯ  ᠤᠨ ᠮᠠᠰᠢᠨ ᠲᠡᠷᠭᠡᠨ  ᠤ ᠲᠦᠷᠦᠯ ᠵᠦᠢᠯ  ᠢ ᠲᠡᠭᠡᠳᠦ ᠬᠠᠭᠠᠰ ᠵᠢᠯ  ᠳᠤ ᠠᠰᠢᠭᠯᠠᠯᠲᠠ  ᠳᠤ ᠤᠷᠤᠭᠤᠯᠵᠤ᠂ ᠴᠢ ᠷᠦᠢ  ᠶᠢᠨ 30 ᠲᠦᠮᠡᠨ ᠮᠠᠰᠢᠨ ᠲᠡᠷᠭᠡ ᠦᠢᠯᠡᠳᠪᠦᠷᠢᠯᠡᠬᠦ ᠲᠦᠷᠦᠯ ᠵᠦᠢᠯ  ᠤᠨ ᠪᠦᠲᠦᠬᠡᠨ  ᠪᠠᠶᠢᠭᠤᠯᠤᠯᠲᠠ ᠶᠢᠨ ᠠᠬᠢᠴᠠ  ᠶᠢ ᠲᠦᠷᠭᠡᠳᠭᠡᠵᠤ᠂ ᠵᠢᠩ ᠬᠦᠩ᠂ ᠵᠦᠩ ᠰᠢᠩ ᠵᠡᠷᠭᠡ ᠮᠠᠰᠢᠨ ᠲᠡᠷᠭᠡ ᠦᠢᠯᠡᠳᠪᠦᠷᠢᠯᠡᠬᠦ ᠲᠦᠷᠦᠯ ᠵᠦᠢᠯ  ᠢ ᠠᠰᠢᠭᠯᠠᠯᠲᠠ  ᠳᠤ ᠤᠷᠤᠭᠤᠯᠤᠨ ᠦᠷ᠎ᠡ ᠠᠰᠢᠭ ᠤᠯᠬᠤ ᠶᠢ ᠪᠦᠬᠦ ᠬᠦᠴᠦᠨ  ᠢᠶᠠᠨ ᠠᠬᠢᠭᠤᠯᠤᠨ᠎ᠠ︔ ᠯᠠᠨ ᠳ᠋ᠧ  ᠶᠢᠨ ᠬᠦᠨᠲᠦ ᠠᠵᠤ ᠦᠢᠯᠡᠳᠪᠦᠷᠢ  ᠶᠢᠨ ᠠᠭᠤᠷᠬᠠᠢ  ᠎ ᠶᠢᠨ ᠭᠡᠷᠡᠭᠯᠡᠬᠡᠨ  ᠤ 1 .5 ᠲᠦᠮᠡᠨ ᠦᠪᠡᠰᠦᠪᠡᠨ ᠪᠠᠭᠤᠯᠭᠠᠬᠤ ᠮᠠᠰᠢᠨ ᠲᠡᠷᠭᠡ᠂ 3000  ᠪᠧᠨ ‍ᠤᠤᠢ ᠬᠤᠳᠠᠯᠳᠤᠭᠠᠨ  ᠤ ᠶᠠᠪᠤᠳᠠᠯ  ᠤᠨ ᠮᠠᠰᠢᠨ ᠵᠡᠷᠭᠡ ᠲᠦᠷᠦᠯ ᠵᠦᠢᠯ  ᠢ ᠰᠢᠨ᠎ᠡ ᠪᠠᠷ ᠪᠦᠲᠦᠬᠡᠨ ᠪᠠᠶᠢᠭᠤᠯᠤᠨ᠎ᠠ᠃ ᠮᠠᠰᠢᠨ ᠲᠡᠷᠭᠡᠨ  ᠤ ᠠᠵᠤ ᠦᠢᠯᠡᠰ  ᠤᠨ ᠲᠦᠬᠦᠷᠵᠢᠯᠲᠡ  ᠶᠢᠨ ᠲᠦᠷᠦᠯ ᠵᠦᠢᠯ  ᠤᠨ ᠪᠦᠲᠦᠬᠡᠨ ᠪᠠᠶᠢᠭᠤᠯᠤᠯᠲᠠ  ᠶᠢ ᠲᠦᠷᠭᠡᠳᠭᠡᠵᠤ᠂ ᠮᠠᠰᠢᠨ ᠲᠡᠷᠭᠡᠨ  ᠤ ᠲᠤᠨᠤᠭ ᠲᠦᠬᠦᠬᠡᠷᠦᠮᠵᠢ  ᠶᠢ  ᠨᠤᠳᠤᠭᠴᠢᠯᠠᠬᠤ ᠨᠤᠷᠮ᠎ᠠ  ᠶᠢ ᠲᠡᠭᠡᠭᠰᠢᠯᠡᠬᠦᠯᠦᠨ᠎ᠡ᠃ ᠵᠦᠩ ᠮᠸᠢ ᠶᠢᠨ ᠡᠨᠧᠷᠬᠢ ᠠᠷᠪᠢᠯᠠᠬᠤ ᠲᠤᠨᠤᠭ ᠲᠦᠬᠦᠬᠡᠷᠦᠮᠵᠢ ᠪᠠ ᠨᠡᠬᠦᠷᠡᠰᠦᠨ ᠠᠭᠤᠷᠬᠠᠢ  ᠶᠢᠨ ᠤᠬᠢᠶᠠᠵᠤ ᠰᠤᠩᠭᠤᠬᠤ ᠲᠤᠨᠤᠭ ᠲᠦᠬᠦᠬᠡᠷᠦᠮᠵᠢ ᠦᠢᠯᠡᠳᠪᠦᠷᠢᠯᠡᠬᠦ᠂ ᠵᠢᠦ ᠾᠧ ᠶᠢᠨ ᠡᠨᠧᠷᠬᠢ  ᠰᠠᠯᠬᠢᠨ ᠬᠦᠴᠦᠨ ᠤ ᠴᠠᠬᠢᠯᠭᠠᠨ ᠭᠠᠷᠭᠠᠬᠤ ᠪᠦᠷᠢᠨ ᠮᠠᠰᠢᠨ ᠦᠢᠯᠡᠳᠬᠦ ᠵᠡᠷᠭᠡ ᠲᠦᠷᠦᠯ ᠵᠦᠢᠯ  ᠤᠨ ᠪᠦᠲᠦᠬᠡᠨ ᠪᠠᠶᠢᠭᠤᠯᠤᠯᠲᠠ  ᠶᠢ ᠲᠦᠷᠭᠡᠳᠭᠡᠵᠤ᠂ ᠨᠡᠬᠦᠷᠡᠰᠦᠨ ᠮᠠᠰᠢᠨ᠂ ᠬᠢᠮᠢ  ᠶᠢᠨ ᠠᠵᠤ ᠦᠢᠯᠡᠳᠪᠦᠷᠢ  ᠶᠢᠨ ᠮᠠᠰᠢᠨ ᠵᠡᠷᠭᠡ ᠦᠢᠯᠡᠳᠬᠦ ᠦᠢᠯᠡᠰ ᠤᠨ ᠬᠠᠪᠳᠠᠭᠠᠢ ᠭᠡᠰᠡᠭ  ᠢ ᠪᠤᠢ ᠪᠤᠯᠭᠠᠨ᠎ᠠ᠃ ᠰᠢᠨ᠎ᠡ  ᠪᠠᠷ ᠪᠤᠢ ᠪᠤᠯᠤᠭᠰᠠᠨ ᠪᠠᠶᠢᠯᠳᠤᠬᠤ ᠪᠤᠳᠤᠯᠭ᠎ᠠ  ᠶᠢᠨ ᠴᠢᠨᠠᠷᠲᠠᠢ ᠰᠢᠨ᠎ᠡ ᠪᠠᠷ ᠠᠵᠤ ᠦᠢᠯᠡᠰ  ᠤᠨ ᠲᠦᠷᠦᠯ ᠵᠦᠢᠯ  ᠢ ᠢᠳᠡᠪᠬᠢᠲᠠᠢ ᠪᠠᠶᠢᠭᠤᠯᠵᠤ᠂ ᠤᠯᠤᠰ  ᠤᠨ ᠴᠠᠬᠢᠯᠭᠠᠨ  ᠤ 3000 ᠲᠤᠨ ᠤ ᠤᠯᠠᠨ ᠲᠠᠯᠠᠰᠲᠤ ᠴᠠᠬᠢᠭᠤᠷ ᠤᠨ ᠲᠦᠷᠦᠯ ᠵᠦᠢᠯ ᠢ ᠠᠰᠢᠭᠯᠠᠯᠲᠠ ᠎ ᠳᠤ ᠤᠷᠤᠭᠤᠯᠬᠤ  ᠶᠢ ᠪᠠᠲᠤᠯᠠᠵᠤ᠂ ᠤᠷᠳᠤᠰ ᠨᠤᠯᠤᠤᠷ ᠬᠠᠨᠳᠠᠭᠠᠵᠠ  ᠶᠢᠨ ᠪᠦᠯᠦᠭᠯᠡᠯ ᠤᠨ ᠬᠤᠶᠠᠳᠤᠭᠠᠷ ᠬᠤᠭᠤᠴᠠᠭᠠᠨ  ᠤ 2500 ᠲᠤᠨ  ᠤ ᠲᠦᠷᠦᠯ ᠵᠦᠢᠯ ᠎ ᠢ ᠰᠢᠨ᠎ᠡ  ᠪᠠᠷ ᠪᠠᠷᠢᠯᠭ᠎ᠠ ᠡᠬᠢᠯᠡᠬᠦᠯᠦᠨ᠎ᠡ᠃ ᠱᠠᠩ ᠳ᠋ᠧ 5G᠂ ᠵᠦᠩ ᠱᠧᠩ 3G ᠨᠠᠷᠠᠨ ᠡᠨᠧᠷᠬᠢ  ᠶᠢᠨ ᠳ᠋ᠢᠶᠠᠨ ‍ᠤᠤᠢ  ᠶᠢᠨ ᠰᠢᠷᠢᠰ ᠲᠦᠷᠦᠯ ᠵᠦᠢᠯ  ᠢ ᠨᠤᠳᠤᠭᠰᠢᠭᠤᠯᠤᠨ ᠬᠡᠷᠡᠭᠵᠢᠬᠦᠯᠬᠦ  ᠶᠢ ᠪᠦᠬᠦ ᠬᠦᠴᠦᠨ  ᠢᠶᠠᠷ ᠠᠬᠢᠭᠤᠯᠤᠨ᠎ᠠ᠃ ᠸᠠᠨ ᠵᠢᠶᠧ  ᠶᠢᠨ 30 ᠲᠦᠮᠡᠨ ᠰᠠᠭᠤᠷᠢ ᠰᠦᠯᠵᠢᠶᠡᠨ  ᠳᠤ ᠭᠠᠷᠬᠤ ᠲᠡᠪᠳᠡᠷ ᠪᠠ ᠦᠵᠦᠬᠦᠷ ᠲᠡᠰ ᠤᠨ ᠦᠢᠯᠡᠳᠬᠦᠨ  ᠤ ᠲᠦᠷᠦᠯ ᠵᠦᠢᠯ  ᠤᠨ ᠪᠦᠲᠦᠬᠡᠨ ᠪᠠᠶᠢᠭᠤᠯᠤᠯᠲᠠ  ᠶᠢ ᠲᠦᠷᠭᠡᠳᠭᠡᠵᠤ᠂ ᠱᠢ ᠵᠢᠢ ᠢᠨᠲ᠋ᠧᠷ ᠰᠦᠯᠵᠢᠶ᠎ᠡ ᠵᠡᠷᠭᠡ ᠠᠵᠤ ᠠᠬᠤᠶᠢᠯᠠᠯ  ᠢ ᠤᠷᠤᠭᠤᠯᠤᠨ ᠠᠪᠴᠢᠷᠠᠵᠤ᠂ ᠪᠤᠳᠤᠯᠭ᠎ᠠ ᠶᠢᠨ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠤᠷᠤᠨ ᠲᠤᠭᠤᠷᠢᠭ  ᠤᠨ ᠪᠦᠲᠦᠬᠡᠨ ᠪᠠᠶᠢᠭᠤᠯᠤᠯᠲᠠ  ᠶᠢ ᠡᠬᠢᠯᠡᠬᠦᠯᠵᠤ᠂ ᠡᠯᠧᠺᠲᠷᠤᠨ ᠴᠢᠮᠡᠭᠡ ᠵᠠᠩᠬᠢ  ᠶᠢᠨ ᠠᠵᠤ ᠦᠢᠯᠡᠰ  ᠤᠨ ᠬᠦᠭᠵᠢᠯᠲᠡ ᠳᠤ ᠮᠦᠨ ᠴᠢᠨᠠᠷ ᠤᠨ ᠰᠢᠪᠲᠤᠯᠤᠯᠲᠠ ᠲᠠᠢ ᠪᠤᠯᠬᠤ ᠪᠠᠷ ᠴᠢᠷᠮᠠᠶᠢᠨ᠎ᠠ᠃ ᠬᠦᠩᠬᠡᠨᠴᠠᠭᠠᠨ ᠤ ᠢᠰᠦᠯ ᠤᠨ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ  ᠶᠢ ᠲᠦᠷᠭᠡᠳᠭᠡᠵᠤ᠂ ᠰᠢᠩ ᠾᠧᠩ ᠪᠦᠯᠦᠭᠯᠡᠯ  ᠤᠨ 120 ᠲᠦᠮᠡᠨ ᠲᠤᠨ᠂ ᠳ᠋ᠦᠩ ᠹᠠᠩ ᠰᠢ ᠸᠠᠩ ᠤᠨ 100 ᠲᠦᠮᠡᠨ ᠲᠤᠨ  ᠤ ᠬᠦᠩᠬᠡᠨᠴᠠᠭᠠᠨ  ᠤ ᠢᠰᠦᠯ  ᠤᠨ ᠲᠦᠷᠦᠯ ᠵᠦᠢᠯ  ᠢ ᠪᠠᠷᠢᠯᠭ᠎ᠠ ᠡᠬᠢᠯᠡᠬᠦᠯᠬᠦ  ᠪᠠᠷ ᠴᠢᠷᠮᠠᠶᠢᠨ᠎ᠠ᠃ PVC ᠎ ᠤᠨ ᠠᠵᠤ ᠦᠢᠯᠡᠰ  ᠤᠨ ᠤᠨᠳᠤᠤ ᠬᠡᠯᠪᠡᠷᠢᠲᠦ ᠮᠠᠲ᠋ᠧᠷᠢᠶᠠᠯ᠂ ᠴᠢᠨᠠᠷ  ᠢ ᠨᠢ ᠦᠬᠡᠷᠡᠴᠢᠯᠡᠭᠰᠡᠨ ᠮᠠᠲ᠋ᠧᠷᠢᠶᠠᠯ᠂ ᠮᠠᠰᠢᠨ ᠲᠡᠷᠭᠡᠨ  ᠤ ᠭᠡᠷᠡᠭᠯᠡᠭᠡᠨ  ᠤ ᠰᠦᠯᠢᠶᠤᠤ ᠵᠡᠷᠭᠡ  ᠦᠵᠦᠬᠦᠷ ᠲᠡᠰ  ᠤᠨ ᠦᠢᠯᠡᠳᠬᠦᠨ  ᠢ ᠬᠦᠭᠵᠢᠬᠦᠯᠵᠤ᠂ ᠳ᠋ᠦᠩ ᠹᠠᠩ ᠰᠢ ᠸᠠᠩ  ᠤᠨ 40 ᠲᠦᠮᠡᠨ ᠲᠤᠨ ᠪᠠ ᠤᠷᠳᠤᠰ ᠨᠤᠯᠤᠤᠷ ᠬᠠᠨᠳᠠᠭᠠᠵᠠ  ᠶᠢᠨ 40 ᠲᠦᠮᠡᠨ ᠲᠤᠨ ᠤ PVC  ᠵᠡᠷᠭᠡ ᠲᠦᠷᠦᠯ ᠵᠦᠢᠯ  ᠢ ᠰᠢᠨ᠎ᠡ  ᠪᠠᠷ ᠪᠠᠷᠢᠯᠭ᠎ᠠ ᠡᠬᠢᠯᠡᠬᠦᠯᠦᠨ᠎ᠡ᠃ ᠨᠢᠮᠬᠡᠨ ᠸᠠᠭᠠᠷ ᠱᠠᠭᠠᠵᠠᠩ ᠲᠤᠭᠤᠰᠬ᠎ᠠ ᠪᠠ ᠡᠳᠦᠷ ᠲᠤᠳᠣᠮ ᠤᠨ ᠭᠡᠷᠡᠭᠯᠡᠬᠡᠨ  ᠤ ᠱᠠᠭᠠᠵᠠᠩ  ᠤᠨ ᠦᠢᠯᠡᠳᠪᠦᠷᠢᠯᠡᠯ ᠤᠨ ᠲᠦᠷᠦᠯ ᠵᠦᠢᠯ  ᠢ ᠲᠦᠷᠭᠡᠨ ᠢᠶᠠᠷ ᠤᠷᠤᠭᠤᠯᠤᠨ ᠠᠪᠴᠢᠷᠠᠵᠤ᠂ ᠸᠠᠭᠠᠷ ᠱᠠᠭᠠᠵᠠᠩ  ᠤᠨ ᠦᠢᠯᠡᠳᠪᠦᠷᠢᠯᠡᠯ  ᠤᠨ ᠱᠣᠭᠤᠮ  ᠢ ᠰᠢᠨ᠎ᠡ  ᠪᠠᠷ 50 ᠵᠤᠷᠪᠤᠰ ᠨᠡᠮᠡᠭᠳᠡᠬᠦᠯᠬᠦ  ᠪᠠᠷ ᠴᠢᠷᠮᠠᠶᠢᠨ᠎ᠠ᠃ ᠤᠷᠳᠤᠰ ᠨᠤᠯᠤᠤᠷ  ᠬᠠᠨᠳᠠᠭᠠᠵᠠ  ᠶᠢᠨ ᠪᠦᠯᠦᠭᠡᠯᠡᠯ  ᠤᠨ ᠨᠡᠭᠡᠮᠡᠯ  ᠤᠨ ᠤᠷᠤᠨ ᠲᠤᠭᠤᠷᠢᠭ  ᠢ ᠪᠦᠬᠦᠨ  ᠢ ᠨᠡᠬᠦᠯᠬᠡᠨ ᠰᠢᠯᠵᠢᠬᠦᠯᠬᠦ  ᠪᠠᠷ ᠠᠵᠠ ᠲᠤᠬᠢᠶᠠᠯ ᠪᠤᠯᠭᠠᠵᠤ᠂ ᠰᠣᠳᠣᠯᠣᠨ ᠨᠡᠬᠡᠬᠡᠬᠦ ᠬᠦᠴᠦᠨ ᠢ ᠴᠢᠩᠭᠠᠳᠬᠠᠵᠤ᠂ ᠰᠢᠨᠵᠢᠯᠡᠭᠡ ᠮᠡᠷᠭᠡᠵᠢᠯ  ᠤᠨ ᠠᠭᠤᠯᠤᠭᠳᠠᠬᠤᠨ  ᠢ ᠲᠡᠭᠡᠭᠰᠢᠯᠡᠬᠦᠯᠵᠤ᠂ ᠤᠷᠳᠤᠰ ᠤᠨ ᠢᠮᠠᠭᠠᠨ ᠨᠤᠯᠤᠤᠷ ᠤᠨ ᠠᠵᠤ ᠦᠢᠯᠡᠰ  ᠤᠨ ᠨᠡᠷᠡᠲᠦ ᠲᠠᠸᠠᠷ ᠎ ᠤᠨ ᠲᠡᠮᠳᠡᠭ  ᠤᠨ ᠦᠢᠯᠡᠳᠦᠯ ᠢ ᠴᠢᠩᠭᠠᠳᠬᠠᠵᠤ᠂ ᠵᠠᠬ᠎ᠠ ᠲᠡᠯᠬᠡᠬᠦᠷ  ᠤᠨ ᠡᠵᠡᠯᠡᠬᠦ ᠨᠤᠷᠮ᠎ᠠ  ᠶᠢ ᠲᠡᠭᠡᠭᠰᠢᠯᠡᠬᠦᠯᠦᠨ᠎ᠡ᠃     ᠭᠤᠷᠪᠠ  ᠳᠤ ᠤᠲᠤ ᠦᠶ᠎ᠡ  ᠶᠢᠨ ᠦᠢᠯᠡᠴᠢᠯᠡᠬᠡᠨ  ᠤ ᠦᠢᠯᠡᠰ  ᠤᠨ ᠴᠢᠬᠤᠯᠠ ᠲᠦᠷᠦᠯ ᠵᠦᠢᠯ  ᠤᠨ ᠪᠦᠲᠦᠬᠡᠨ ᠪᠠᠶᠢᠭᠤᠯᠤᠯᠲᠠ  ᠶᠢ ᠰᠠᠶᠢᠲᠤᠷ ᠠᠳᠬᠤᠨ᠎ᠠ᠃ ᠪᠦᠬᠦ ᠬᠤᠲᠠ ᠶᠢᠨ ᠤᠳᠤ ᠦᠶ᠎ᠡ  ᠶᠢᠨ ᠦᠢᠯᠡᠴᠢᠯᠡᠬᠡᠨ  ᠤ ᠦᠢᠯᠡᠰ  ᠤᠨ ᠠᠵᠢᠯ ᠲᠦᠷᠦᠯ  ᠤᠨ ᠬᠦᠭᠵᠢᠬᠦᠯᠦᠯᠲᠡ  ᠶᠢᠨ ᠲᠤᠰᠬᠠᠢ ᠵᠦᠢᠯ  ᠤᠨ ᠲᠦᠯᠦᠪᠵᠢᠬᠦᠯᠬᠡ  ᠶᠢ ᠨᠠᠶᠢᠷᠠᠭᠤᠯᠤᠨ ᠵᠤᠬᠢᠶᠠᠬᠤ ᠪᠠ ᠲᠦᠷᠦᠯ ᠵᠦᠢᠯ  ᠢ ᠨᠤᠳᠤᠭᠰᠢᠭᠤᠯᠬᠤ ᠠᠵᠢᠯ  ᠢ ᠢᠳᠡᠪᠬᠢᠲᠠᠢ ᠰᠠᠶᠢᠲᠤᠷ ᠬᠢᠨ᠎ᠠ᠃ ᠳ᠋ᠦᠩᠱᠧᠩ ᠤᠨ ᠮᠦᠩᠬᠦᠨ ᠬᠦᠢᠯᠬᠡᠬᠡᠨ ᠤ ᠠᠭᠤᠳᠠᠮ ᠲᠠᠯᠠᠪᠠᠢ ᠪᠠ ᠬᠢᠶ᠎ᠠ ᠪᠠᠭᠰᠢ ᠰᠢᠨ᠎ᠡ ᠲᠤᠭᠤᠷᠢᠭ  ᠤᠨ ᠮᠦᠩᠬᠦᠨ ᠬᠦᠢᠯᠬᠡᠬᠡᠨ ᠤ ᠦᠢᠯᠡᠴᠢᠯᠡᠬᠡᠨ  ᠤ ᠲᠦᠪ  ᠤᠨ ᠪᠦᠲᠦᠬᠡᠨ ᠪᠠᠶᠢᠭᠤᠯᠤᠯᠲᠠ  ᠶᠢ ᠲᠦᠷᠭᠡᠳᠭᠡᠵᠤ᠂ ᠰᠢᠩ ᠶᠧ᠂ ᠭᠤᠸᠠᠩ ᠳ᠋ᠠ ᠵᠡᠷᠭᠡ ᠬᠤᠪᠢᠴᠠᠭᠠᠲᠤ ᠲᠦᠷᠢᠮ  ᠤᠨ ᠬᠤᠳᠠᠯᠳᠤᠭᠠᠨ ᠤ ᠪᠠᠩᠬᠢ  ᠶᠢ ᠮᠠᠨ  ᠤ ᠬᠤᠲᠠ  ᠳᠤ ᠰᠠᠭᠤᠷᠢᠰᠢᠭᠤᠯᠬᠤ  ᠪᠠᠷ ᠴᠢᠷᠮᠠᠶᠢᠨ᠎ᠠ᠃ ᠠᠯᠳᠠᠨᠰᠢᠷᠡᠭᠡᠲᠦ ᠬᠢᠶ᠎ᠠ ᠪᠠᠭᠰᠢ ᠵᠡᠷᠭᠡ ᠪᠤᠳᠠᠰ  ᠤᠨ ᠬᠦᠢᠯᠭᠡᠭᠡᠨ ᠤ ᠤᠷᠤᠨ ᠲᠤᠭᠤᠷᠢᠭ  ᠤᠨ ᠰᠠᠭᠤᠷᠢ ᠲᠦᠬᠦᠬᠡᠷᠦᠮᠵᠢ ᠶᠢ ᠴᠢᠨᠠᠭᠰᠢᠲᠠ ᠲᠡᠭᠦᠯᠳᠡᠷᠵᠢᠬᠦᠯᠵᠤ᠂ ᠪᠤᠳᠠᠰ  ᠤᠨ ᠬᠦᠢᠯᠬᠡᠬᠡᠨ ᠤ ᠴᠢᠬᠤᠯᠠ ᠲᠦᠷᠦᠯ ᠵᠦᠢᠯ  ᠤᠨ ᠪᠦᠲᠦᠬᠡᠨ ᠪᠠᠶᠢᠭᠤᠯᠤᠯᠲᠠ ᠶᠢ ᠪᠦᠬᠦ ᠬᠦᠴᠦᠨ  ᠢᠶᠠᠷ ᠠᠬᠢᠭᠤᠯᠵᠤ ᠂ ᠨᠢᠬᠡ ᠪᠦᠯᠦᠭ ᠭᠤᠷᠪᠠᠳᠠᠬᠢ ᠲᠠᠯ᠎ᠠ ᠶᠢᠨ ᠲᠤᠮᠤ ᠭᠡᠯᠪᠡᠷᠢ  ᠶᠢᠨ ᠪᠤᠳᠠᠰ  ᠤᠨ ᠬᠦᠢᠯᠬᠡᠬᠡᠨ  ᠤ ᠠᠵᠤ ᠠᠬᠤᠶᠢᠯᠠᠯ  ᠢ ᠤᠷᠤᠭᠤᠯᠤᠨ ᠠᠪᠴᠢᠷᠠᠵᠤ᠂ ᠪᠤᠳᠠᠰ  ᠤᠨ ᠬᠦᠢᠯᠬᠡᠬᠡᠨ  ᠤ ᠠᠵᠤ ᠦᠢᠯᠡᠰ ᠤᠨ ᠲᠦᠪᠯᠡᠷᠡᠯ ᠰᠦᠷᠦᠭᠵᠢᠯ  ᠤᠨ ᠦᠢᠯᠡᠳᠦᠯ  ᠢ ᠲᠦᠷᠭᠡᠭᠡᠨ ᠪᠦᠷᠢᠯᠳᠦᠬᠦᠯᠦᠨ᠎ᠡ᠃ ᠤᠷᠳᠤᠰ  ᠤᠨ ᠰᠣᠶᠣᠯ  ᠤᠨ ᠠᠵᠤ ᠦᠢᠯᠡᠰ ᠎ ᠤᠨ ᠤᠷᠤᠨ ᠲᠤᠭᠤᠷᠢᠭ᠂ ᠮᠤᠩᠭᠤᠯ ᠤᠨ ᠡᠬᠦᠰᠦᠯ ᠬᠦᠭᠵᠢᠯ  ᠤᠨ ᠺᠢᠨᠤ᠋ ᠲᠧᠯᠸᠢᠰ  ᠤᠨ ᠬᠤᠲᠠ ᠵᠡᠷᠭᠡ ᠰᠣᠶᠣᠯ  ᠤᠨ ᠠᠵᠤ ᠦᠢᠯᠡᠰ  ᠤᠨ ᠲᠦᠷᠦᠯ ᠵᠦᠢᠯ  ᠢ ᠲᠦᠷᠭᠡᠭᠡᠨ ᠠᠬᠢᠭᠤᠯᠵᠤ᠂ ︽ᠤᠷᠳᠤᠰ  ᠤᠨ ᠤᠯᠠᠨ ᠤᠯᠤᠰ  ᠤᠨ ᠨᠠᠭᠠᠲᠤᠮ  ᠤᠨ ᠬᠤᠷᠠᠯ︾ ᠎ ᠤᠨ ᠠᠵᠢᠯᠯᠠᠭᠠᠨ  ᠤ ᠨᠡᠷᠡᠲᠦ ᠲᠠᠸᠠᠷ  ᠤᠨ ᠲᠡᠮᠳᠡᠭ ᠢ ᠪᠦᠬᠦ ᠬᠦᠴᠦᠨ  ᠢᠶᠠᠷ ᠪᠤᠢ ᠪᠤᠯᠭᠠᠨ᠎ᠠ᠃ ᠬᠠᠳᠣᠨ ᠭᠤᠤᠯ ᠲᠠᠭᠠᠤ ᠵᠤᠭᠠᠴᠠᠯ ᠤᠨ ᠦᠵᠡᠮᠵᠢ  ᠶᠢᠨ ᠪᠦᠰᠡ  ᠶᠢᠨ ᠪᠦᠲᠦᠬᠡᠨ ᠪᠠᠶᠢᠭᠤᠯᠤᠯᠲᠠ  ᠶᠢ ᠲᠦᠷᠭᠡᠳᠭᠡᠵᠤ᠂ ᠵᠤᠭᠠᠴᠠᠯ ᠤᠨ ᠦᠵᠡᠮᠵᠢ  ᠶᠢᠨ ᠤᠷᠤᠨ  ᠤ  ᠦᠢᠯᠡᠴᠢᠯᠡᠬᠡᠨ  ᠤ ᠬᠢᠷᠢ ᠲᠦᠪᠰᠢᠨ  ᠢ ᠲᠡᠭᠡᠭᠰᠢᠯᠡᠬᠦᠯᠵᠤ᠂ ᠮᠠᠨ ᠤ ᠬᠤᠲᠠ  ᠶᠢ ᠪᠦᠬᠦ ᠤᠯᠤᠰ  ᠤᠨ ᠵᠤᠭᠠᠴᠠᠯ  ᠤᠨ ᠬᠠᠷᠠᠯᠲᠠ  ᠶᠢᠨ ᠤᠷᠤᠨ  ᠤ ᠨᠢᠬᠡ ᠨᠢ ᠪᠤᠯᠭᠠᠬᠤ ᠪᠠᠷ ᠴᠢᠷᠮᠠᠶᠢᠨ᠎ᠠ᠃ ᠭᠡᠷᠡᠭᠯᠡᠬᠡᠨ  ᠤ ᠬᠦᠷᠢᠶ᠎ᠡ  ᠭᠡᠪᠴᠢᠶ᠎ᠡ  ᠶᠢ ᠴᠢᠷᠮᠠᠶᠢᠨ ᠦᠷᠭᠡᠳᠭᠡᠵᠤ᠂ ᠬᠡᠷ ᠪᠠᠶᠢᠰᠢᠩ ᠭᠠᠵᠠᠷ ᠬᠦᠷᠦᠩᠬᠡ᠂ ᠮᠠᠰᠢᠨ ᠲᠡᠷᠭᠡᠨ ᠤ ᠭᠡᠷᠡᠭᠯᠡᠬᠡᠨ ᠤ ᠡᠷᠡᠬᠦᠯ ᠲᠤᠭᠳᠠᠭᠤᠨ ᠬᠦᠭᠵᠢᠯᠲᠡ  ᠶᠢ ᠪᠠᠲᠤᠯᠠᠬᠤ  ᠶᠢᠨ ᠬᠠᠮᠲᠤ ᠪᠡᠶ᠎ᠡ  ᠶᠢᠨ ᠲᠠᠮᠢᠷ ᠪᠡᠶ᠎ᠡ ᠴᠢᠬᠢᠷᠠᠭᠵᠢᠭᠤᠯᠬᠤ᠂ ᠰᠡᠯᠡᠬᠦᠴᠡᠯ ᠵᠤᠭ᠎ᠠ ᠴᠡᠩᠭᠡᠯ ᠵᠡᠷᠭᠡ  ᠭᠡᠷᠡᠭᠯᠡᠬᠡᠨ ᠤ ᠰᠢᠨ᠎ᠡ ᠬᠠᠯᠠᠭᠤᠷᠠᠯ ᠴᠡᠭ  ᠢ ᠶᠡᠬᠡᠪᠡᠷ ᠪᠤᠶᠢᠵᠢᠭᠤᠯᠵᠤ᠂ ︽ᠲᠦᠮᠡᠨ ᠲᠤᠰᠬᠤᠨ ᠮᠢᠩᠭᠠᠨ ᠰᠢᠶᠠᠩ︾᠎ ᠤᠨ ᠵᠠᠬ᠎ᠠ ᠲᠡᠯᠬᠡᠬᠦᠷ  ᠤᠨ ᠢᠨᠵᠧᠨᠧᠷᠢᠩ ᠪᠠ ᠭᠡᠷ ᠤᠨ ᠴᠠᠬᠢᠯᠭᠠᠨ ᠭᠡᠷᠡᠭᠰᠡᠯ᠂ ᠲᠠᠷᠢᠶᠠᠯᠠᠩ  ᠤᠨ ᠮᠠᠰᠢᠨ  ᠢ ᠬᠦᠳᠡᠭᠡ ᠪᠠᠭᠤᠯᠭᠠᠬᠤ ᠠᠵᠢᠯᠯᠠᠭ᠎ᠠ  ᠶᠢ ᠠᠬᠢᠭᠤᠯᠵᠤ᠂ ᠭᠠᠵᠠᠷ ᠤᠷᠤᠨ ᠤ ᠭᠡᠷᠡᠭᠯᠡᠬᠡᠨ ᠤ ᠬᠦᠭᠵᠢᠩᠬᠦᠢ ᠪᠠᠶᠢᠳᠠᠯ ᠢ ᠬᠠᠳᠠᠭᠠᠯᠠᠨ᠎ᠠ᠃     ᠲᠦᠷᠪᠡ  ᠳᠤ ᠠᠵᠤ ᠦᠢᠯᠡᠳᠪᠦᠷᠢ  ᠶᠢᠨ ᠤᠷᠤᠨ ᠲᠤᠭᠤᠷᠢᠭ  ᠤᠨ ᠲᠦᠷᠦᠯ ᠵᠦᠢᠯ ᠢ  ᠨᠤᠳᠤᠭᠰᠢᠭᠤᠯᠬᠤ ᠪᠦᠲᠦᠬᠡᠨ ᠪᠠᠶᠢᠭᠤᠯᠤᠯᠲᠠ  ᠶᠢ ᠰᠠᠶᠢᠲᠤᠷ ᠠᠳᠬᠤᠨ᠎ᠠ᠃ ᠤᠷᠤᠨ ᠲᠤᠭᠤᠷᠢᠭ ᠤᠨ ᠲᠦᠷᠦᠯ ᠵᠦᠢᠯ ᠤᠨ ᠲᠤᠯᠭᠠᠭᠤᠷᠢᠯᠠᠬᠤ ᠴᠢᠳᠠᠪᠤᠷᠢ  ᠶᠢᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠤ᠂ ᠡᠨᠡ ᠵᠢᠯ ᠭᠤᠤᠯᠳᠠᠯᠭ᠎ᠠ ᠲᠠᠢ ᠠᠵᠤ ᠦᠢᠯᠡᠳᠪᠦᠷᠢ  ᠶᠢᠨ ᠤᠷᠤᠨ ᠲᠤᠭᠤᠷᠢᠭ ᠪᠦᠬᠦᠨ  ᠳᠤ ᠤᠰᠤ᠂ ᠴᠠᠬᠢᠯᠭᠠᠨ ᠬᠠᠩᠭᠠᠬᠤ᠂ ᠵᠠᠰᠠᠮᠠᠯ ᠵᠠᠮ᠂ ᠴᠢᠮᠡᠭᠡ ᠨᠡᠪᠳᠡᠷᠡᠯᠬᠡ᠂  ᠢᠯᠴᠢ ᠬᠠᠩᠭᠠᠬᠤ᠂ ᠪᠤᠬᠢᠷ ᠤᠰᠤ  ᠭᠠᠳᠠᠭᠰᠢᠯᠠᠭᠤᠯᠬᠤ᠂ ᠲᠡᠮᠦᠷ ᠵᠠᠮ᠂ ᠬᠤᠲᠠ ᠪᠠᠯᠭᠠᠰᠣ᠂ ᠦᠢᠯᠡᠴᠢᠯᠡᠭᠡ ᠵᠡᠷᠭᠡ ᠶᠢᠰᠦ  ᠶᠢ ᠲᠦᠬᠦᠷᠵᠢᠬᠦᠯᠬᠦ  ᠶᠢ ᠪᠡᠶᠡᠯᠡᠬᠦᠯᠵᠤ᠂ ᠨᠢᠬᠡᠳᠦᠬᠡᠷ ᠲᠦᠷᠦᠯ  ᠤᠨ ᠣᠷᠣᠨ ᠲᠤᠭᠤᠷᠢᠭ  ᠤᠨ ᠪᠦᠲᠦᠬᠡᠨ ᠪᠠᠶᠢᠭᠤᠯᠤᠯᠲᠠ  ᠶᠢᠨ ᠪᠠᠷᠢᠮᠵᠢᠶᠠᠨ  ᠳᠤ ᠬᠦᠷᠭᠡᠨ᠎ᠡ᠃ ᠤᠷᠤᠨ ᠲᠤᠭᠤᠷᠢᠭ  ᠤᠨ ᠲᠦᠷᠦᠯ ᠵᠦᠢᠯ ᠤᠷᠤᠭᠤᠯᠤᠨ ᠠᠪᠴᠢᠷᠠᠬᠤ ᠪᠠᠶᠢᠭᠤᠯᠤᠯᠲᠠ  ᠶᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠵᠡᠬᠦᠨ ᠡᠮᠦᠨᠡᠲᠦ  ᠶᠢᠨ ᠲᠠᠯᠠᠢ ᠲᠠᠭᠠᠤ ᠬᠦᠭᠵᠢᠭᠰᠡᠨ ᠭᠠᠵᠠᠷ ᠤᠷᠤᠨ ᠪᠠ ᠤᠯᠤᠰ ᠤᠨ ᠲᠤᠳᠤᠭᠠᠲᠤ ᠭᠠᠳᠠᠭᠠᠲᠤ  ᠶᠢᠨ 500 ᠬᠦᠴᠦᠷᠭᠡᠭ ᠠᠵᠤ ᠠᠬᠤᠶᠢᠯᠠᠯ  ᠳᠤ ᠬᠠᠨᠳᠤᠭᠤᠯᠤᠭᠰᠠᠨ ᠶᠡᠭᠡ ᠭᠡᠪᠴᠢᠶᠡᠨ  ᠤ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯᠯᠠᠭ᠎ᠠ  ᠶᠢ ᠦᠷᠬᠦᠯᠵᠢᠯᠡᠨ ᠵᠤᠬᠢᠶᠠᠨ ᠪᠠᠶᠢᠭᠤᠯᠤᠨ ᠦᠷᠨᠢᠬᠦᠯᠵᠤ᠂ ᠪᠦᠬᠦ ᠵᠢᠯ  ᠳᠤ ᠤᠯᠤᠰ  ᠤᠨ ᠲᠤᠳᠤᠭᠠᠲᠤ ︵ᠤᠷᠤᠨ  ᠤ ᠭᠠᠳᠠᠨᠠᠬᠢ︶ ᠎ ᠶᠢᠨ ᠪᠡᠯᠡ ᠮᠦᠩᠬᠦ  ᠶᠢ 450 ᠳ᠋ᠦᠩᠰᠢᠭᠤᠷ ᠲᠦᠬᠦᠷᠢᠭ ᠤᠷᠤᠭᠤᠯᠤᠨ ᠠᠪᠴᠢᠷᠠᠵᠤ᠂ 11 ᠳ᠋ᠦᠩᠰᠢᠭᠤᠷ ᠳ᠋ᠣᠯᠯᠠᠷ ᠭᠠᠳᠠᠭᠠᠲᠤ ᠪᠡᠯᠡ ᠶᠢ ᠪᠤᠲᠠᠲᠠᠢ ᠠᠰᠢᠭᠯᠠᠨ᠎ᠠ︔ ᠤᠯᠤᠰ  ᠠᠴᠠ ᠦᠪᠦᠷ ᠮᠤᠩᠭᠤᠯ  ᠤᠨ ᠬᠦᠭᠵᠢᠯᠲᠡ  ᠶᠢ ᠲᠡᠮᠵᠢᠵᠤ᠂ ᠵᠦᠷᠢᠶᠡᠨᠲᠠᠢ ᠠᠵᠤ ᠦᠢᠯᠡᠰ  ᠤᠨ ᠲᠦᠷᠦ  ᠶᠢᠨ ᠪᠤᠳᠤᠯᠭ᠎ᠠ  ᠶᠢ ᠭᠡᠷᠡᠭᠵᠢᠬᠦᠯᠵᠤ ᠪᠠᠶᠢᠬᠤ ᠠᠰᠢᠭᠲᠤ ᠲᠤᠬᠢᠶᠠᠯ ᠢ ᠬᠦᠢᠴᠡᠳ ᠠᠰᠢᠭᠯᠠᠨ᠂ ᠤᠯᠤᠰ  ᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠯᠦᠭᠡ  ᠶᠢᠨ ᠲᠦᠷᠦᠯ ᠵᠦᠢᠯ  ᠤᠨ ᠵᠤᠯᠭᠠᠯᠴᠠᠭ᠎ᠠ ᠶᠢ ᠴᠢᠩᠭᠠᠳᠬᠠᠵᠤ᠂ ᠲᠦᠷᠦᠯ ᠵᠦᠢᠯ  ᠢ ᠨᠤᠳᠤᠭᠰᠢᠭᠤᠯᠤᠨ ᠪᠠᠷᠢᠯᠭ᠎ᠠ  ᠡᠬᠢᠯᠡᠭᠦᠯᠬᠦ  ᠶᠢ ᠠᠳᠬᠤᠵᠤ᠂ ᠤᠷᠤᠨ ᠲᠤᠭᠤᠷᠢᠭ  ᠤᠨ ᠠᠵᠤ ᠦᠢᠯᠡᠰ  ᠤᠨ ᠭᠡᠪᠴᠢᠶ᠎ᠡ ᠶᠢ ᠲᠦᠷᠭᠡᠭᠡᠨ ᠦᠷᠭᠡᠳᠭᠡᠨ᠎ᠡ᠃      ︵ᠬᠤᠶᠠᠷ︶ ᠬᠤᠲᠠ ᠶᠢᠨ ᠭᠤᠤᠯ ᠲᠤᠭᠤᠷᠢᠭ ᠢ ᠦᠬᠡᠷᠡᠴᠢᠯᠡᠨ ᠪᠦᠲᠦᠬᠡᠨ ᠪᠠᠶᠢᠭᠤᠯᠬᠤ ᠶᠢ ᠲᠦᠷᠭᠡᠳᠭᠡᠨ᠎ᠡ᠃ ᠣᠷᠣᠰᠢᠨ ᠰᠠᠭᠤᠵᠤ ᠦᠢᠯᠡᠰ ᠪᠦᠲᠦᠬᠡᠬᠦ ᠎ ᠳᠤ ᠲᠤᠬᠢᠷᠠᠮᠵᠢᠲᠠᠢ ᠪᠠᠶᠢᠬᠤ ᠬᠢᠷᠢ ᠲᠦᠪᠰᠢᠨ  ᠢ ᠲᠡᠭᠡᠭᠰᠢᠯᠡᠬᠦᠯᠬᠦ ᠲᠡᠭᠡᠷ᠎ᠡ ᠬᠦᠴᠦ  ᠪᠠᠨ ᠲᠠᠯᠪᠢᠵᠤ᠂ ᠬᠤᠲᠠ  ᠶᠢᠨ ᠭᠤᠤᠯ ᠲᠤᠭᠤᠷᠢᠭ  ᠢ ᠨᠡᠩ ᠤᠳᠤ ᠦᠶ᠎ᠡ ᠎ ᠶᠢᠨ᠂ ᠨᠡᠩ ᠭᠤᠶᠤ ᠰᠠᠶᠢᠬᠠᠨ᠂ ᠨᠡᠩ ᠪᠤᠯᠪᠠᠰᠣᠨ ᠪᠤᠯᠭᠠᠬᠤ  ᠪᠠᠷ ᠴᠢᠷᠮᠠᠶᠢᠨ᠎ᠠ᠃ ᠨᠢᠬᠡ  ᠳᠤ ᠵᠢᠷᠤᠭᠯᠠᠨ ᠲᠦᠯᠦᠪᠯᠡᠬᠦ ᠬᠢᠷᠢ ᠲᠦᠪᠰᠢᠨ  ᠢ ᠲᠡᠭᠡᠭᠰᠢᠯᠡᠬᠦᠯᠦᠨ᠎ᠡ᠃ ᠪᠤᠢ ᠪᠦᠬᠦᠢ ᠴᠢᠬᠤᠯᠠ ᠶᠡᠭᠡ ᠲᠦᠯᠦᠪᠵᠢᠬᠦᠯᠬᠡ  ᠶᠢᠨ ᠲᠦᠷᠦᠯ ᠵᠦᠢᠯ  ᠢ ᠴᠦᠮ ᠤᠷᠤᠨ  ᠤ ᠲᠤᠳᠤᠭᠠᠲᠤ ᠭᠠᠳᠠᠭᠠᠲᠤ  ᠳᠤ ᠬᠠᠨᠳᠤᠭᠤᠯᠤᠨ ᠢᠯᠡ  ᠪᠠᠷ ᠲᠠᠭᠠᠭᠠᠴᠢᠯᠠᠯᠲᠠ ᠵᠠᠷᠯᠠᠵᠤ᠂ ᠲᠤᠰᠬᠠᠢ ᠮᠡᠷᠭᠡᠵᠢᠯᠲᠡᠳ  ᠢᠶᠠᠷ ᠨᠤᠲᠠᠯᠠᠯᠲᠠ ᠬᠢᠯᠬᠡᠨ᠎ᠡ᠃ ᠤᠷᠤᠰᠢᠨ ᠰᠠᠭᠤᠵᠤ ᠦᠢᠯᠡᠰ ᠪᠦᠲᠦᠬᠡᠬᠦ  ᠳᠤ ᠲᠠᠭᠠᠯᠠᠮᠵᠢᠲᠠᠢ  ᠪᠠᠶᠢᠬᠤ ᠎ ᠪᠠᠷ ᠬᠤᠲᠠ  ᠶᠢᠨ ᠲᠦᠯᠦᠪᠵᠢᠬᠦᠯᠬᠡ  ᠶᠢᠨ ᠭᠤᠤᠯ ᠤᠨᠤᠯᠵᠢᠭᠤᠨ ᠪᠠ ᠲᠡᠷᠢᠬᠦᠨ  ᠤ ᠰᠣᠩᠭᠤᠯᠲᠠ ᠪᠤᠯᠭᠠᠵᠤ᠂ ᠭᠠᠵᠠᠷ ᠤᠷᠤᠨ  ᠤ ᠰᠤᠶᠤᠯ  ᠤᠨ ᠠᠭᠤᠯᠤᠭᠳᠠᠬᠤᠨ ᠪᠠ ᠦᠨᠳᠦᠰᠦᠲᠡᠨ ᠤ ᠰᠣᠶᠣᠯ ᠤᠨ ᠬᠦᠴᠦᠨ ᠵᠦᠢᠯ ᠢ ᠬᠦᠨᠵᠡᠬᠡᠢ ᠠᠭᠤᠳᠠᠯᠯᠠᠬᠤ ᠪᠠᠷ ᠦᠯᠦ ᠪᠠᠷᠠᠮ᠂ ᠠᠷᠭ᠎ᠠ ᠪᠦᠬᠦᠨ  ᠢ ᠰᠦᠪᠡᠭᠴᠢᠯᠡᠨ ᠨᠤᠭᠤᠭᠠᠨ ᠦᠩᠬᠡ ᠪᠠ ᠤᠰᠤᠨ ᠤ ᠡᠵᠡᠯᠡᠬᠦᠨ ᠢ ᠨᠡᠮᠡᠭᠳᠡᠬᠦᠯᠵᠤ᠂ ᠬᠤᠲᠠ ᠶᠢᠨ ᠠᠮᠢᠵᠢᠷᠠᠯ  ᠤᠨ ᠬᠦᠴᠦᠨ ᠢ ᠢᠯᠡᠷᠡᠬᠦᠯᠦᠨ᠂ ᠰᠠᠭᠤᠭᠠᠯᠢ ᠠᠷᠠᠳ  ᠤᠨ ᠭᠠᠷᠴᠤ ᠤᠷᠤᠬᠤ᠂ ᠰᠤᠷᠭᠠᠭᠤᠯᠢ ᠰᠠᠭᠤᠬᠤ᠂ ᠡᠪᠡᠳᠴᠢᠨ ᠦᠵᠡᠬᠦᠯᠬᠦ᠂ ᠭᠡᠷᠡᠭᠯᠡᠭᠡ ᠬᠢᠬᠦ᠂ ᠰᠣᠶᠣᠯ ᠵᠤᠭᠠᠴᠠᠯ ᠵᠡᠷᠭᠡ ᠡᠳᠦᠷ ᠲᠤᠳᠤᠮ  ᠤᠨ ᠠᠮᠢᠲᠤᠷᠠᠯ  ᠤᠨ ᠲᠦᠬᠦᠮ ᠲᠦᠳᠡ ᠴᠢᠨᠠᠷ ᠪᠠ ᠲᠠᠭᠠᠯᠠᠮᠵᠢ  ᠶᠢᠨ ᠬᠡᠮᠵᠢᠶ᠎ᠡ  ᠶᠢ ᠬᠦᠢᠴᠡᠳ ᠪᠤᠳᠤᠯᠬᠢᠯᠠᠵᠤ᠂ ᠬᠤᠲᠠ ᠪᠠᠨ ᠠᠵᠢᠯᠯᠠᠵᠤ ᠠᠮᠢᠲᠤᠷᠠᠬᠤ  ᠳᠤ ᠨᠡᠩ ᠲᠤᠬᠢᠷᠠᠮᠵᠢᠲᠠᠢ ᠪᠤᠯᠭᠠᠨ᠎ᠠ᠃ ᠬᠤᠶᠠᠷ ᠲᠤ ᠬᠤᠲᠠ ᠎ ᠶᠢᠨ ᠲᠠᠭᠠᠭᠠᠬᠤ ᠴᠢᠳᠠᠪᠤᠷᠢ  ᠶᠢ ᠴᠢᠨᠠᠭᠰᠢᠲᠠ ᠴᠢᠩᠭᠠᠳᠬᠠᠨ᠎ᠠ᠃ ᠳ᠋ᠦᠩᠱᠧᠩ  ᠤᠨ ᠲᠡᠮᠦᠷ ᠵᠠᠮ ᠤᠨ ᠪᠠᠷᠠᠭᠤᠨᠳᠠᠬᠢ ᠲᠤᠭᠤᠷᠢᠭ ᠤᠨ ᠭᠤᠷᠪᠠᠳᠣᠭᠠᠷ ᠬᠤᠭᠤᠴᠠᠭᠠᠨ ᠎ ᠤ ᠪᠦᠲᠦᠬᠡᠨ ᠪᠠᠶᠢᠭᠤᠯᠤᠯᠲᠠ  ᠶᠢᠨ ᠡᠷᠴᠢᠮ  ᠢ ᠴᠢᠩᠭᠠᠷᠠᠭᠤᠯᠵᠤ᠂ ᠬᠠᠨᠳᠠᠢ  ᠶᠢᠨ ᠬᠤᠲᠠ ᠪᠠᠯᠭᠠᠰᠣ  ᠶᠢ ᠨᠢᠬᠡᠳᠦᠯᠲᠠᠢ ᠲᠦᠯᠦᠪᠵᠢᠬᠦᠯᠬᠦ ᠵᠢᠱᠢᠶ᠎ᠡ ᠦᠵᠡᠬᠦᠯᠬᠦ ᠲᠤᠭᠤᠷᠢᠭ᠂ ᠲᠦᠩᠴᠣᠸᠠᠨ ᠤ ᠮᠠᠰᠢᠨ ᠲᠡᠷᠭᠡᠨ  ᠤ ᠠᠵᠤ ᠦᠢᠯᠡᠰ  ᠤᠨ ᠤᠷᠤᠨ ᠲᠤᠭᠤᠷᠢᠭ᠂ ᠤᠷᠳᠤᠰ  ᠤᠨ ᠲᠤᠨᠤᠭ ᠲᠦᠬᠦᠬᠡᠷᠦᠮᠵᠢ ᠦᠢᠯᠡᠳᠬᠦ ᠤᠷᠤᠨ ᠲᠤᠭᠤᠷᠢᠭ ᠵᠡᠷᠭᠡ ᠭᠤᠷᠪᠠᠨ ᠪᠦᠯᠦᠭᠯᠡᠯ  ᠢ ᠲᠦᠯᠦᠪᠵᠢᠬᠦᠯᠵᠤ ᠪᠦᠲᠦᠬᠡᠨ ᠪᠠᠶᠢᠭᠤᠯᠬᠤ ᠠᠵᠢᠯ ᠢ ᠠᠬᠢᠭᠤᠯᠵᠤ᠂ ᠠᠯᠳᠠᠨᠰᠢᠷᠡᠭᠡᠳᠦ᠂ ᠬᠢᠶ᠎ᠠ ᠪᠠᠭᠰᠢ  ᠶᠢᠨ ᠴᠤᠭᠴᠠᠵᠢᠭᠰᠠᠨ ᠬᠦᠭᠵᠢᠯᠲᠡ  ᠶᠢ ᠲᠦᠷᠭᠡᠳᠭᠡᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠲᠤᠨᠤᠭ ᠲᠦᠬᠦᠬᠡᠷᠦᠮᠵᠢ  ᠶᠢ ᠬᠠᠮᠲᠤᠪᠠᠷ ᠪᠦᠲᠦᠬᠡᠨ ᠪᠠᠶᠢᠭᠤᠯᠬᠤ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ ᠪᠠ ᠵᠤᠬᠢᠴᠠᠩᠭᠤᠢ  ᠪᠠᠷ ᠬᠦᠭᠵᠢᠬᠦᠯᠬᠦ ᠶᠢ ᠲᠦᠷᠭᠡᠭᠡᠨ ᠪᠡᠶᠡᠯᠡᠬᠦᠯᠦᠨ᠎ᠡ᠃ ᠤᠯᠠᠭᠠᠨᠮᠦ᠋ᠷᠡᠨ ᠭᠤᠤᠯ  ᠤᠨ ᠡᠮᠦᠨᠡᠲᠦ ᠡᠷᠬᠢ  ᠶᠢᠨ ᠦᠨᠳᠦᠷ ᠲᠠᠪᠬᠤᠷᠭᠠᠲᠤ ᠲᠤᠭᠤᠷᠢᠭ  ᠤᠨ ᠪᠦᠲᠦᠬᠡᠨ ᠪᠠᠶᠢᠭᠤᠯᠤᠯᠲᠠ  ᠶᠢ ᠡᠷᠡᠰ ᠭᠤᠶᠢᠪᠢᠰᠢ ᠦᠬᠡᠢ  ᠪᠠᠷ ᠠᠬᠢᠭᠤᠯᠵᠤ᠂ ᠲᠤᠮᠳᠠ ᠪᠠᠷᠠᠭᠤᠨ ᠬᠡᠰᠡᠭ ᠎ ᠤᠨ ᠲᠡᠷᠢᠬᠦᠨ ᠵᠡᠷᠭᠡ  ᠶᠢᠨ ᠦᠵᠡᠬᠦᠷ ᠲᠡᠰ  ᠤᠨ ᠬᠤᠳᠠᠯᠳᠤᠭᠠᠨ ᠤ ᠤᠳᠤᠬᠢᠴᠢᠯᠠᠭᠰᠠᠨ ᠲᠤᠭᠤᠷᠢᠭ  ᠢ ᠡᠬᠦᠳᠦᠨ᠎ᠡ᠃ ᠬᠢᠶ᠎ᠠ ᠪᠠᠭᠰᠢ ᠰᠢᠨ᠎ᠡ ᠲᠤᠭᠤᠷᠢᠭ ᠤᠨ ᠬᠤᠶᠢᠲᠦ ᠲᠤᠭᠤᠷᠢᠭ᠂ ᠲᠡᠭᠡᠳᠦ ᠰᠢᠨ᠎ᠡ ᠮᠡᠷᠬᠡᠵᠢᠯ  ᠤᠨ ᠠᠵᠤ ᠦᠢᠯᠡᠰ  ᠤᠨ ᠤᠷᠤᠨ ᠲᠤᠭᠤᠷᠢᠭ ᠪᠠ ᠠᠯᠳᠠᠨᠰᠢᠷᠡᠭᠡᠲᠦ᠂ ᠬᠢᠶ᠎ᠠ ᠪᠠᠭᠰᠢ  ᠶᠢᠨ ᠪᠤᠳᠠᠰ  ᠤᠨ ᠬᠦᠢᠯᠬᠡᠬᠡᠨ ᠤ ᠤᠷᠤᠨ ᠲᠤᠭᠤᠷᠢᠭ  ᠤᠨ ᠰᠠᠭᠤᠷᠢ ᠲᠦᠬᠦᠬᠡᠷᠦᠮᠵᠢ  ᠶᠢᠨ ᠪᠦᠲᠦᠬᠡᠨ ᠪᠠᠶᠢᠭᠤᠯᠤᠯᠲᠠ  ᠶᠢ ᠲᠦᠷᠭᠡᠳᠭᠡᠵᠤ᠂ ᠬᠤᠲᠠ  ᠶᠢᠨ ᠲᠤᠭᠤᠷᠢᠭ  ᠤᠨ ᠭᠡᠪᠴᠢᠶ᠎ᠡ  ᠶᠢ ᠦᠷᠭᠡᠳᠭᠡᠨ᠎ᠡ᠃ ᠬᠤᠲᠠ  ᠶᠢᠨ ᠭᠤᠤᠯ ᠲᠤᠭᠤᠷᠢᠭ  ᠤᠨ  ᠪᠦᠷᠭᠡ ᠡᠷᠦᠬᠡ  ᠶᠢᠨ ᠲᠤᠭᠤᠷᠢᠭ  ᠢ ᠦᠬᠡᠷᠡᠴᠢᠯᠡᠨ ᠵᠠᠰᠠᠬᠤ ᠪᠠᠷᠢᠯᠭ᠎ᠠ ᠶᠢ ᠪᠦᠬᠦ ᠲᠠᠯ᠎ᠠ ᠎ ᠪᠠᠷ ᠠᠬᠢᠭᠤᠯᠵᠤ᠂ ᠡᠨᠡ ᠵᠢᠯ ᠬᠤᠲᠠ  ᠶᠢᠨ ᠭᠤᠤᠯ ᠲᠤᠭᠤᠷᠢᠭ ᠤᠨ ᠬᠠᠭᠤᠴᠢᠨ ᠬᠤᠲᠠ  ᠶᠢᠨ 2 ᠲᠦᠮᠡᠨ ᠡᠷᠦᠬᠡ᠂ 240 ᠲᠦᠮᠡᠨ ᠲᠡᠭᠰᠢ ᠲᠦᠷᠪᠡᠯᠵᠢᠨ ᠮᠧᠲᠷ  ᠢ ᠦᠬᠡᠷᠡᠴᠢᠯᠡᠨ ᠵᠠᠰᠠᠵᠤ᠂ ᠰᠢᠨ᠎ᠡ  ᠪᠠᠷ ᠡᠬᠢᠯᠡᠬᠦᠯᠬᠦ  ᠪᠠᠷᠢᠯᠭ᠎ᠠ  ᠶᠢᠨ ᠲᠠᠯᠠᠪᠠᠢ  ᠶᠢ 2000 ᠲᠦᠮᠡᠨ ᠲᠡᠭᠰᠢ ᠲᠦᠷᠪᠡᠯᠵᠢᠨ ᠮᠧᠲᠷ  ᠠᠴᠠ ᠲᠡᠭᠡᠭᠰᠢ ᠬᠦᠷᠭᠡᠨ᠎ᠡ᠃ ᠭᠤᠷᠪᠠ  ᠳᠤ  ᠬᠤᠲᠠ ᠶᠢᠨ ᠴᠢᠳᠠᠪᠭᠢ ᠦᠢᠯᠡᠳᠦᠯ  ᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠎ᠡ᠃ ᠤᠯᠠᠨ ᠨᠡᠶᠢᠲᠡ  ᠶᠢᠨ ᠵᠠᠮ ᠬᠠᠷᠢᠯᠴᠠᠭ᠎ᠠ  ᠶᠢ ᠤᠷᠢᠳᠠᠪᠠᠷ ᠬᠦᠭᠵᠢᠬᠦᠯᠵᠤ᠂ ᠬᠤᠲᠠ  ᠶᠢᠨ ᠭᠤᠤᠯ ᠲᠤᠭᠤᠷᠢᠭ  ᠤᠨ ᠨᠡᠶᠢᠲᠡ  ᠶᠢᠨ ᠮᠠᠰᠢᠨ ᠲᠡᠷᠭᠡᠨ  ᠤ ᠵᠠᠮ ᠱᠣᠭᠤᠮ ᠪᠠ ᠦᠷᠳᠡᠭᠡ ᠴᠡᠭ  ᠤᠨ ᠪᠠᠶᠢᠷᠢᠰᠢᠭᠤᠯᠤᠯᠲᠠ ᠶᠢ ᠰᠢᠯᠢᠳᠡᠭᠵᠢᠬᠦᠯᠵᠤ᠂ 1 ᠲᠦᠮᠡᠨ ᠲᠡᠷᠭᠡᠨ ᠵᠤᠭᠰᠣᠭᠠᠯ  ᠢ ᠰᠢᠨ᠎ᠡ  ᠪᠠᠷ ᠨᠡᠮᠡᠵᠤ᠂ ᠳ᠋ᠦᠩᠱᠧᠩ ᠠᠴᠠ ᠬᠢᠶ᠎ᠠ ᠪᠠᠭᠰᠢ ᠬᠦᠷᠬᠦ ᠲᠦᠷᠬᠡᠨ ᠬᠤᠷᠳᠤᠴᠠᠲᠤ ᠬᠤᠶᠠᠳᠣᠭᠠᠷ ᠵᠠᠮ᠂ ᠳ᠋ᠦᠩᠱᠧᠩ  ᠠᠴᠠ ᠨᠢᠰᠭᠡᠯ  ᠤᠨ ᠪᠠᠭᠤᠳᠠᠯ ᠬᠦᠷᠬᠦ ᠬᠤᠲᠠ  ᠶᠢᠨ ᠲᠡᠮᠦᠷ ᠵᠠᠮ  ᠢ ᠡᠬᠢᠯᠡᠬᠦᠯᠤᠨ ᠪᠠᠶᠢᠭᠤᠯᠵᠤ᠂ ᠣᠯᠠᠭᠠᠨᠮᠦ᠋ᠷᠡᠨ ᠭᠤᠤᠯ  ᠢ ᠰᠣᠨᠳᠠᠯᠠᠬᠤ 2 ᠶᠡᠭᠡ ᠬᠦᠬᠦᠷᠭᠡ  ᠶᠢ ᠰᠢᠨ᠎ᠡ ᠪᠠᠷ ᠪᠠᠶᠢᠭᠤᠯᠤᠨ᠎ᠠ᠃ ᠨᠡᠶᠢᠬᠡᠮ ᠲᠤᠭᠤᠷᠢᠭ ᠤᠨ ᠬᠤᠳᠠᠯᠳᠣᠭᠠᠨ  ᠤ ᠦᠢᠯᠡᠰ  ᠤᠨ ᠵᠢᠱᠢᠶ᠎ᠡ ᠦᠵᠡᠬᠦᠯᠬᠦ ᠲᠡᠯᠬᠡᠬᠦᠷ ᠵᠡᠷᠭᠡ ᠦᠢᠯᠡᠴᠢᠯᠡᠬᠡᠨ ᠤ ᠲᠦᠬᠦᠬᠡᠷᠦᠮᠵᠢ  ᠶᠢᠨ ᠪᠦᠲᠦᠬᠡᠨ ᠪᠠᠶᠢᠭᠤᠯᠤᠯᠲᠠ  ᠶᠢ ᠴᠢᠩᠭᠠᠳᠬᠠᠵᠤ᠂ ᠨᠡᠶᠢᠬᠡᠮ ᠤᠨ ᠦᠢᠯᠡᠴᠢᠯᠡᠬᠡᠨ  ᠤ ᠪᠠᠶᠢᠭᠤᠯᠤᠮᠵᠢ ᠪᠠ ᠵᠠᠭᠤᠴᠢ ᠵᠤᠬᠢᠶᠠᠨ ᠪᠠᠶᠢᠭᠤᠯᠤᠯᠲᠠ  ᠶᠢ ᠶᠡᠬᠡᠪᠡᠷ ᠬᠦᠭᠵᠢᠬᠦᠯᠵᠤ᠂ ᠨᠡᠶᠢᠬᠡᠮ ᠲᠤᠭᠤᠷᠢᠭ  ᠤᠨ ᠰᠠᠶᠢᠨ ᠲᠤᠷ᠎ᠠ ᠶᠢᠨ ᠦᠢᠯᠡᠴᠢᠯᠡᠭᠡ  ᠶᠢ ᠢᠳᠡᠪᠬᠢᠲᠠᠢ ᠠᠬᠢᠭᠤᠯᠵᠤ᠂ ᠡᠶ᠎ᠡ ᠵᠤᠬᠢᠴᠠᠯ ᠲᠠᠢ ᠨᠡᠶᠢᠬᠡᠮ ᠲᠤᠭᠤᠷᠢᠭ  ᠤᠨ ᠪᠦᠲᠦᠬᠡᠨ ᠪᠠᠶᠢᠭᠤᠯᠤᠯᠲᠠ  ᠶᠢᠨ ᠬᠢᠷᠢ ᠲᠦᠪᠰᠢᠨ  ᠢ ᠴᠢᠷᠮᠠᠶᠢᠨ ᠲᠡᠭᠡᠭᠰᠢᠯᠡᠬᠦᠯᠦᠨ᠎ᠡ᠃ ᠵᠢᠯ  ᠤᠨ ᠲᠤᠳᠤᠷ᠎ᠠ ᠪᠠᠷᠢᠮᠵᠢᠶ᠎ᠠ  ᠳᠤ ᠬᠦᠷᠦᠭᠰᠡᠨ ᠨᠡᠶᠢᠬᠡᠮ ᠲᠤᠭᠤᠷᠢᠭ  ᠢ ᠰᠢᠨ᠎ᠡ  ᠪᠠᠷ 15 ᠪᠠᠶᠢᠭᠤᠯᠤᠨ᠎ᠠ᠃ ᠬᠢᠶ᠎ᠠ ᠪᠠᠭᠰᠢ ᠰᠢᠨ᠎ᠡ ᠲᠤᠭᠤᠷᠢᠭ ᠤᠨ ᠰᠣᠷᠭᠠᠨ ᠬᠦᠮᠦᠵᠢᠯ᠂ ᠰᠣᠶᠣᠯ᠂ ᠡᠷᠡᠬᠦᠯ ᠬᠠᠮᠠᠭᠠᠯᠠᠯ᠂ ᠬᠤᠳᠠᠯᠳᠣᠭᠠᠨ ᠤ ᠦᠢᠯᠡᠰ ᠤᠨ ᠲᠦᠬᠦᠬᠡᠷᠦᠮᠵᠢ  ᠶᠢ ᠲᠦᠷᠭᠡᠳᠭᠡᠨ ᠪᠠᠶᠢᠭᠤᠯᠵᠤ᠂ ᠰᠢᠨ᠎ᠡ ᠲᠤᠭᠤᠷᠢᠭ ᠤᠨ ᠣᠰᠣ᠂ ᠴᠠᠬᠢᠯᠭᠠᠨ᠂ ᠢᠯᠴᠢ ᠬᠠᠩᠭᠠᠬᠤ ᠪᠠᠲᠤᠯᠠᠭ᠎ᠠ  ᠶᠢᠨ ᠴᠢᠳᠠᠪᠤᠷᠢ  ᠶᠢ ᠨᠡᠮᠡᠭᠳᠡᠬᠦᠯᠵᠤ᠂ ᠬᠠᠳᠠᠭᠤ ᠴᠠᠶᠢᠳᠠᠮ ᠤᠨ ᠣᠰᠣᠨ ᠰᠣᠷᠪᠤᠯᠵᠢ  ᠶᠢᠨ ᠭᠠᠵᠠᠷ  ᠤᠨ ᠣᠰᠣ ᠬᠠᠩᠭᠠᠬᠤ ᠪᠠᠷᠢᠯᠭ᠎ᠠ ᠶᠢ ᠠᠬᠢᠭᠤᠯᠵᠤ᠂ ᠬᠢᠶ᠎ᠠ ᠪᠠᠭᠰᠢ ᠶᠢᠨ ᠢᠯᠴᠢ ᠴᠠᠬᠢᠯᠭᠠᠨ  ᠬᠠᠮᠲᠤᠷᠠᠭᠰᠠᠨ ᠦᠢᠯᠡᠳᠪᠦᠷᠢᠯᠡᠯ ᠤᠨ ᠲᠦᠷᠦᠯ ᠵᠦᠢᠯ  ᠢ ᠵᠢᠯ  ᠤᠨ ᠲᠤᠳᠤᠷ᠎ᠠ ᠪᠠᠶᠢᠭᠤᠯᠤᠨ ᠠᠰᠢᠭᠯᠠᠯᠲᠠ ᠎ ᠳᠤ  ᠤᠷᠤᠭᠤᠯᠬᠤ ᠶᠢ ᠦᠨᠡᠨᠬᠦ ᠪᠠᠲᠤᠯᠠᠨ᠎ᠠ᠃ ᠲᠦᠷᠪᠡ  ᠳᠤ ᠬᠤᠲᠠ  ᠶᠢᠨ ᠠᠭᠤᠯᠤᠭᠳᠠᠬᠤᠨ ᠪᠠ ᠴᠢᠨᠠᠷ ᠲᠡᠰ  ᠢ ᠴᠢᠨᠠᠭᠰᠢᠲᠠ ᠲᠡᠭᠡᠭᠰᠢᠯᠡᠬᠦᠯᠦᠨ᠎ᠡ᠃ ᠣᠨᠴᠠᠯᠢᠭ ᠪᠦᠬᠦᠢ ᠬᠤᠲᠠ  ᠶᠢᠨ ᠴᠡᠴᠡᠷᠯᠢᠭᠵᠢᠬᠦᠯᠦᠯᠲᠡ ᠤᠶᠢᠵᠢᠯᠠᠭᠤᠯᠤᠯᠲᠠ  ᠶᠢᠨ ᠰᠢᠰᠲ᠋ᠧᠮᠵᠢ  ᠶᠢ  ᠢᠳᠡᠪᠬᠢᠲᠠᠢ ᠪᠠᠶᠢᠭᠤᠯᠵᠤ᠂ ᠡᠨᠡ ᠵᠢᠯ ᠬᠤᠲᠠ ᠶᠢᠨ ᠨᠤᠭᠤᠭᠠᠨ ᠭᠠᠵᠠᠷ ᠎ ᠢ ᠰᠢᠨ᠎ᠡ  ᠪᠠᠷ 2700 ᠲᠦᠮᠡᠨ ᠲᠡᠭᠰᠢ ᠲᠦᠷᠪᠡᠯᠵᠢᠨ ᠮᠧᠲᠷ  ᠠᠴᠠ ᠲᠡᠭᠡᠭᠰᠢ ᠨᠡᠮᠡᠭᠳᠡᠬᠦᠯᠵᠤ᠂ ᠳ᠋ᠦᠩᠱᠧᠩ  ᠤᠨ ︽ᠭᠤᠷᠪᠠᠨ ᠭᠤᠤᠯ ᠭᠤᠷᠪᠠᠨ ᠴᠡᠴᠡᠷᠯᠢᠭ︾᠂ ᠡᠵᠡᠨ ᠬᠤᠷᠤᠭ᠎ᠠ ᠬᠤᠰᠢᠭᠤᠨ ᠤ ᠵᠡᠬᠦᠨ᠂ ᠪᠠᠷᠠᠭᠤᠨ ᠤᠯᠠᠭᠠᠨᠨᠠᠭᠤᠷ ᠤᠨ ᠨᠤᠶᠢᠲᠠᠨ ᠭᠠᠵᠠᠷ᠂ ᠤᠯᠠᠭᠠᠨᠮᠦ᠋ᠷᠡᠨ ᠭᠤᠤᠯ ᠤᠨ ᠰᠣᠪᠠᠭ  ᠢ ᠵᠠᠰᠠᠬᠤ ᠵᠡᠷᠭᠡ ᠬᠤᠲᠠ ᠶᠢᠨ ᠠᠮᠢ ᠠᠬᠤᠢ  ᠶᠢᠨ ᠭᠤᠤᠯᠳᠠᠯᠭ᠎ᠠ ᠲᠠᠢ ᠪᠠᠷᠢᠯᠭ᠎ᠠ  ᠶᠢᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠣᠯᠣᠰ  ᠤᠨ ᠴᠡᠴᠡᠷᠯᠢᠭᠲᠦ ᠠᠮᠢ ᠠᠬᠤᠢ  ᠶᠢᠨ ᠬᠤᠲᠠ ᠶᠢ ᠡᠬᠦᠳᠦᠨ ᠪᠠᠶᠢᠭᠤᠯᠬᠤ  ᠪᠠᠷ ᠴᠢᠷᠮᠠᠶᠢᠨ᠎ᠠ᠃ ᠠᠭᠤᠯᠤᠭᠳᠠᠬᠤᠨ ᠲᠠᠢ᠂ ᠰᠣᠨᠢᠷᠬᠠᠯ ᠲᠠᠢ ᠬᠤᠲᠠ ᠶᠢᠨ ᠱᠣᠭᠤᠮᠠᠯ  ᠢ ᠨᠠᠷᠢᠯᠢᠭ ᠪᠠᠶᠢᠷᠢᠯᠠᠭᠤᠯᠤᠨ ᠪᠠᠶᠢᠭᠤᠯᠵᠤ᠂ ᠬᠤᠲᠠ  ᠶᠢᠨ ᠲᠤᠭᠤᠷᠢᠭ ᠤᠨ ᠭᠡᠷᠡᠯᠳᠦᠬᠦᠯᠬᠡ  ᠶᠢᠨ ᠪᠠᠷᠢᠯᠭ᠎ᠠ ᠶᠢ ᠨᠠᠷᠢᠯᠢᠭ ᠵᠢᠷᠤᠭᠯᠠᠨ ᠪᠠᠶᠢᠭᠤᠯᠵᠤ᠂ ᠪᠦᠬᠦ ᠬᠤᠲᠠ ᠶᠢᠨ ᠠᠷᠠᠳ ᠲᠦᠮᠡᠨ  ᠳᠤ ᠭᠤᠶᠢᠲᠠ ᠰᠠᠶᠢᠬᠠᠨ ᠤᠷᠤᠰᠢᠨ ᠰᠠᠭᠤᠬᠤ  ᠳᠤ ᠲᠤᠬᠢᠷᠠᠮᠵᠢᠲᠠᠢ ᠤᠷᠴᠢᠨ ᠲᠤᠭᠤᠷᠢᠨ  ᠢ ᠡᠬᠦᠳᠦᠨ᠎ᠡ᠃ ᠲᠠᠪᠤ ᠳᠤ ᠬᠤᠲᠠ ᠶᠢᠨ ᠬᠠᠮᠢᠶᠠᠷᠤᠯᠲᠠ  ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠬᠤᠲᠠ ᠶᠢᠨ ᠲᠤᠭᠠᠴᠠᠯᠠᠭᠰᠠᠨ ᠬᠠᠮᠢᠶᠠᠷᠤᠯᠲᠠ  ᠶᠢᠨ ᠬᠦᠷᠢᠶ᠎ᠡ ᠭᠡᠪᠴᠢᠶ᠎ᠡ  ᠶᠢ ᠪᠦᠬᠦ ᠲᠠᠯ᠎ᠠ  ᠪᠠᠷ ᠦᠷᠭᠡᠳᠭᠡᠵᠤ᠂ ᠵᠢᠯ  ᠤᠨ ᠲᠤᠳᠤᠷ᠎ᠠ ᠬᠤᠲᠠ  ᠶᠢᠨ ᠭᠤᠤᠯ ᠲᠤᠭᠤᠷᠢᠭ  ᠲᠤ ᠲᠤᠭᠠᠴᠠᠯᠠᠭᠰᠠᠨ ᠬᠠᠮᠢᠶᠠᠷᠤᠯᠲᠠ  ᠶᠢ ᠪᠦᠬᠦ ᠲᠠᠯ᠎ᠠ  ᠪᠠᠷ ᠲᠦᠬᠡᠮᠡᠯᠵᠢᠬᠦᠯᠬᠦ ᠶᠢ ᠪᠡᠶᠡᠯᠡᠬᠦᠯᠬᠦ  ᠪᠠᠷ ᠴᠢᠷᠮᠠᠶᠢᠨ᠎ᠠ᠃ ᠤᠷᠴᠢᠨ ᠲᠤᠭᠤᠷᠢᠨ  ᠤ ᠡᠷᠡᠬᠦᠯ ᠬᠠᠮᠠᠭᠠᠯᠠᠯ ᠪᠠ ᠬᠤᠲᠠ  ᠶᠢᠨ ᠵᠠᠮ ᠬᠠᠷᠢᠯᠴᠠᠭᠠᠨ  ᠤ ᠡᠮᠬᠢ ᠲᠢᠭᠯᠢᠮ  ᠢ ᠲᠦᠪᠯᠡᠷᠡᠬᠦᠯᠦᠨ ᠴᠡᠭᠴᠡᠯᠡᠨ ᠵᠠᠰᠠᠵᠤ᠂ ᠪᠤᠯᠪᠠᠰᠣᠨ ᠠᠵᠢᠯᠯᠠᠭ᠎ᠠ  ᠶᠢ ᠦᠷᠭᠡᠨ ᠤᠯᠠᠨ ᠬᠤᠲᠠ  ᠶᠢᠨ ᠠᠷᠠᠳ  ᠤᠨ ᠤᠬᠠᠮᠰᠠᠷᠲᠤ ᠠᠵᠢᠯᠯᠠᠭ᠎ᠠ ᠪᠤᠯᠭᠠᠨ᠎ᠠ᠃     ︵ᠭᠤᠷᠪᠠ︶ ᠦᠪᠡᠷᠳᠡᠭᠡᠨ ᠵᠠᠰᠠᠬᠤ ᠤᠷᠤᠨ  ᠤ ᠬᠤᠲᠠ ᠬᠦᠳᠡᠭᠡ  ᠶᠢ ᠨᠢᠬᠡᠳᠦᠯᠲᠠᠢ ᠲᠦᠯᠦᠪᠵᠢᠬᠦᠯᠦᠨ ᠶᠡᠷᠦᠩᠬᠡᠶᠢᠯᠡᠨ ᠲᠦᠬᠦᠷᠵᠢᠬᠦᠯᠬᠦ ᠦᠬᠡᠷᠡᠴᠢᠯᠡᠯᠲᠡ ᠎ ᠶᠢᠨ ᠲᠤᠷᠰᠢᠯᠲᠠ  ᠶᠢᠨ ᠤᠷᠤᠨ  ᠢ ᠲᠦᠷᠭᠡᠳᠭᠡᠨ ᠪᠠᠶᠢᠭᠤᠯᠤᠨ᠎ᠠ᠃ ᠨᠢᠬᠡ  ᠳᠤ ᠨᠢᠭᠡᠲᠦᠯᠲᠠᠢ ᠲᠦᠯᠦᠪᠵᠢᠬᠦᠯᠦᠨ ᠬᠠᠮᠲᠤ ᠳᠤᠨᠢ ᠬᠠᠷᠠᠭᠠᠯᠵᠠᠬᠤ  ᠶᠢ ᠪᠠᠷᠢᠮᠲᠠᠯᠠᠵᠤ᠂ ᠬᠤᠲᠠ  ᠶᠢᠨ ᠭᠤᠤᠯ ᠲᠤᠭᠤᠷᠢᠭ ᠲᠤ ᠬᠤᠲᠠ ᠬᠦᠳᠡᠭᠡ ᠶᠢ ᠨᠢᠬᠡᠲᠦᠯᠲᠠᠢ ᠲᠦᠯᠦᠪᠵᠢᠬᠦᠯᠬᠦ ᠠᠵᠢᠯ  ᠤᠨ ᠲᠠᠯ᠎ᠠ  ᠪᠠᠷ ᠴᠢᠬᠤᠯᠠ ᠶᠡᠭᠡ ᠠᠬᠢᠯᠲᠠ ᠲᠠᠢ ᠪᠤᠯᠤᠭᠰᠠᠨ ᠰᠠᠭᠤᠷᠢᠨ ᠲᠡᠭᠡᠷ᠎ᠡ᠂ ᠲᠠᠯᠠᠳ ᠬᠤᠰᠢᠭᠤ  ᠶᠢ ᠬᠤᠲᠠ ᠬᠦᠳᠡᠭᠡ  ᠶᠢ ᠨᠢᠭᠡᠳᠦᠯᠲᠠᠢ ᠲᠦᠯᠦᠪᠵᠢᠬᠦᠯᠦᠨ ᠬᠦᠭᠵᠢᠬᠦᠯᠬᠦ ᠭᠤᠤᠯᠳᠠᠯᠭ᠎ᠠ ᠪᠤᠯᠭᠠᠵᠤ᠂ ᠤᠳᠤᠭ  ᠤᠨ ᠡᠮᠦᠨᠡᠲᠦ ᠬᠤᠰᠢᠭᠤ  ᠶᠢ ᠲᠤᠷᠰᠢᠯᠲᠠ  ᠶᠢᠨ ᠴᠡᠭ ᠪᠤᠯᠭᠠᠵᠤ᠂ ᠪᠡᠯᠡ ᠤᠷᠤᠭᠤᠯᠤᠯᠲᠠ  ᠪᠠᠨ ᠲᠦᠪᠯᠡᠷᠡᠬᠦᠯᠵᠤ᠂ ᠲᠦᠪᠯᠡᠷᠡᠩᠬᠦᠢ ᠪᠠᠷ ᠰᠢᠪᠲᠤᠯᠤᠯᠲᠠ ᠬᠢᠵᠤ᠂ ᠪᠦᠬᠦ ᠬᠤᠲᠠ  ᠶᠢᠨ ᠬᠤᠲᠠ ᠬᠦᠳᠡᠭᠡ  ᠶᠢ ᠴᠤᠭᠴᠠᠵᠢᠭᠤᠯᠤᠭᠰᠠᠨ ᠬᠦᠭᠵᠢᠯᠲᠡ  ᠶᠢ ᠠᠬᠢᠭᠤᠯᠤᠨ᠎ᠠ᠃᠃ ᠬᠤᠶᠠᠷ  ᠲᠤ ᠲᠤᠮᠳᠠ ᠵᠢᠵᠢᠭ ᠬᠤᠲᠠ ᠪᠠᠯᠭᠠᠰᠣᠨ  ᠤ ᠪᠦᠲᠦᠬᠡᠨ ᠪᠠᠶᠢᠭᠤᠯᠤᠯᠲᠠ  ᠶᠢ ᠲᠦᠷᠭᠡᠳᠭᠡᠨ᠎ᠡ᠃ ︽ᠭᠤᠷᠪᠠᠨ ᠵᠢᠯ ᠶᠡᠭᠡᠪᠡᠷ ᠪᠦᠲᠦᠬᠡᠨ ᠪᠠᠶᠢᠭᠤᠯᠵᠤ᠂ ᠭᠤᠷᠪᠠᠨ ᠵᠢᠯ  ᠳᠤ ᠶᠡᠭᠡ ᠬᠤᠪᠢᠷᠠᠯᠲᠠ ᠭᠠᠷᠭᠠᠬᠤ︾ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠬᠢᠨᠠᠮᠠᠭᠠᠢ ᠨᠠᠶᠢᠲᠠᠪᠤᠷᠢᠵᠢᠭᠤᠯᠵᠤ᠂ ᠲᠤᠭᠳᠠᠭᠰᠠᠨ ᠬᠠᠷᠠᠯᠲᠠᠲᠤ ᠡᠬᠦᠷᠭᠡ  ᠪᠠᠨ ᠴᠢᠷᠮᠠᠶᠢᠨ ᠪᠡᠶᠡᠯᠡᠬᠦᠯᠦᠨ᠎ᠡ᠃ ᠬᠤᠰᠢᠭᠤ ᠵᠠᠰᠠᠭ  ᠤᠨ ᠤᠷᠳᠤᠨ  ᠤ ᠰᠠᠭᠤᠭ᠎ᠠ ᠭᠠᠵᠠᠷ ᠪᠠ ᠠᠵᠤ ᠦᠢᠯᠡᠰ  ᠤᠨ ᠴᠢᠬᠤᠯᠠ ᠪᠠᠯᠭᠠᠰᠣᠨ  ᠤ ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠲᠠ ᠪᠠ ᠬᠠᠭᠤᠴᠢᠨ ᠬᠤᠲᠠ ᠶᠢᠨ ᠲᠤᠭᠤᠷᠢᠭ ᠢ ᠦᠬᠡᠷᠡᠴᠢᠯᠡᠨ ᠪᠠᠶᠢᠭᠤᠯᠬᠤ ᠡᠷᠴᠢᠮ  ᠢᠶᠠᠨ ᠴᠢᠩᠭᠠᠷᠠᠭᠤᠯᠵᠤ᠂ ᠲᠤᠮᠳᠠ ᠵᠢᠵᠢᠭ ᠬᠤᠲᠠ ᠪᠠᠯᠭᠠᠰᠣᠨ  ᠤ ᠦᠩᠬᠡ ᠲᠦᠷᠰᠦ  ᠶᠢ ᠴᠢᠨᠠᠭᠰᠢᠲᠠ ᠰᠠᠶᠢᠵᠢᠷᠠᠭᠤᠯᠤᠨ᠎ᠠ᠃ ᠠᠵᠤ ᠦᠢᠯᠡᠰ ᠤᠨ ᠲᠤᠯᠭᠠᠭᠤᠷᠢᠯᠠᠬᠤ ᠬᠦᠴᠦᠨ  ᠢ ᠴᠢᠩᠭᠠᠳᠬᠠᠵᠤ᠂ ᠲᠠᠷᠢᠶᠠᠯᠠᠩ ᠤᠨ ᠪᠦᠲᠦᠬᠡᠭᠳᠡᠬᠦᠨ ᠮᠠᠯ  ᠤᠨ ᠠᠰᠢᠭ ᠰᠢᠮ᠎ᠡ  ᠶᠢᠨ ᠦᠢᠯᠡᠳᠬᠦᠨ  ᠢ ᠡᠳ᠋ᠰᠢᠬᠦᠯᠦᠨ ᠪᠤᠯᠪᠠᠰᠣᠷᠠᠭᠤᠯᠬᠤ᠂ ᠠᠵᠤ ᠦᠢᠯᠡᠳᠪᠦᠷᠢ ᠠᠭᠤᠷᠬᠠᠢ  ᠶᠢᠨ ᠠᠵᠤ ᠠᠬᠤᠶᠢᠯᠠᠯ  ᠤᠨ ᠦᠢᠯᠡᠴᠢᠯᠡᠭᠡ ᠎ ᠶᠢ ᠭᠠᠳᠠᠭᠰᠢ ᠲᠠᠭᠠᠭᠠᠴᠢᠯᠠᠬᠤ᠂ ᠨᠡᠬᠦᠷᠡᠰᠦ ᠲᠡᠭᠡᠭᠡᠪᠦᠷᠢᠯᠡᠨ ᠪᠤᠷᠤᠯᠠᠭᠤᠯᠬᠤ ᠵᠡᠷᠭᠡ ᠬᠦᠳᠡᠯᠮᠦᠷᠢ ᠨᠢᠭᠳᠠᠷᠠᠭᠰᠠᠨ ᠭᠡᠯᠪᠡᠷᠢ  ᠶᠢᠨ ᠠᠵᠤ ᠦᠢᠯᠡᠰ ᠢ ᠢᠳᠡᠪᠬᠢᠲᠠᠢ ᠪᠤᠶᠢᠵᠢᠭᠤᠯᠵᠤ᠂ ᠮᠠᠯᠴᠢᠨ ᠲᠠᠷᠢᠶᠠᠴᠢᠳ  ᠢ ᠲᠠᠶᠢᠴᠢᠯᠠᠨ ᠤᠶᠢᠷ᠎ᠠ ᠬᠠᠪᠢ ᠳᠤᠨᠢ ᠰᠢᠯᠵᠢᠬᠦᠯᠦᠨ᠎ᠡ᠃ ᠭᠤᠷᠪᠠ  ᠳᠤ ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠪᠦᠲᠦᠬᠡᠨ ᠪᠠᠶᠢᠭᠤᠯᠤᠯᠲᠠ  ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠰᠢᠨ᠎ᠡ ᠮᠠᠯᠵᠢᠬᠤ ᠲᠠᠷᠢᠶᠠᠯᠠᠬᠤ ᠤᠷᠤᠨ  ᠤ ᠲᠦᠯᠦᠪᠵᠢᠬᠦᠯᠬᠡ ᠶᠢᠨ ᠬᠠᠮᠢᠶᠠᠷᠤᠯᠲᠠ ᠶᠢ ᠴᠢᠩᠭᠠᠳᠬᠠᠵᠤ᠂  ᠭᠠᠴᠠᠭ᠎ᠠ ᠲᠤᠰᠬᠤᠨ᠂ ᠬᠦᠮᠦᠨ ᠠᠮᠠ᠂ ᠠᠵᠤ ᠦᠢᠯᠡᠰ᠂ ᠭᠠᠵᠠᠷ ᠰᠢᠷᠤᠢ ᠶᠢᠨ ᠠᠰᠢᠭᠯᠠᠯᠲᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠠᠵᠢᠯ ᠢ ᠡᠬᠢᠯᠡᠬᠦᠯᠦᠨ᠎ᠡ᠃ ᠨᠢᠬᠡ ᠠᠯᠬᠤᠮ  ᠢᠶᠠᠷ ᠲᠦᠯᠦᠪᠵᠢᠬᠦᠯᠵᠤ᠂ ᠠᠯᠬᠤᠮ ᠬᠤᠪᠢᠶᠠᠨ ᠠᠬᠢᠭᠤᠯᠵᠤ᠂ ᠲᠦᠷᠦᠯ ᠬᠤᠪᠢᠶᠠᠨ ᠵᠢᠯᠤᠭᠤᠳᠬᠤ ᠵᠠᠷᠴᠢᠮ ᠶᠤᠰᠤᠭᠠᠷ᠂ ᠠᠳᠠᠯᠢ ᠪᠤᠰᠤ ᠪᠦᠲᠦᠬᠡᠨ ᠪᠠᠶᠢᠭᠤᠯᠤᠯᠲᠠ ᠶᠢᠨ ᠵᠠᠭᠪᠤᠷ᠂ ᠪᠠᠷᠢᠮᠵᠢᠶ᠎ᠠ ᠵᠢᠴᠢ ᠲᠦᠬᠦᠷᠵᠢᠭᠰᠡᠨ ᠲᠦᠷᠦ  ᠶᠢᠨ ᠪᠤᠳᠤᠯᠭ᠎ᠠ ᠲᠤᠭᠳᠠᠭᠠᠵᠤ᠂ ᠰᠢᠨ᠎ᠡ ᠮᠠᠯᠵᠢᠬᠤ ᠲᠠᠷᠢᠶᠠᠯᠠᠬᠤ ᠤᠷᠤᠨ  ᠤ ᠲᠤᠷᠰᠢᠯᠲᠠ  ᠶᠢᠨ ᠴᠡᠭ  ᠢ ᠲᠦᠪᠯᠡᠷᠡᠬᠦᠯᠦᠨ ᠪᠠᠶᠢᠭᠤᠯᠵᠤ᠂ ᠡᠨᠡ ᠵᠢᠯ ᠳᠤ 100 ᠭᠠᠴᠠᠭ᠎ᠠ ᠲᠤᠰᠬᠤᠨ ᠢ ᠴᠡᠭᠴᠡᠯᠡᠨ ᠨᠡᠶᠢᠯᠡᠬᠦᠯᠵᠤ᠂ ᠰᠢᠨ᠎ᠡ ᠮᠠᠯᠵᠢᠬᠤ ᠲᠠᠷᠢᠶᠠᠯᠠᠬᠤ ᠤᠷᠤᠨ  ᠤ 20 ᠲᠤᠷᠰᠢᠯᠲᠠ ᠶᠢᠨ ᠴᠡᠭ  ᠢ ᠡᠬᠢᠯᠡᠬᠦᠯᠵᠤ᠂ 3 ᠲᠦᠮᠡᠨ ᠡᠷᠦᠬᠡ ᠮᠠᠯᠴᠢᠨ ᠲᠠᠷᠢᠶᠠᠴᠢᠳ ᠢ ᠰᠢᠨ᠎ᠡ ᠭᠡᠷ ᠲᠤ ᠰᠠᠭᠤᠯᠭᠠᠬᠤ ᠠᠰᠠᠭᠤᠳᠠᠯ ᠢ ᠬᠤᠭᠤᠴᠠᠭ᠎ᠠ ᠬᠤᠪᠢᠶᠠᠨ ᠰᠢᠢᠳᠪᠦᠷᠢᠯᠡᠨ᠎ᠡ᠃ ᠰᠣᠳᠣᠨ ᠨᠡᠬᠦᠳᠡᠯ ᠠᠷᠠᠳ ᠤᠨ ᠵᠢᠵᠢᠭ ᠲᠤᠭᠤᠷᠢᠭ ᠤᠨ ᠪᠦᠲᠦᠬᠡᠨ ᠪᠠᠶᠢᠭᠤᠯᠤᠯᠲᠠ  ᠶᠢᠨ ᠬᠠᠮᠢᠶᠠᠷᠤᠯᠲᠠ  ᠶᠢᠨ ᠵᠠᠭᠪᠤᠷ  ᠢ ᠴᠢᠨᠠᠭᠰᠢᠲᠠ ᠲᠦᠷᠢᠮᠵᠢᠬᠦᠯᠵᠤ᠂ ᠤᠯᠠᠨ ᠨᠡᠶᠢᠲᠡ ᠶᠢᠨ ᠦᠢᠯᠡᠴᠢᠯᠡᠬᠡᠨ ᠤ ᠲᠤᠨᠤᠭ ᠲᠦᠬᠦᠬᠡᠷᠦᠮᠵᠢ ᠶᠢ ᠬᠦᠴᠦ ᠲᠠᠯᠪᠢᠨ ᠲᠡᠭᠦᠯᠳᠡᠷᠵᠢᠬᠦᠯᠵᠤ᠂ ᠨᠡᠬᠦᠨ ᠰᠢᠯᠵᠢᠭᠰᠡᠨ ᠮᠠᠯᠴᠢᠨ ᠲᠠᠷᠢᠶᠠᠴᠢᠳ  ᠲᠤ ᠠᠵᠢᠯ ᠤᠯᠭᠤᠬᠤ ᠠᠰᠠᠭᠤᠳᠠᠯ  ᠢ ᠰᠠᠶᠢᠲᠤᠷ ᠰᠢᠢᠳᠪᠦᠷᠢᠯᠡᠵᠤ᠂  18 ᠰᠣᠳᠣᠨ ᠨᠡᠬᠦᠳᠡᠯ ᠠᠷᠠᠳ  ᠤᠨ ᠵᠢᠵᠢᠭ ᠲᠤᠭᠤᠷᠢᠭ  ᠢ  ᠴᠦᠮ ᠤᠷᠤᠵᠤ ᠰᠠᠭᠤᠬᠤ ᠨᠦᠬᠦᠴᠡᠯ ᠲᠠᠢ ᠪᠤᠯᠭᠠᠬᠤ  ᠶᠢ ᠪᠠᠲᠤᠯᠠᠨ᠎ᠠ᠃ ᠲᠦᠷᠪᠡ  ᠳᠤ ᠮᠠᠯᠵᠢᠬᠤ ᠲᠠᠷᠢᠶᠠᠯᠠᠬᠤ ᠬᠦᠮᠦᠨ ᠠᠮᠠ  ᠶᠢᠨ ᠰᠢᠯᠵᠢᠯᠲᠡ  ᠶᠢ ᠲᠦᠷᠭᠡᠳᠭᠡᠨ᠎ᠡ᠃ ᠡᠮᠦᠨ᠎ᠡ ᠭᠤᠷᠪᠠᠨ ᠵᠢᠯ  ᠤᠨ ︽ᠰᠠᠭᠤᠬᠤ ᠤᠷᠤᠨ ᠲᠠᠢ ᠪᠠᠶᠢᠬᠤ︾ ᠪᠠᠷᠢᠯᠭ᠎ᠠ  ᠶᠢ ᠪᠦᠬᠦ ᠲᠠᠯ᠎ᠠ  ᠪᠠᠷ ᠪᠡᠶᠡᠯᠡᠬᠦᠯᠵᠤ᠂ 2011 ᠤᠨ  ᠤ ᠠᠷᠠᠳ  ᠢ ᠨᠡᠬᠦᠯᠬᠡᠨ ᠰᠢᠯᠵᠢᠬᠦᠯᠬᠦ ᠲᠦᠯᠦᠪᠯᠡᠭᠡ  ᠶᠢ ᠭᠡᠷᠡᠭᠵᠢᠬᠦᠯᠵᠤ᠂ ᠲᠠᠬᠢᠨ 3 ᠲᠦᠮᠡᠨ ᠮᠠᠯᠴᠢᠨ ᠲᠠᠷᠢᠶᠠᠴᠢᠨ ᠎ ᠢ ᠰᠢᠯᠵᠢᠬᠦᠯᠦᠨ᠎ᠡ᠃ ᠬᠤᠲᠠ ᠤᠷᠤᠭᠰᠠᠨ ᠮᠠᠯᠴᠢᠨ ᠲᠠᠷᠢᠶᠠᠴᠢᠳ  ᠢ ᠵᠢᠯᠤᠭᠤᠳᠤᠨ ᠦᠵᠡᠯ ᠰᠠᠨᠠᠭ᠎ᠠ ᠪᠠ ᠦᠢᠯᠡᠳᠪᠦᠷᠢᠯᠡᠯ᠂ ᠠᠮᠢᠲᠤᠷᠠᠯ ᠤᠨ ᠠᠷᠭ᠎ᠠ ᠭᠡᠯᠪᠡᠷᠢ ᠶᠢ ᠎ ᠨᠢ ᠬᠤᠪᠢᠷᠠᠭᠤᠯᠵᠤ᠂ ᠬᠤᠲᠠ  ᠶᠢᠨ ᠠᠮᠢᠲᠤᠷᠠᠯ  ᠳᠤ ᠲᠦᠷᠭᠡᠭᠡᠨ ᠲᠠᠰᠬᠠᠵᠤ᠂ ᠤᠳᠤ ᠦᠶ᠎ᠡ  ᠶᠢᠨ ᠬᠤᠲᠠ  ᠶᠢᠨ ᠪᠤᠯᠪᠠᠰᠣᠨ  ᠢ ᠬᠠᠮᠲᠤᠪᠠᠷ ᠡᠭᠦᠳᠴᠦ ᠬᠠᠮᠲᠤᠳᠠᠪᠠᠷ ᠡᠳ᠋ᠯᠡᠬᠦᠯᠦᠨ᠎ᠡ᠃ ᠲᠠᠪᠤ  ᠳᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ  ᠶᠢ ᠶᠡᠬᠡᠪᠡᠷ ᠬᠦᠭᠵᠢᠬᠦᠯᠦᠨ᠎ᠡ᠃ ᠦᠷ᠎ᠡ ᠠᠰᠢᠭ  ᠢ ᠲᠡᠭᠡᠭᠰᠢᠯᠡᠬᠦᠯᠬᠦ ᠪᠠ ᠮᠠᠯᠴᠢᠨ ᠲᠠᠷᠢᠶᠠᠴᠢᠳ ᠤᠨ ᠤᠷᠤᠯᠭ᠎ᠠ  ᠶᠢ ᠨᠡᠮᠡᠭᠳᠡᠬᠦᠯᠬᠦ  ᠪᠠᠷ ᠭᠤᠤᠯ ᠪᠤᠯᠭᠠᠵᠤ᠂ ᠲᠠᠷᠢᠶᠠᠯᠠᠩ ᠮᠠᠯ ᠠᠵᠤ ᠠᠬᠤᠢ  ᠶᠢᠨ ᠰᠠᠭᠤᠷᠢ ᠪᠦᠲᠦᠬᠡᠨ ᠪᠠᠶᠢᠭᠤᠯᠤᠯᠲᠠ ᠎ ᠶᠢ ᠦᠷᠬᠦᠯᠵᠢᠯᠡᠨ ᠴᠢᠩᠭᠠᠳᠬᠠᠵᠤ᠂ ᠲᠤᠨᠤᠭ ᠲᠦᠬᠦᠬᠡᠷᠦᠮᠵᠢ  ᠶᠢᠨ ᠬᠢᠷᠢ ᠲᠦᠪᠰᠢᠨ ᠢ ᠲᠡᠭᠡᠭᠰᠢᠯᠡᠬᠦᠯᠵᠤ᠂ ᠭᠡᠪᠴᠢᠶᠡᠵᠢᠭᠰᠡᠨ ᠡᠵᠡᠩᠨᠡᠯᠲᠡ ᠶᠢ ᠠᠬᠢᠭᠤᠯᠤᠨ᠎ᠠ᠃ ᠤᠳᠤ ᠦᠶ᠎ᠡ  ᠶᠢᠨ  ᠲᠠᠷᠢᠶᠠᠯᠠᠩ  ᠤᠨ ᠰᠠᠭᠤᠷᠢᠨ ᠭᠠᠵᠠᠷ  ᠢ ᠰᠢᠨ᠎ᠡ  ᠪᠠᠷ  35 ᠲᠦᠮᠡᠨ ᠮᠤ᠋ ᠪᠠᠶᠢᠭᠤᠯᠵᠤ᠂ ᠲᠦᠬᠦᠬᠡᠷᠦᠮᠵᠢᠲᠦ ᠲᠠᠷᠢᠶᠠᠯᠠᠩ  ᠢ ᠰᠢᠨ᠎ᠡ  ᠪᠠᠷ 3 ᠲᠦᠮᠡᠨ ᠮᠤ᠋ ᠪᠠᠶᠢᠭᠤᠯᠬᠤ  ᠪᠠᠷ ᠴᠢᠷᠮᠠᠶᠢᠵᠤ᠂ ᠤᠳᠤ ᠦᠶ᠎ᠡ  ᠶᠢᠨ ᠲᠠᠯ᠎ᠠ ᠨᠤᠳᠤᠭ  ᠤᠨ ᠮᠠᠯ ᠠᠵᠤ ᠠᠬᠤᠢ ᠶᠢᠨ ᠵᠢᠱᠢᠶ᠎ᠡ ᠦᠵᠡᠬᠦᠯᠬᠦ ᠡᠷᠦᠬᠡ  ᠶᠢ 600 ᠬᠦᠭᠵᠢᠬᠦᠯᠵᠤ᠂ 12 ᠲᠦᠮᠡᠨ ᠮᠤ᠋  ᠶᠢᠨ ᠲᠡᠵᠢᠬᠡᠯ ᠡᠪᠡᠰᠦ ᠪᠤᠷᠳᠤᠭᠠᠨ  ᠤ ᠰᠠᠭᠤᠷᠢᠨ ᠭᠠᠵᠠᠷ  ᠢ ᠲᠦᠬᠦᠷᠵᠢᠬᠦᠯᠦᠨ ᠪᠠᠶᠢᠭᠤᠯᠤᠨ᠎ᠠ᠃ ᠲᠤᠯᠤᠭᠠᠶᠢᠯᠠᠬᠤ ᠠᠵᠤ ᠠᠬᠤᠶᠢᠯᠠᠯ  ᠢ ᠦᠷᠬᠦᠯᠵᠢᠯᠡᠨ  ᠬᠦᠴᠦᠷᠭᠡᠭᠵᠢᠬᠦᠯᠦᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠦᠭᠵᠢᠯᠲᠡ  ᠶᠢ ᠰᠦᠷᠭᠡᠣ ᠴᠢᠭᠯᠡᠯ  ᠢᠶᠠᠷ ᠲᠠᠶᠢᠴᠢᠯᠠᠨ᠎ᠠ᠃ ︽ᠨᠤᠭᠤᠭ᠎ᠠ  ᠶᠢᠨ ᠰᠠᠭᠰᠤ︾᠎ ᠶᠢᠨ ᠰᠠᠭᠤᠷᠢᠨ ᠭᠠᠵᠠᠷ  ᠤᠨ ᠪᠦᠲᠦᠬᠡᠨ ᠪᠠᠶᠢᠭᠤᠯᠤᠯᠲᠠ  ᠶᠢ ᠲᠦᠷᠭᠡᠳᠭᠡᠵᠤ᠂ ᠵᠠᠰᠠᠭ  ᠤᠨ ᠤᠷᠳᠤᠨ  ᠢᠶᠠᠷ ᠭᠤᠤᠯᠯᠠᠨ ᠵᠢᠯᠤᠭᠤᠳᠤᠭᠤᠯᠤᠭᠰᠠᠨ ᠲᠠᠷᠢᠶᠠᠯᠠᠩ  ᠤᠨ ᠲᠤᠰᠠᠯᠠᠬᠤ ᠪᠦᠲᠦᠬᠡᠭᠳᠡᠭᠦᠨ ᠤ ᠪᠤᠳᠠᠰ  ᠤᠨ ᠬᠦᠢᠯᠭᠡᠭᠡ  ᠶᠢᠨ ᠲᠤᠬᠢᠷᠠᠭᠤᠯᠤᠨ ᠬᠦᠷᠭᠡᠭᠦ ᠲᠦᠪ  ᠢ ᠲᠦᠷᠭᠡᠳᠭᠡᠨ ᠪᠠᠶᠢᠭᠤᠯᠵᠤ᠂ ᠠᠷᠠᠳ ᠤᠯᠠᠨ  ᠤ ᠦᠨᠳᠦᠰᠦᠨ ᠠᠮᠢᠲᠤᠷᠠᠯ  ᠢ ᠦᠨᠡᠨᠬᠦ ᠪᠠᠲᠤᠯᠠᠨ᠎ᠠ᠃      ︵ᠲᠦᠷᠪᠡ︶ ᠭᠤᠤᠯᠳᠠᠯᠭ᠎ᠠ ᠲᠠᠢ ᠬᠦᠷᠢᠶ᠎ᠡ ᠭᠡᠪᠴᠢᠶ᠎ᠡ ᠪᠠ ᠵᠠᠩᠬᠢᠯᠠᠭ᠎ᠠ  ᠶᠢᠨ ᠭᠤᠭᠴᠤᠭᠠᠨ ᠤ ᠦᠬᠡᠷᠡᠴᠢᠯᠡᠯᠲᠡ ᠰᠢᠨᠡᠴᠢᠯᠡᠯᠲᠡ  ᠶᠢ ᠢᠳᠡᠪᠬᠢᠲᠠᠢ ᠠᠬᠢᠭᠤᠯᠤᠨ᠎ᠠ᠃ ᠨᠢᠬᠡ ᠳᠤ ᠮᠠᠯᠵᠢᠬᠤ ᠲᠠᠷᠢᠶᠠᠯᠠᠬᠤ ᠤᠷᠤᠨ ᠤ ᠬᠦᠴᠦᠨ ᠵᠦᠢᠯ  ᠤᠨ ᠲᠤᠬᠢᠷᠠᠭᠤᠯᠤᠯᠲᠠ  ᠶᠢᠨ ᠰᠢᠨ᠎ᠡ  ᠶᠢ ᠡᠬᠦᠳᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ  ᠶᠢᠨ ᠡᠷᠭᠡ  ᠶᠢᠨ ᠵᠦᠪᠰᠢᠶᠡᠷᠡᠯ ᠢ ᠲᠠᠩᠰᠠᠯᠠᠬᠤ ᠪᠠ ᠦᠨᠡᠮᠯᠡᠯ ᠤᠯᠭᠤᠬᠤ ᠠᠵᠢᠯ ᠢ ᠪᠦᠬᠦ ᠲᠠᠯ᠎ᠠ  ᠪᠠᠷ ᠦᠷᠨᠢᠬᠦᠯᠵᠤ᠂ ᠮᠠᠯᠵᠢᠬᠤ ᠲᠠᠷᠢᠶᠠᠯᠠᠬᠤ ᠤᠷᠤᠨ  ᠤ ᠭᠡᠷ ᠪᠠᠶᠢᠰᠢᠩ  ᠤᠨ ᠰᠠᠭᠤᠷᠢ ᠭᠠᠵᠠᠷ  ᠢ ᠰᠣᠯᠢᠬᠤ᠂ ᠭᠠᠵᠠᠷ ᠰᠢᠷᠤᠢ ᠶᠢᠨ ᠡᠵᠡᠩᠨᠡᠯᠲᠡ ᠶᠢᠨ ᠡᠷᠭᠡ ᠪᠠ ᠭᠡᠷ ᠪᠠᠶᠢᠰᠢᠩ  ᠢᠶᠠᠷ ᠪᠠᠷᠢᠴᠠᠭᠠᠯᠠᠬᠤ ᠵᠡᠷᠭᠡ ᠪᠠᠶᠢᠭᠤᠯᠤᠮᠵᠢ  ᠶᠢᠨ ᠦᠬᠡᠷᠡᠴᠢᠯᠡᠯᠲᠡ  ᠶᠢᠨ ᠲᠤᠷᠰᠢᠯᠲᠠ  ᠶᠢᠨ ᠴᠡᠭ  ᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠬᠦᠷᠦᠩᠬᠡ  ᠶᠢ ᠴᠢᠯᠦᠬᠡᠲᠠᠢ ᠪᠤᠯᠭᠠᠨ᠎ᠠ᠃ ᠬᠤᠲᠠ ᠬᠦᠳᠡᠭᠡ  ᠶᠢᠨ ᠴᠤᠭᠴᠠᠵᠢᠭᠰᠠᠨ ᠡᠷᠦᠬᠡ ᠠᠮᠠ ᠶᠢᠨ ᠬᠠᠮᠢᠶᠠᠷᠤᠯᠲᠠ  ᠶᠢᠨ ᠲᠦᠷᠢᠮ  ᠢ ᠡᠬᠢᠯᠡᠭᠦᠯᠦᠨ ᠪᠠᠶᠢᠭᠤᠯᠵᠤ᠂ ᠬᠤᠲᠠ ᠬᠦᠳᠡᠭᠡ  ᠶᠢᠨ ᠬᠦᠮᠦᠨ ᠠᠮᠠ ᠶᠢ ᠡᠮᠬᠢ ᠲᠢᠭᠯᠢᠮ ᠲᠠᠢ  ᠪᠠᠷ ᠨᠡᠬᠦᠳᠡᠯᠯᠡᠬᠦᠯᠬᠦ  ᠶᠢ ᠪᠡᠶᠡᠯᠡᠬᠦᠯᠦᠨ᠎ᠡ᠃ ᠪᠡᠯᠡ ᠴᠤᠭᠯᠠᠭᠤᠯᠬᠤ ᠲᠤᠭᠳᠠᠴᠠ  ᠶᠢᠨ ᠰᠢᠨ᠎ᠡ  ᠶᠢ ᠡᠬᠦᠳᠴᠦ᠂ ᠡᠳ᠋ ᠤᠨ ᠵᠠᠰᠠᠭ ᠤᠨ ᠪᠡᠯᠡ ᠮᠦᠩᠬᠦᠨ  ᠤ ᠤᠷᠤᠭᠤᠯᠤᠯᠲᠠ  ᠶᠢ ᠶᠡᠬᠡᠪᠡᠷ ᠨᠡᠮᠡᠭᠳᠡᠬᠦᠯᠵᠤ᠂ ᠮᠠᠯ ᠲᠠᠷᠢᠶᠠᠯᠠᠩ ᠳᠤ ᠬᠤᠯᠪᠤᠭᠳᠠᠬᠤ ᠪᠠ ᠬᠤᠲᠠ ᠬᠦᠳᠡᠭᠡ ᠎ ᠶᠢ ᠨᠢᠬᠡᠳᠦᠯᠲᠠᠢ ᠲᠦᠯᠦᠪᠵᠢᠬᠦᠯᠬᠦ ᠡᠯ᠎ᠡ ᠲᠦᠷᠦᠯ ᠵᠦᠢᠯ ᠤᠨ ᠪᠡᠯᠡ ᠮᠦᠩᠬᠦ ᠶᠢ ᠨᠡᠶᠢᠯᠡᠬᠦᠯᠦᠨ ᠭᠡᠷᠡᠭᠯᠡᠵᠤ᠂ ᠠᠵᠤ ᠠᠬᠤᠶᠢᠯᠠᠯ  ᠢ  ᠵᠢᠯᠤᠭᠤᠳᠤᠨ ᠬᠤᠲᠠ ᠬᠦᠳᠡᠭᠡ ᠶᠢ ᠨᠢᠬᠡᠲᠦᠯᠲᠠᠢ ᠲᠦᠯᠦᠪᠵᠢᠬᠦᠯᠦᠨ ᠬᠦᠭᠵᠢᠬᠦᠯᠬᠦ ᠪᠡᠯᠡ ᠤᠷᠤᠭᠤᠯᠤᠯᠲᠠ ᠶᠢ ᠨᠡᠮᠡᠭᠳᠡᠬᠦᠯᠵᠤ᠂ ᠤᠯᠠᠨ ᠲᠠᠯ᠎ᠠ  ᠪᠠᠷ ᠪᠡᠯᠡ ᠤᠷᠤᠭᠤᠯᠬᠤ ᠲᠤᠭᠳᠠᠴᠠ  ᠶᠢ ᠪᠦᠷᠢᠯᠳᠦᠬᠦᠯᠦᠨ᠎ᠡ᠃ ᠬᠤᠶᠠᠷ ᠲᠤ ᠠᠷᠠᠳ  ᠤᠨ ᠬᠦᠷᠦᠩᠬᠡ  ᠶᠢ ᠴᠢᠨᠠᠭᠰᠢᠲᠠ ᠠᠮᠢᠳᠤᠯᠢᠭᠵᠢᠭᠤᠯᠤᠨ᠎ᠠ᠃ ᠠᠷᠠᠳ  ᠤᠨ ᠪᠡᠯᠡ ᠤᠷᠤᠭᠤᠯᠤᠯᠲᠠ  ᠶᠢ ᠠᠬᠢᠭᠤᠯᠬᠤ ᠬᠠᠷᠠᠭᠠᠯᠵᠠᠯ  ᠤᠨ ᠲᠦᠷᠦ  ᠶᠢᠨ ᠪᠤᠳᠤᠯᠭ᠎ᠠ  ᠶᠢ ᠨᠠᠶᠢᠲᠠᠪᠤᠷᠢᠵᠢᠭᠤᠯᠤᠨ᠂ ᠠᠷᠠᠳ ᠤᠨ ᠪᠡᠯᠡ ᠤᠷᠤᠭᠤᠯᠤᠯᠲᠠ ᠶᠢ ᠭᠡᠷᠡᠭᠵᠢᠬᠦᠯᠬᠦ ᠲᠦᠰᠦᠯ ᠭᠠᠷᠭᠠᠵᠤ᠂ ᠤᠷᠤᠭᠤᠯᠬᠤ  ᠶᠢ ᠵᠦᠪᠰᠢᠶᠡᠷᠡᠬᠦ ᠪᠤᠱᠤᠭ᠎ᠠ᠂ ᠲᠦᠷᠦᠯ ᠵᠦᠢᠯ  ᠢ ᠬᠢᠨᠠᠨ ᠵᠦᠪᠰᠢᠶᠡᠷᠡᠬᠦᠯᠬᠦ᠂ ᠡᠬᠢ ᠪᠠᠶᠠᠯᠢᠭ ᠢ ᠲᠤᠬᠢᠷᠠᠭᠤᠯᠬᠤ ᠵᠡᠷᠭᠡ ᠲᠠᠯ᠎ᠠ  ᠪᠠᠷ ᠲᠡᠮᠵᠢᠬᠦ ᠬᠦᠴᠦᠯᠡᠴᠡ ᠪᠠᠨ ᠨᠡᠮᠡᠭᠳᠡᠬᠦᠯᠦᠨ᠂ ᠠᠷᠠᠳ ᠤᠨ ᠬᠦᠷᠦᠩᠬᠡ  ᠶᠢ ᠪᠤᠲᠠᠲᠤ ᠴᠣᠭᠴᠠ ᠶᠢᠨ ᠠᠵᠤ ᠠᠬᠤᠢ  ᠶᠢᠨ ᠬᠦᠷᠢᠶ᠎ᠡ ᠭᠡᠪᠴᠢᠶᠡᠨ ᠳᠤ ᠨᠡᠩ ᠠᠷᠪᠢᠨ ᠨᠡᠩ ᠲᠦᠷᠬᠡᠨ  ᠢᠶᠠᠷ ᠤᠷᠤᠭᠤᠯᠬᠤ  ᠶᠢ ᠵᠤᠷᠢᠭᠵᠢᠭᠤᠯᠵᠤ᠂ ᠪᠦᠲᠦᠬᠡᠨ ᠪᠠᠶᠢᠭᠤᠯᠤᠯᠲᠠ ᠶᠢᠨ ᠪᠡᠯᠡ ᠮᠦᠩᠬᠦ ᠬᠦᠷᠦᠯᠴᠡᠬᠦ ᠦᠬᠡᠢ ᠠᠰᠠᠭᠤᠳᠠᠯ ᠢ ᠨᠠᠮᠳᠠᠭᠤᠯᠵᠤ᠂ ᠠᠷᠠᠳ ᠎ ᠤᠨ ᠵᠢᠬᠡᠯᠡᠯᠬᠡ ᠶᠢᠨ ᠠᠶᠤᠯ ᠲᠦᠭᠰᠢᠬᠦᠷᠢ  ᠶᠢ ᠪᠦᠲᠦᠮᠵᠢᠲᠠᠢ ᠨᠠᠮᠳᠠᠭᠤᠯᠤᠨ᠎ᠠ᠃ ᠭᠤᠷᠪᠠ  ᠳᠤ ᠵᠠᠬ᠎ᠠ ᠲᠡᠯᠬᠡᠬᠦᠷ ᠡᠯ᠎ᠡ ᠲᠦᠷᠦᠯ ᠤᠨ ᠭᠤᠤᠯ ᠴᠤᠭᠴᠠ  ᠶᠢᠨ ᠦᠢᠯᠡᠴᠢᠯᠡᠭᠡ  ᠶᠢ ᠴᠢᠩᠭᠠᠳᠬᠠᠨ᠎ᠠ᠃ ᠲᠦᠪ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠤ ᠠᠬᠤᠶᠢᠯᠠᠯ ᠪᠠ ᠬᠤᠲᠠ  ᠶᠢᠨ ᠭᠠᠳᠠᠨᠠᠨᠬᠢ ᠲᠤᠮᠤ ᠬᠡᠯᠪᠡᠷᠢ ᠎ ᠶᠢᠨ ᠠᠵᠤ ᠠᠬᠤᠶᠢᠯᠠᠯ ᠤᠨ ᠪᠦᠯᠦᠭᠯᠡᠯ ᠠᠵᠤ ᠦᠢᠯᠡᠰ  ᠤᠨ ᠭᠡᠪᠴᠢᠶ᠎ᠡ ᠪᠠᠨ ᠦᠷᠭᠡᠳᠭᠡᠵᠤ᠂ ᠠᠵᠤ ᠦᠢᠯᠡᠰ ᠤᠨ ᠲᠡᠰ ᠲᠠᠪᠬᠤᠷᠭ᠎ᠠ  ᠪᠠᠨ ᠲᠡᠭᠡᠭᠰᠢᠯᠡᠬᠦᠯᠬᠦ  ᠶᠢ ᠦᠩᠭᠡᠷᠡᠭᠰᠡᠨ ᠲᠠᠢ  ᠪᠠᠨ ᠠᠳᠠᠯᠢ  ᠪᠠᠷ ᠲᠡᠮᠵᠢᠨ᠎ᠡ᠃ ᠨᠤᠳᠤᠭ  ᠤᠨ ᠠᠵᠤ ᠠᠬᠤᠶᠢᠯᠠᠯ ᠪᠠ ᠮᠠᠨ ᠤ ᠬᠤᠲᠠ  ᠳᠤ ᠰᠢᠨ᠎ᠡ  ᠪᠠᠷ ᠰᠠᠭᠤᠷᠢᠰᠢᠭᠰᠠᠨ ᠠᠵᠤ ᠠᠬᠤᠶᠢᠯᠠᠯ ᠎ ᠢ ᠵᠤᠷᠢᠭᠵᠢᠭᠤᠯᠤᠨ ᠬᠦᠲᠦᠯᠵᠤ᠂ ᠲᠦᠷᠦᠯ ᠵᠦᠢᠯ  ᠢᠶᠠᠷ ᠠᠴᠢᠶᠠᠯᠠᠪᠤᠷᠢ ᠪᠤᠯᠭᠠᠨ᠂ ᠤᠯᠤᠰ ᠤᠨ ᠲᠤᠳᠤᠭᠠᠲᠤ ᠭᠠᠳᠠᠭᠠᠲᠤ  ᠶᠢᠨ ᠠᠵᠤ ᠠᠬᠤᠶᠢᠯᠠᠯ ᠯᠤᠭ᠎ᠠ ᠢᠳᠡᠪᠬᠢᠲᠠᠢ  ᠪᠠᠷ ᠬᠠᠮᠲᠤᠷᠠᠨ ᠠᠵᠢᠯᠯᠠᠵᠤ᠂ ᠪᠠᠶᠢᠯᠲᠤᠬᠤ ᠪᠤᠳᠤᠯᠭ᠎ᠠ ᠶᠢᠨ ᠴᠢᠨᠠᠷᠲᠠᠢ ᠪᠡᠯᠡ ᠤᠷᠤᠭᠤᠯᠤᠯᠲᠠ ᠪᠠ ᠴᠢᠬᠤᠯᠠ ᠵᠠᠩᠬᠢᠯᠠᠭ᠎ᠠ  ᠶᠢᠨ ᠮᠡᠷᠭᠡᠵᠢᠯ  ᠢ ᠤᠷᠤᠭᠤᠯᠤᠨ ᠠᠪᠴᠢᠷᠠᠵᠤ᠂ ᠴᠢᠬᠤᠯᠠ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ  ᠶᠢ ᠠᠬᠢᠭᠤᠯᠤᠨ᠎ᠠ᠃ ᠲᠤᠮᠳᠠ ᠵᠢᠵᠢᠭ ᠠᠵᠤ ᠠᠬᠤᠶᠢᠯᠠᠯ ᠤᠨ ᠬᠦᠭᠵᠢᠯᠲᠡ ᠎ ᠶᠢ ᠰᠠᠶᠢᠲᠤᠷ ᠠᠳᠬᠤᠵᠤ᠂ ᠲᠤᠮᠳᠠ ᠵᠢᠵᠢᠭ ᠠᠵᠤ ᠠᠬᠤᠶᠢᠯᠠᠯ ᠮᠠᠰᠢᠨ ᠲᠡᠷᠭᠡ᠂ ᠨᠡᠬᠦᠷᠡᠰᠦ ᠮᠠᠯᠲᠠᠬᠤ ᠮᠠᠰᠢᠨ᠂ ᠬᠢᠮᠢ  ᠶᠢᠨ ᠠᠵᠤ ᠦᠢᠯᠡᠳᠪᠦᠷᠢ  ᠶᠢᠨ ᠮᠠᠰᠢᠨ  ᠤ ᠰᠡᠯᠪᠢᠭ ᠲᠤᠨᠤᠭ ᠦᠢᠯᠡᠳᠬᠦ ᠪᠠ PVC᠎ ᠢ ᠨᠠᠷᠢᠯᠢᠭ ᠬᠦᠨ ᠪᠤᠯᠪᠠᠰᠣᠷᠠᠭᠤᠯᠬᠤ ᠵᠡᠷᠭᠡ ᠠᠵᠢᠯ  ᠤᠨ ᠲᠤᠭᠤᠷᠢᠨ  ᠳᠤ ᠠᠵᠤ ᠦᠢᠯᠡᠰ  ᠤᠨ ᠲᠦᠬᠦᠷᠵᠢᠬᠦᠯᠦᠯᠲᠡ ᠬᠢᠵᠤ᠂ ᠠᠵᠤ ᠦᠢᠯᠡᠰ  ᠤᠨ ᠲᠤᠮᠤ ᠰᠦᠷᠦᠭᠵᠢᠯ ᠢ ᠪᠤᠢ ᠪᠤᠯᠭᠠᠨ᠎ᠠ᠃ ᠲᠦᠷᠪᠡ  ᠳᠤ ᠬᠦᠴᠦᠨ ᠵᠦᠢᠯ  ᠤᠨ ᠪᠠᠲᠤᠯᠠᠭ᠎ᠠ  ᠶᠢ ᠴᠢᠩᠭᠠᠳᠬᠠᠨ᠎ᠠ᠃ ᠬᠤᠲᠠ ᠬᠦᠳᠡᠭᠡ ᠶᠢᠨ ᠭᠠᠵᠠᠷ ᠰᠢᠷᠤᠢ ᠵᠢᠨ‌ᠨᠡᠮᠡᠵᠤ ᠬᠠᠰᠣᠬᠤ ᠲᠠᠢ ᠬᠤᠯᠪᠤᠭᠳᠠᠭᠤᠯᠬᠤ ᠠᠵᠢᠯ ᠢ ᠠᠬᠢᠭᠤᠯᠵᠤ᠂ ᠲᠤᠬᠢᠷᠠᠮᠵᠢᠲᠠᠢ ᠭᠠᠵᠠᠷ  ᠤᠨ ᠭᠠᠵᠠᠷ ᠰᠢᠷᠤᠢ  ᠶᠢ ᠡᠵᠡᠯᠡᠨ ᠬᠡᠷᠡᠭᠯᠡᠬᠦ ᠨᠦᠬᠦᠪᠦᠷᠢ  ᠶᠢ ᠲᠡᠩᠴᠡᠬᠦᠷᠢᠰᠢᠬᠦᠯᠬᠦ ᠪᠦᠲᠦᠮᠵᠢᠲᠠᠢ ᠠᠷᠭ᠎ᠠ ᠵᠠᠮ  ᠢ ᠢᠳᠡᠪᠬᠢᠲᠠᠢ ᠰᠦᠪᠡᠭᠴᠢᠯᠡᠵᠤ᠂  ᠪᠦᠲᠦᠬᠡᠨ ᠪᠠᠶᠢᠭᠤᠯᠤᠯᠲᠠ  ᠳᠤ ᠭᠡᠷᠡᠭᠯᠡᠬᠦ ᠭᠠᠵᠠᠷ ᠎ ᠤᠨ ᠬᠦᠢᠴᠡᠳᠭᠡᠯ ᠲᠤᠭ᠎ᠠ ᠶᠢ ᠣᠯᠬᠤ  ᠪᠠᠷ ᠴᠢᠷᠮᠠᠶᠢᠨ᠎ᠠ᠃ ᠭᠠᠵᠠᠷ ᠰᠢᠷᠤᠢ  ᠶᠢᠨ ᠬᠠᠮᠢᠶᠠᠷᠤᠯᠲᠠ  ᠶᠢ ᠴᠢᠩᠭᠠᠳᠬᠠᠵᠤ᠂ ᠲᠠᠷᠢᠶᠠᠨ ᠭᠠᠵᠠᠷ ᠢ ᠰᠠᠶᠢᠲᠤᠷ ᠬᠠᠮᠠᠭᠠᠯᠠᠵᠤ᠂ ᠭᠠᠵᠠᠷ ᠰᠢᠷᠤᠢ  ᠶᠢᠨ ᠲᠠᠭᠠᠭᠤᠯᠢ ᠤᠳᠤᠨ ᠵᠢᠷᠤᠭ  ᠢᠶᠠᠷ ᠬᠠᠤᠯᠢ ᠭᠡᠷᠡᠭᠵᠢᠬᠦᠯᠦᠨ ᠪᠠᠶᠢᠴᠠᠭᠠᠬᠤ ᠠᠵᠢᠯ ᠢ ᠰᠠᠶᠢᠲᠤᠷ ᠬᠢᠵᠤ᠂ ᠭᠠᠵᠠᠷ ᠰᠢᠷᠤᠢ  ᠶᠢ ᠡᠷᠴᠢᠮᠵᠢᠬᠦᠯᠦᠨ ᠠᠰᠢᠭᠯᠠᠬᠤ ᠬᠢᠷᠢ ᠲᠦᠪᠰᠢᠨ ᠢ ᠲᠡᠭᠡᠰᠢᠯᠡᠬᠦᠯᠦᠨ᠎ᠡ᠃ ᠤᠷᠴᠢᠨ ᠲᠤᠭᠤᠷᠢᠨ  ᠤ ᠬᠠᠮᠠᠭᠠᠯᠠᠯᠲᠠ  ᠶᠢᠨ ᠬᠦᠢᠴᠡᠳᠬᠡᠯ ᠲᠤᠭ᠎ᠠ  ᠶᠢ ᠵᠠᠬ᠎ᠠ ᠲᠡᠯᠬᠡᠬᠦᠷᠴᠢᠬᠦᠯᠦᠨ ᠠᠷᠠᠯᠵᠢᠶᠠᠯᠠᠬᠤ  ᠳᠤ ᠢᠳᠡᠪᠬᠢᠲᠠᠢ ᠤᠷᠤᠯᠴᠠᠭᠤᠯᠵᠤ᠂ ᠤᠷᠴᠢᠨ ᠲᠤᠭᠤᠷᠢᠨ  ᠤ ᠬᠠᠮᠠᠭᠠᠯᠠᠯᠲᠠ  ᠶᠢᠨ ᠬᠦᠢᠴᠡᠳᠭᠡᠯ ᠲᠤᠭ᠎ᠠ ᠬᠦᠷᠦᠯᠴᠡᠬᠦ ᠦᠬᠡᠢ ᠠᠰᠠᠭᠤᠳᠠᠯ  ᠢ ᠪᠦᠲᠦᠮᠵᠢᠲᠠᠢ ᠨᠠᠮᠳᠠᠭᠤᠯᠤᠨ᠎ᠠ᠃     ︵ᠲᠠᠪᠤ︶ ᠰᠠᠭᠤᠷᠢ ᠲᠦᠬᠦᠬᠡᠷᠦᠮᠵᠢ ᠪᠠ ᠠᠮᠢ ᠠᠬᠤᠢ  ᠶᠢᠨ ᠪᠦᠲᠦᠬᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ᠃  ᠪᠦᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠦᠷᠬᠦᠯᠵᠢᠯᠡᠭᠰᠡᠨ ᠠᠰᠢᠭᠯᠠᠯᠲᠠ  ᠶᠢᠨ ᠲᠦᠯᠦᠪᠵᠢᠬᠦᠯᠬᠡ  ᠶᠢ ᠨᠠᠶᠢᠷᠠᠭᠤᠯᠤᠨ ᠲᠠᠭᠤᠰᠬᠠᠵᠤ᠂ ᠡᠮᠦᠨ᠎ᠡ ᠤᠮᠠᠷ᠎ᠠ ᠬᠤᠶᠠᠷ ᠱᠣᠭᠤᠮ ᠤᠨ ᠤᠰᠤ ᠬᠠᠩᠭᠠᠯᠲᠠ᠂ ᠤᠰᠤᠨ  ᠤ ᠡᠷᠭᠡ  ᠶᠢ ᠬᠠᠯᠠᠬᠤ ᠬᠤᠶᠠᠳᠤᠭᠠᠷ ᠬᠤᠭᠤᠴᠠᠭ᠎ᠠ ᠶᠢᠨ ᠪᠠᠷᠢᠯᠭ᠎ᠠ᠂ ᠬᠠᠲᠤᠨ ᠭᠤᠤᠯ  ᠤᠨ ᠤᠰᠤ ᠠᠪᠬᠤ ᠠᠮᠠᠰᠠᠷ ᠵᠡᠷᠭᠡ ᠤᠰᠤ ᠬᠠᠩᠭᠠᠬᠤ ᠴᠢᠬᠤᠯᠠ ᠪᠠᠷᠢᠯᠭ᠎ᠠ  ᠶᠢᠨ ᠠᠬᠢᠴᠠ  ᠶᠢ ᠲᠦᠷᠭᠡᠳᠭᠡᠵᠤ᠂ 2 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠤᠰᠤ ᠬᠠᠩᠭᠠᠬᠤ ᠴᠢᠳᠠᠪᠤᠷᠢ ᠶᠢ ᠰᠢᠨ᠎ᠡ ᠎ ᠪᠠᠷ ᠨᠡᠮᠡᠭᠳᠡᠬᠦᠯᠦᠨ᠎ᠡ᠃ ᠴᠠᠬᠢᠯᠭᠠᠨ ᠬᠦᠴᠦᠨ ᠢ ᠭᠠᠳᠠᠭᠰᠢ ᠲᠠᠮᠵᠢᠭᠤᠯᠬᠤ ᠲᠡᠭᠡᠳᠦ ᠲᠡᠰ  ᠤᠨ  ᠵᠠᠮ  ᠢ ᠲᠦᠷᠭᠡᠭᠡᠨ ᠪᠠᠶᠢᠭᠤᠯᠵᠤ᠂ ᠤᠷᠳᠤᠰ ᠠᠴᠠ ᠱᠠᠨᠳᠦ᠋ᠩ᠂ ᠬᠤᠪᠸᠢ ᠵᠡᠷᠭᠡ ᠭᠠᠵᠠᠷ ᠬᠦᠷᠬᠦ ᠤᠨᠴᠠ ᠦᠨᠳᠦᠷ ᠬᠦᠴᠦᠲᠡᠯᠳᠦ ᠴᠠᠬᠢᠯᠭᠠᠨ ᠬᠦᠴᠦᠨ ᠢ ᠭᠠᠳᠠᠭᠰᠢ ᠲᠠᠮᠵᠢᠭᠤᠯᠬᠤ ᠵᠠᠮ  ᠢ ᠡᠬᠢᠯᠡᠨ ᠪᠠᠶᠢᠭᠤᠯᠬᠤ  ᠪᠠᠷ ᠴᠢᠷᠮᠠᠶᠢᠨ᠎ᠠ᠃ ᠵᠠᠮ ᠬᠠᠷᠢᠯᠴᠠᠭᠠᠨ ᠤ  ᠶᠡᠷᠦᠩᠬᠡᠶᠢᠯᠡᠭᠰᠡᠨ ᠲᠡᠭᠡᠭᠡᠪᠦᠷᠢ  ᠶᠢᠨ ᠰᠢᠰᠲ᠋ᠧᠮᠵᠢ  ᠶᠢ ᠢᠳᠡᠪᠬᠢᠲᠠᠢ ᠲᠡᠭᠦᠯᠳᠡᠷᠵᠢᠬᠦᠯᠵᠤ᠂ ᠵᠢᠯ  ᠤᠨ ᠲᠤᠳᠤᠷ᠎ᠠ ᠬᠠᠳᠤᠨ ᠭᠤᠤᠯ ᠲᠠᠭᠠᠤ ᠨᠢᠬᠡᠳᠦᠬᠡᠷ ᠲᠡᠰ  ᠤᠨ ᠵᠠᠰᠠᠮᠠᠯ ᠵᠠᠮ᠂ ᠯᠠᠨ ᠵᠢᠶᠠ ᠯᠢᠶᠠᠩ ᠠᠴᠠ ᠭᠠᠯᠠᠭᠤᠲᠤ ᠬᠦᠷᠬᠦ ᠨᠢᠭᠡᠳᠦᠬᠡᠷ ᠲᠡᠰ  ᠤᠨ ᠵᠠᠰᠠᠮᠠᠯ ᠵᠠᠮ ᠢ ᠵᠠᠰᠠᠨ ᠲᠠᠭᠤᠰᠬᠠᠵᠤ ᠲᠡᠷᠭᠡ ᠨᠡᠪᠳᠡᠷᠡᠬᠦᠯᠬᠦ  ᠶᠢ ᠦᠨᠡᠨᠬᠦ ᠪᠠᠲᠤᠯᠠᠵᠤ᠂ ᠱᠢ ᠴᠢ ᠭᠸᠦ  ᠠᠴᠠ ᠳ᠋ᠠ ᠹᠠᠨ ᠫᠦ᠋ ᠬᠦᠷᠬᠦ ᠲᠡᠭᠡᠳᠦ ᠬᠤᠷᠳᠤᠴᠠᠲᠤ ᠵᠠᠰᠠᠮᠠᠯ ᠵᠠᠮ᠂ ᠠᠮᠠᠨᠴᠢᠷᠠᠭ᠎ᠠ ᠠᠴᠠ ᠬᠤᠭᠤᠯᠠᠲᠤ ᠬᠦᠷᠬᠦ ᠨᠢᠬᠡᠳᠦᠬᠡᠷ ᠲᠡᠰ  ᠤᠨ ᠵᠠᠰᠠᠮᠠᠯ ᠵᠠᠮ  ᠤᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠵᠤ᠂ ᠪᠤᠭᠤᠲᠤ ᠠᠴᠠ ᠳ᠋ᠦᠩᠱᠧᠩ ᠬᠦᠷᠬᠦ ᠬᠤᠶᠠᠳᠤᠭᠠᠷ ᠵᠤᠷᠪᠤᠰ ᠲᠡᠭᠡᠲᠦ ᠬᠤᠷᠳᠣᠴᠠᠲᠤ ᠵᠠᠰᠠᠮᠠᠯ ᠵᠠᠮ᠂ ᠤᠳᠤᠭ ᠬᠤᠰᠢᠭᠤᠨ  ᠠᠴᠠ ᠤᠳᠤᠭ  ᠤᠨ ᠡᠮᠦᠨᠡᠲᠦ ᠬᠤᠰᠢᠭᠤ ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ᠂ ᠭᠠᠯᠠᠭᠤᠲᠤ ᠎ ᠠᠴᠠ ᠤᠯᠠᠭᠠᠨᠪᠠᠯᠭᠠᠰᠣ ᠬᠦᠷᠬᠦ ᠨᠢᠬᠡᠳᠦᠬᠡᠷ ᠲᠡᠰ  ᠤᠨ ᠵᠠᠰᠠᠮᠠᠯ ᠵᠠᠮ ᠪᠠ ᠳ᠋ᠦᠩᠱᠧᠩ ᠠᠴᠠ ᠦᠬᠠᠢ ᠬᠦᠷᠬᠦ ᠲᠡᠮᠦᠷ ᠵᠠᠮ  ᠤᠨ ᠨᠡᠮᠡᠯᠲᠡ ᠬᠤᠶᠠᠳᠣᠭᠠᠷ ᠱᠣᠭᠤᠮ᠂ ᠬᠦᠬᠡᠬᠤᠲᠠ  ᠠᠴᠠ ᠵᠡᠬᠦᠨᠭᠠᠷ ᠳ᠋ᠦᠩᠱᠧᠩ  ᠳᠤ ᠬᠦᠷᠬᠦ ᠲᠡᠭᠡᠲᠦ ᠬᠤᠷᠳᠤᠴᠠᠲᠤ ᠲᠡᠮᠦᠷ ᠵᠠᠮ ᠢ ᠪᠦᠲᠦᠬᠡᠨ ᠪᠠᠶᠢᠭᠤᠯᠵᠤ᠂ 718 ᠺᠢᠯᠤᠮᠧᠲᠷ  ᠤᠨ ᠲᠡᠭᠡᠳᠦ ᠲᠡᠰ ᠎ ᠤᠨ ᠵᠠᠰᠠᠮᠠᠯ ᠵᠠᠮ᠂ 1517 ᠺᠢᠯᠤᠮᠧᠲᠷ  ᠤᠨ ᠲᠡᠮᠦᠷ ᠵᠠᠮ ᠢ ᠰᠢᠨ᠎ᠡ  ᠪᠠᠷ  ᠪᠦᠲᠦᠬᠡᠨ ᠪᠠᠶᠢᠭᠤᠯᠤᠨ᠎ᠠ᠃ ᠤᠷᠳᠤᠰ ᠨᠢᠰᠬᠡᠯ  ᠤᠨ ᠪᠠᠭᠤᠳᠠᠯ  ᠢ ᠦᠬᠡᠷᠡᠴᠢᠯᠡᠨ ᠦᠷᠭᠡᠳᠭᠡᠭᠦ ᠪᠠᠷᠢᠯᠭ᠎ᠠ  ᠶᠢ ᠪᠦᠬᠦ ᠲᠠᠯ᠎ᠠ ᠪᠠᠷ ᠪᠡᠶᠡᠯᠡᠬᠦᠯᠦᠨ᠎ᠡ᠃ ᠤᠷᠳᠤᠰ  ᠠᠴᠠ ᠪᠡᠭᠡᠵᠢᠩ ᠲᠢᠶᠠᠨᠵᠢᠨ ᠲᠠᠩᠱᠠᠨ ᠬᠦᠷᠭᠦ ᠬᠢᠮᠢ ᠶᠢᠨ ᠠᠵᠤ ᠦᠢᠯᠡᠳᠪᠦᠷᠢ  ᠶᠢᠨ ᠦᠢᠯᠡᠳᠬᠦᠨ ᠪᠠ ᠪᠠᠶᠢᠭᠠᠯᠢ ᠶᠢᠨ ᠰᠢᠲᠠᠮᠠᠬᠠᠢ ᠬᠡᠢ ᠲᠠᠮᠵᠢᠭᠤᠯᠬᠤ ᠬᠤᠭᠤᠯᠠᠢ ᠶᠢᠨ ᠪᠦᠲᠦᠬᠡᠨ ᠪᠠᠶᠢᠭᠤᠯᠤᠯᠲᠠ  ᠶᠢᠨ ᠡᠮᠦᠨᠡᠬᠢ ᠬᠤᠭᠤᠴᠠᠭᠠᠨ  ᠤ ᠠᠵᠢᠯ  ᠢ ᠦᠷᠨᠢᠬᠦᠯᠦᠨ᠎ᠡ᠃      ᠠᠮᠢ ᠠᠬᠤᠢ  ᠶᠢᠨ ᠤᠷᠴᠢᠨ ᠲᠤᠭᠤᠷᠢᠨ ᠤ ᠬᠠᠮᠠᠭᠠᠯᠠᠯᠲᠠ ᠪᠤᠯᠤᠨ ᠪᠦᠲᠦᠬᠡᠨ ᠪᠠᠶᠢᠭᠤᠯᠤᠯᠲᠠ  ᠶᠢ ᠴᠢᠩᠭᠠᠳᠬᠠᠨ᠎ᠠ᠃ ᠠᠮᠢ ᠠᠬᠤᠢ  ᠶᠢᠨ ᠠᠶᠠᠨᠳᠠᠭᠠᠨ ᠰᠡᠷᠬᠦᠬᠦ ᠤᠷᠤᠨ  ᠢ ᠰᠢᠨ᠎ᠡ ᠪᠠᠷ 3000 ᠬᠠᠪᠳᠠᠭᠠᠢ ᠲᠦᠷᠪᠡᠯᠵᠢᠨ ᠺᠢᠯᠤᠮᠧᠲᠷ ᠪᠠᠶᠢᠭᠤᠯᠤᠨ᠎ᠠ᠃ ᠠᠳᠠᠷ ᠬᠠᠭᠠᠯᠪᠤᠷᠢᠯᠠᠬᠤ  ᠶᠢ ᠵᠤᠭᠰᠤᠭᠠᠵᠤ ᠤᠢ ᠮᠤᠳᠤ ᠲᠠᠷᠢᠬᠤ ᠪᠠ ︽ᠲᠦᠷᠪᠡᠨ ᠵᠠᠭᠤᠨ ᠲᠦᠮᠡᠨ ᠮᠤ᠋︾᠂ ︽ᠲᠠᠪᠤᠨ ᠲᠤᠭᠤᠷᠢᠭ  ᠤᠨ ᠨᠤᠭᠤᠭᠠᠷᠠᠭᠤᠯᠤᠯᠲᠠ︾᠂ ︽ᠠᠵᠤ ᠠᠬᠤᠶᠢᠯᠠᠯ  ᠤᠨ ᠨᠡᠬᠦᠷᠡᠰᠦᠳᠦ᠋ᠷᠦᠭᠴᠢ  ᠶᠢᠨ ᠲᠠᠪᠬᠤᠷ ᠢᠰᠦᠯ ᠢ ᠰᠢᠩᠬᠡᠬᠡᠨ ᠠᠪᠬᠤ ᠤᠢ︾ ᠵᠡᠷᠭᠡ ᠠᠮᠢ ᠠᠬᠤᠢ ᠵᠢᠨ‌ᠭᠤᠤᠯᠳᠠᠯᠭ᠎ᠠ ᠲᠠᠢ ᠪᠦᠲᠦᠬᠡᠨ ᠪᠠᠶᠢᠭᠤᠯᠤᠯᠲᠠ ᠶᠢᠨ ᠢᠨᠵᠧᠨᠧᠷᠢᠩ  ᠢ ᠦᠷᠬᠦᠯᠵᠢᠯᠡᠨ ᠰᠠᠶᠢᠲᠤᠷ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠲᠠᠷᠢᠮᠠᠯ ᠤᠢ  ᠶᠢ ᠰᠢᠨ᠎ᠡ  ᠪᠠᠷ 50 ᠲᠦᠮᠡᠨ ᠮᠤ᠋ ᠨᠡᠮᠡᠭᠳᠡᠬᠦᠯᠦᠨ᠎ᠡ᠃ ᠡᠨᠧᠷᠬᠢ ᠠᠷᠪᠢᠯᠠᠵᠤ ᠪᠤᠬᠢᠷᠲᠤᠯ  ᠢ ᠪᠠᠭᠠᠰᠬᠠᠬᠤ ᠡᠷᠴᠢᠮ  ᠢᠶᠠᠨ ᠨᠡᠮᠡᠭᠳᠡᠬᠦᠯᠵᠤ᠂ ᠤᠷᠴᠢᠨ ᠲᠤᠭᠤᠷᠢᠨ  ᠢ ᠬᠠᠮᠠᠭᠠᠯᠠᠬᠤ ᠴᠢᠳᠠᠪᠤᠷᠢ  ᠶᠢᠨ ᠪᠠᠶᠢᠭᠤᠯᠤᠯᠲᠠ  ᠶᠢ ᠴᠢᠩᠭᠠᠳᠬᠠᠵᠤ᠂ ᠨᠢᠬᠡᠨᠳᠡ ᠪᠠᠶᠢᠭᠤᠯᠤᠭᠰᠠᠨ ᠪᠤᠵᠠᠷ ᠤᠰᠤ  ᠶᠢ ᠰᠢᠢᠳᠪᠦᠷᠢᠯᠡᠬᠦ ᠦᠢᠯᠡᠳᠪᠦᠷᠢ ᠪᠠ ᠬᠠᠶᠠᠭᠳᠠᠮᠠᠯ ᠪᠤᠳᠠᠰ  ᠢ ᠰᠢᠢᠳᠪᠦᠷᠢᠯᠡᠬᠦ ᠦᠢᠯᠡᠳᠪᠦᠷᠢ  ᠶᠢ ᠪᠦᠬᠦᠨ  ᠢ ᠬᠡᠷᠡᠭᠯᠡᠯᠲᠡ  ᠳᠤ ᠤᠷᠤᠭᠤᠯᠬᠤ  ᠶᠢ ᠦᠨᠡᠨᠬᠦ ᠪᠠᠲᠤᠯᠠᠨ᠎ᠠ᠃      ︵ᠵᠢᠷᠭᠤᠭ᠎ᠠ︶ ᠨᠡᠶᠢᠬᠡᠮ  ᠤᠨ ᠦᠢᠯᠡᠰ  ᠢ ᠶᠡᠬᠡᠪᠡᠷ ᠬᠦᠭᠵᠢᠬᠦᠯᠦᠨ᠎ᠡ᠃ ᠲᠤᠮᠳᠠᠳᠣ ᠪᠠᠭ᠎ᠠ ᠰᠣᠷᠭᠠᠭᠤᠯᠢ  ᠶᠢᠨ ᠬᠡᠴᠢᠶᠡᠯ ᠪᠠᠶᠢᠷᠢ  ᠶᠢᠨ  ᠭᠡᠷ  ᠤᠨ ᠠᠶᠤᠯᠬᠦᠢ  ᠶᠢᠨ ᠪᠠᠷᠢᠯᠭ᠎ᠠ  ᠶᠢᠨ ᠨᠢᠬᠡᠳᠦᠬᠡᠷ ᠬᠤᠭᠤᠴᠠᠭᠠᠨ  ᠤ ᠵᠠᠰᠠᠨ ᠦᠬᠡᠷᠡᠴᠢᠯᠡᠬᠦ ᠠᠵᠢᠯ  ᠢ ᠪᠦᠬᠦ ᠲᠠᠯ᠎ᠠ  ᠪᠠᠷ ᠪᠡᠶᠡᠯᠡᠬᠦᠯᠵᠤ᠂ ᠬᠤᠶᠠᠳᠣᠭᠠᠷ ᠬᠤᠭᠤᠴᠠᠭᠠᠨ ᠎ ᠤ ᠪᠠᠷᠢᠯᠭ᠎ᠠ  ᠶᠢ ᠡᠬᠢᠯᠡᠬᠦᠯᠦᠨ᠎ᠡ᠃ ᠰᠣᠷᠬᠤ ᠨᠠᠰᠣᠨ  ᠠᠴᠠ ᠡᠮᠦᠨᠡᠬᠢ ᠰᠤᠷᠭᠠᠨ ᠬᠦᠮᠦᠵᠢᠯ ᠢ ᠴᠢᠩᠭᠠᠳᠬᠠᠵᠤ᠂ ᠵᠠᠰᠠᠭ ᠤᠨ ᠤᠷᠳᠤᠨ ᠠᠴᠠ ᠭᠤᠤᠯᠯᠠᠨ ᠵᠢᠯᠤᠭᠤᠳᠤᠭᠤᠯᠤᠭᠰᠠᠨ᠂ ᠤᠯᠠᠨ ᠡᠰᠢᠵᠢᠬᠦᠯᠦᠭᠰᠡᠨ ᠪᠡᠯᠡ ᠤᠷᠤᠭᠤᠯᠤᠯᠲᠠ  ᠶᠢ ᠪᠠᠷᠢᠮᠲᠠᠯᠠᠵᠤ᠂ ᠬᠡᠣᠭᠡᠳ  ᠤᠨ ᠴᠡᠴᠡᠷᠯᠢᠭ  ᠢ  ᠪᠠᠷᠢᠮᠵᠢᠶᠠᠵᠢᠭᠤᠯᠤᠨ ᠪᠦᠲᠦᠬᠡᠨ ᠪᠠᠶᠢᠭᠤᠯᠬᠤ  ᠶᠢ ᠠᠬᠢᠭᠤᠯᠵᠤ᠂ ᠬᠤᠲᠠ  ᠶᠢᠨ ᠭᠤᠤᠯ ᠲᠤᠭᠤᠷᠢᠭ  ᠲᠤ ᠠᠯᠪᠠᠨ  ᠠᠴᠠ ᠡᠷᠬᠢᠯᠡᠭᠰᠡᠨ ᠦᠨᠳᠦᠷ ᠪᠠᠷᠢᠮᠵᠢᠶ᠎ᠠ ᠲᠠᠢ ᠵᠢᠱᠢᠶ᠎ᠡ ᠦᠵᠡᠬᠦᠯᠬᠦ ᠬᠡᠤᠭᠡᠳ  ᠤᠨ ᠴᠡᠴᠡᠷᠯᠢᠭ  ᠢ ᠰᠢᠨ᠎ᠡ  ᠪᠠᠷ 2 ᠪᠠᠶᠢᠭᠤᠯᠤᠨ᠎ᠠ᠃ ᠵᠢᠯ  ᠤᠨ ᠲᠤᠳᠤᠷ᠎ᠠ ᠬᠤᠲᠠ  ᠶᠢᠨ ᠮᠤᠩᠭᠤᠯ ᠦᠨᠳᠦᠰᠦᠲᠡᠨ  ᠤ ᠰᠣᠷᠭᠠᠭᠤᠯᠢ᠂ ᠬᠤᠲᠠ  ᠶᠢᠨ ᠠᠵᠢᠯ ᠮᠡᠷᠭᠡᠵᠢᠯ ᠎ ᠤᠨ ᠲᠡᠭᠡᠳᠦ ᠰᠣᠷᠭᠠᠭᠤᠯᠢ  ᠶᠢᠨ ᠰᠢᠨ᠎ᠡ ᠰᠣᠷᠭᠠᠭᠤᠯᠢ  ᠶᠢᠨ ᠲᠤᠭᠤᠷᠢᠭ ᠢ ᠪᠠᠶᠢᠭᠤᠯᠤᠨ ᠠᠰᠢᠭᠯᠠᠯᠲᠠ  ᠳᠤ ᠤᠷᠤᠭᠤᠯᠤᠨ᠎ᠠ᠃ ︽ᠤᠯᠤᠰ  ᠤᠨ ᠡᠷᠡᠬᠦᠯ ᠬᠠᠮᠠᠭᠠᠯᠠᠯ  ᠤᠨ ᠬᠤᠲᠠ︾ ᠎ ᠶᠢ ᠡᠬᠦᠳᠦᠨ ᠪᠠᠶᠢᠭᠤᠯᠬᠤ ᠠᠵᠢᠯ  ᠤᠨ ᠦᠷ᠎ᠡ ᠪᠦᠲᠦᠬᠡᠯ  ᠢ ᠪᠠᠬᠢᠵᠢᠬᠦᠯᠵᠤ᠂ ︽ᠤᠯᠠᠨ ᠤᠯᠤᠰ  ᠤᠨ ᠡᠷᠡᠬᠦᠯ ᠡᠩᠬᠡ  ᠶᠢᠨ ᠬᠤᠲᠠ ︾ ᠎ ᠶᠢ ᠡᠬᠦᠳᠦᠨ ᠪᠠᠶᠢᠭᠤᠯᠬᠤ ᠠᠵᠢᠯᠯᠠᠭ᠎ᠠ  ᠶᠢ ᠡᠬᠢᠯᠡᠬᠦᠯᠦᠨ᠎ᠡ᠃ ᠤᠯᠠᠨ ᠨᠡᠶᠢᠲᠡ ᠶᠢᠨ ᠡᠷᠡᠬᠦᠯ ᠬᠠᠮᠠᠭᠠᠯᠠᠯ  ᠤᠨ ᠦᠢᠯᠡᠴᠢᠯᠡᠬᠡᠨ  ᠤ ᠲᠤᠨᠤᠭ ᠲᠦᠬᠦᠬᠡᠷᠦᠮᠵᠢ ᠪᠠ ᠡᠷᠡᠬᠦᠯ ᠬᠠᠮᠠᠭᠠᠯᠠᠯ ᠤᠨ ᠪᠠᠴᠢᠮ ᠢ ᠠᠷᠭᠠᠴᠠᠬᠤ ᠰᠢᠰᠲ᠋ᠧᠮᠵᠢ  ᠶᠢᠨ ᠪᠠᠶᠢᠭᠤᠯᠤᠯᠲᠠ  ᠶᠢ ᠲᠦᠷᠭᠡᠳᠭᠡᠨ ᠠᠬᠢᠭᠤᠯᠵᠤ᠂ ᠬᠤᠰᠢᠭᠤ ᠲᠤᠭᠤᠷᠢᠭ ᠤᠨ ᠶᠡᠷᠦᠩᠬᠡᠶᠢᠯᠡᠭᠰᠡᠨ ᠡᠮᠨᠡᠯᠬᠡ  ᠶᠢᠨ ᠬᠤᠷᠢᠶ᠎ᠠ᠂ ᠦᠨᠳᠦᠰᠦᠨ ᠱᠠᠲᠤᠨ  ᠤ ᠡᠷᠡᠬᠦᠯ ᠬᠠᠮᠠᠭᠠᠯ ᠤᠨ ᠬᠤᠷᠢᠶ᠎ᠠ ᠪᠠ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ  ᠤᠨ ᠲᠠᠰᠤᠭ᠂ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ  ᠤᠨ ᠦᠷᠳᠡᠭᠡ ᠶᠢ ᠴᠢᠮᠡᠭᠡ ᠵᠠᠩᠬᠢᠵᠢᠭᠤᠯᠤᠨ᠂ ᠰᠦᠯᠵᠢᠶᠡᠵᠢᠬᠦᠯᠦᠨ᠂ ᠪᠠᠷᠢᠮᠵᠢᠶᠠᠵᠢᠭᠤᠯᠤᠨ ᠪᠦᠲᠦᠬᠡᠨ ᠪᠠᠶᠢᠭᠤᠯᠬᠤ ᠡᠬᠦᠷᠭᠡ ᠎ ᠶᠢ ᠪᠡᠶᠡᠯᠡᠬᠦᠯᠦᠨ᠎ᠡ᠃ ᠰᠣᠮᠣ ᠰᠢᠶᠠᠩ ᠪᠠᠯᠭᠠᠰᠣᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠲᠤᠰᠬᠠᠢ ᠮᠡᠷᠭᠡᠵᠢᠯᠲᠡᠳ ᠢ ᠦᠷᠬᠦᠯᠵᠢᠯᠡᠨ ᠢᠯᠡ  ᠪᠠᠷ ᠡᠯᠰᠡᠨ ᠭᠡᠷᠡᠭᠯᠡᠵᠤ᠂ ᠦᠨᠳᠦᠰᠦᠨ ᠱᠠᠲᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠲᠤᠰᠬᠠᠢ ᠮᠡᠷᠭᠡᠵᠢᠯ ᠤᠨ ᠬᠦᠴᠦᠨ ᠢ ᠪᠤᠵᠠᠭᠠᠶᠢᠷᠠᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠲᠡ  ᠶᠢᠨ ᠲᠤᠷᠰᠢᠯᠲᠠ  ᠶᠢᠨ ᠴᠡᠭ ᠤᠨ ᠠᠵᠢᠯ ᠢ ᠦᠷᠨᠢᠬᠦᠯᠵᠤ᠂ ᠦᠨᠳᠦᠰᠦᠨ ᠡᠮ ᠤᠨ ᠵᠦᠢᠯ  ᠢ ᠲᠤᠬᠢᠷᠠᠭᠤᠯᠤᠨ ᠭᠡᠷᠡᠭᠯᠡᠬᠦ ᠲᠦᠷᠢᠮ ᠢ ᠪᠦᠷᠨᠰᠢᠬᠦᠯᠦᠨ ᠲᠡᠭᠦᠯᠳᠡᠷᠵᠢᠬᠦᠯᠵᠤ᠂ ᠠᠷᠠᠳ  ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ  ᠶᠢᠨ ᠬᠦᠭᠵᠢᠯᠲᠡ ᠶᠢ ᠵᠤᠷᠢᠭᠵᠢᠭᠤᠯᠤᠨ ᠲᠡᠮᠵᠢᠵᠤ᠂ ᠮᠤᠩᠭᠤᠯ ᠬᠢᠳᠠᠳ ᠡᠮ ᠡᠮᠨᠡᠯᠬᠡ ᠶᠢᠨ ᠦᠢᠯᠡᠰ ᠢ ᠶᠡᠬᠡᠪᠡᠷ ᠬᠦᠭᠵᠢᠬᠦᠯᠦᠨ᠎ᠡ᠃ ᠢᠳᠡᠭᠡᠨ ᠡᠮ ᠤᠨ ᠵᠦᠢᠯ  ᠤᠨ ᠠᠶᠤᠯᠬᠦᠢ  ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠯᠣᠰ  ᠤᠨ ᠲᠡᠰ ᠤᠨ ᠢᠳᠡᠬᠡᠨ ᠡᠮ  ᠤᠨ ᠵᠦᠢᠯ  ᠢ ᠬᠢᠨᠠᠨ ᠰᠢᠯᠭᠠᠬᠤ ᠲᠦᠪ  ᠢ ᠡᠬᠢᠯᠡᠨ ᠪᠠᠶᠢᠭᠤᠯᠤᠨ᠎ᠠ᠃ ᠰᠣᠶᠣᠯ  ᠤᠨ ᠪᠠᠶᠢᠭᠤᠯᠤᠮᠵᠢ  ᠶᠢᠨ ᠦᠬᠡᠷᠡᠴᠢᠯᠡᠯᠲᠡ ᠶᠢ ᠬᠦᠨᠵᠡᠬᠡᠶᠢᠷᠡᠬᠦᠯᠵᠤ᠂ ᠤᠯᠠᠨ ᠨᠡᠶᠢᠲᠡ ᠶᠢᠨ ᠰᠤᠶᠤᠯ ᠪᠡᠶ᠎ᠡ  ᠶᠢᠨ ᠲᠠᠮᠢᠷ ᠤᠨ ᠦᠢᠯᠡᠴᠢᠯᠡᠬᠡᠨ ᠤ ᠰᠢᠰᠲ᠋ᠧᠮᠵᠢ  ᠶᠢᠨ ᠪᠠᠶᠢᠭᠤᠯᠤᠯᠲᠠ  ᠶᠢ ᠴᠢᠩᠭᠠᠳᠬᠠᠵᠤ᠂ ᠭᠠᠴᠠᠭ᠎ᠠ ᠲᠤᠰᠬᠤᠨ  ᠤ ᠰᠣᠶᠣᠯ  ᠤᠨ ᠦᠷᠦᠬᠡ ᠪᠠ ᠰᠣᠮᠤ ᠰᠢᠶᠠᠩ ᠪᠠᠯᠭᠠᠰᠣᠨ ᠤ ᠪᠦᠬᠦ ᠠᠷᠠᠳ  ᠤᠨ ᠪᠡᠶ᠎ᠡ  ᠪᠠᠨ ᠴᠢᠬᠢᠷᠠᠭᠵᠢᠭᠤᠯᠬᠤ ᠨᠢᠬᠡ ᠪᠦᠯᠦᠭ ᠲᠤᠷᠰᠢᠯᠲᠠ  ᠶᠢᠨ ᠴᠡᠭ  ᠢ ᠰᠢᠨ᠎ᠡ  ᠪᠠᠷ ᠪᠠᠶᠢᠭᠤᠯᠤᠨ᠎ᠠ᠃     ︵ᠲᠤᠯᠤᠭ᠎ᠠ︶ ᠠᠷᠠᠳ  ᠤᠨ ᠠᠮᠢᠲᠤᠷᠠᠯ  ᠢ ᠨᠡᠩ ᠢᠯᠡᠬᠦᠤ ᠪᠠᠲᠤᠯᠠᠨ ᠰᠠᠶᠢᠵᠢᠷᠠᠭᠤᠯᠤᠨ᠎ᠠ᠃ ᠠᠳᠠᠯ ᠦᠢᠯᠡᠰ ᠪᠤᠰᠬᠠᠬᠤ  ᠢ ᠤᠷᠮᠠᠰᠢᠭᠤᠯᠬᠤ ᠲᠤᠭᠳᠠᠴᠠ ᠪᠠ ᠬᠠᠪᠰᠤᠷᠤᠨ ᠲᠡᠮᠵᠢᠬᠦ ᠲᠦᠷᠢᠮ  ᠢ ᠴᠢᠨᠠᠭᠰᠢᠲᠠ ᠲᠡᠭᠦᠯᠳᠡᠷᠵᠢᠬᠦᠯᠵᠤ᠂ ᠲᠦᠷᠦᠯ ᠵᠦᠢᠯ ᠢ ᠪᠦᠲᠦᠬᠡᠨ ᠪᠠᠶᠢᠭᠤᠯᠬᠤ ᠪᠠᠶᠢᠭᠤᠯᠭ᠎ᠠ ᠨᠢᠬᠡᠴᠡ ᠪᠤᠯᠤᠨ ᠠᠵᠤ ᠠᠬᠤᠶᠢᠯᠠᠯ  ᠲᠤᠰ ᠭᠠᠵᠠᠷ  ᠤᠨ ᠬᠦᠳᠡᠯᠮᠦᠷᠢ ᠬᠦᠴᠦᠨ  ᠢ ᠰᠢᠩᠭᠡᠭᠡᠨ ᠠᠵᠢᠯ ᠤᠯᠭᠤᠬᠤ  ᠶᠢ ᠠᠬᠢᠭᠤᠯᠤᠨ᠎ᠠ᠃ ᠲᠤᠬᠠᠶᠢᠯᠠᠭᠰᠠᠨ ᠠᠵᠢᠯ  ᠤᠨ ᠮᠡᠷᠭᠡᠵᠢᠯ ᠴᠢᠳᠠᠪᠤᠷᠢ ᠎ ᠶᠢᠨ ᠪᠤᠯᠪᠠᠰᠣᠷᠠᠯ ᠪᠠ ᠠᠵᠢᠯ ᠰᠣᠩᠭᠤᠬᠤ ᠦᠵᠡᠯᠲᠡ ᠲᠠᠨᠢᠯᠲᠠ  ᠶᠢᠨ ᠬᠦᠮᠦᠵᠢᠯ  ᠢ ᠴᠢᠩᠭᠠᠳᠬᠠᠵᠤ᠂ ᠪᠤᠯᠪᠠᠰᠣᠷᠠᠯ ᠬᠢᠬᠦ ᠬᠠᠨᠲᠤᠯᠭᠠᠲᠤ ᠴᠢᠨᠠᠷ ᠪᠠ ᠦᠷ᠎ᠡ ᠠᠰᠢᠭᠲᠦ ᠴᠢᠨᠠᠷ ᠢ ᠲᠡᠭᠡᠭᠰᠰᠢᠯᠡᠬᠦᠯᠵᠤ᠂ ᠵᠢᠯ  ᠤᠨ ᠲᠤᠳᠤᠷ᠎ᠠ ᠬᠤᠲᠠ ᠪᠠᠯᠭᠠᠰᠣᠨ ᠤ ᠠᠵᠢᠯ ᠤᠯᠬᠤ ᠬᠦᠮᠦᠨ  ᠤ ᠲᠤᠭ᠎ᠠ ᠶᠢ ᠰᠢᠨ᠎ᠡ  ᠪᠠᠷ 3 ᠲᠦᠮᠡ ᠨᠡᠮᠡᠭᠳᠡᠬᠦᠯᠦᠨ᠎ᠡ᠃ ᠨᠡᠶᠢᠬᠡᠮ  ᠤᠨ ᠪᠠᠲᠤᠯᠠᠭᠠᠨ  ᠤ ᠬᠢᠷᠢ ᠬᠡᠮᠵᠢᠶ᠎ᠡ  ᠶᠢ ᠴᠢᠨᠠᠭᠰᠢᠲᠠ ᠲᠡᠭᠡᠭᠰᠢᠯᠡᠬᠦᠯᠵᠤ᠂ ᠬᠤᠲᠠ ᠪᠠᠯᠭᠠᠰᠣᠨ  ᠤ ᠰᠠᠭᠤᠭᠠᠯᠢ ᠠᠷᠠᠳ  ᠤᠨ  ᠨᠠᠰᠣᠵᠢᠯ  ᠤᠨ ᠠᠰᠠᠷᠠᠮᠵᠢ  ᠶᠢᠨ ᠮᠦᠩᠬᠦ  ᠶᠢ ᠬᠦᠮᠦᠨ ᠪᠦᠷᠢ ᠳᠤ ᠰᠠᠷ᠎ᠠ ᠪᠦᠷᠢ 100 ᠲᠦᠬᠦᠷᠢᠭ ᠨᠡᠮᠡᠭᠳᠡᠬᠦᠯᠵᠤ᠂ ᠬᠤᠲᠠ ᠪᠠᠯᠭᠠᠰᠣᠨ  ᠤ ᠰᠠᠭᠤᠭᠠᠯᠢ ᠠᠷᠠᠳ ᠎ ᠤᠨ ᠡᠮᠨᠡᠯᠬᠡ  ᠶᠢᠨ ᠲᠠᠭᠠᠳᠬᠠᠯ  ᠤᠨ ᠬᠠᠮᠤᠭ  ᠤᠨ ᠦᠨᠳᠦᠷ ᠤᠯᠭᠤᠬᠤ ᠲᠤᠭ᠎ᠠ  ᠶᠢ ᠲᠡᠭᠡᠭᠰᠢᠯᠡᠬᠦᠯᠦᠭᠡᠳ ᠲᠤᠰᠪᠤᠷᠢ 12 ᠲᠦᠮᠡᠨ ᠲᠦᠬᠦᠷᠢᠭ ᠪᠠ 10 ᠲᠦᠮᠡᠨ ᠲᠦᠬᠦᠷᠢᠭ ᠪᠤᠯᠭᠠᠵᠤ᠂ ᠬᠤᠲᠠ ᠪᠠᠯᠭᠠᠰᠣᠨ  ᠤ ᠰᠠᠭᠤᠭᠠᠯᠢ ᠠᠷᠠᠳ ᠤᠨ ᠨᠠᠭᠠᠲᠤ ᠵᠠᠬ᠎ᠠ  ᠶᠢᠨ ᠠᠮᠢᠲᠤᠷᠠᠯ  ᠤᠨ ᠪᠠᠲᠤᠯᠭ᠎ᠠ  ᠶᠢᠨ ᠪᠠᠷᠢᠮᠵᠢᠶ᠎ᠠ  ᠶᠢ ᠰᠠᠷ᠎ᠠ ᠪᠦᠷᠢ 20 ᠲᠦᠬᠦᠷᠢᠭ ᠲᠡᠭᠡᠭᠰᠢᠯᠡᠬᠦᠯᠵᠤ᠂ ᠠᠮᠢᠲᠤᠯᠢᠭ ᠢᠶᠠᠷ ᠠᠵᠢᠯ ᠤᠯᠤᠭᠰᠠᠳ‌ᠡᠮᠨᠡᠯᠭᠡ ᠶᠢᠨ ᠲᠠᠭᠠᠳᠬᠠᠯ ᠳᠤ ᠤᠷᠤᠪᠠᠯ ᠬᠦᠮᠦᠨ ᠪᠦᠷᠢ  ᠳᠤ ᠵᠢᠯ ᠪᠦᠷᠢ 500 ᠲᠦᠬᠦᠷᠢᠭ ᠨᠦᠬᠦᠪᠦᠷᠢᠯᠡᠨ᠎ᠡ᠃ ᠨᠡᠶᠢᠬᠡᠮ ᠤᠨ ᠠᠪᠤᠷᠠᠨ ᠲᠤᠰᠠᠯᠠᠬᠤ᠂ ᠨᠡᠶᠢᠬᠡᠮ  ᠤᠨ ᠠᠰᠠᠷᠠᠮᠵᠢ ᠵᠡᠷᠭᠡ ᠠᠵᠢᠯ ᠢ ᠦᠨᠡᠨᠬᠦ ᠰᠠᠶᠢᠲᠤᠷ ᠬᠢᠵᠤ᠂ 17 ᠨᠠᠰᠣᠲᠠᠨ ᠢ ᠠᠰᠠᠷᠠᠬᠤ ᠬᠦᠷᠢᠶᠡᠯᠡᠩ ᠢ ᠦᠷᠭᠡᠳᠭᠡᠨ ᠪᠠᠶᠢᠭᠤᠯᠵᠤ᠂ 6 ᠶᠡᠷᠦᠩᠬᠡᠶᠢᠯᠡᠭᠰᠡᠨ ᠠᠰᠠᠷᠠᠮᠵᠢ  ᠶᠢᠨ ᠲᠦᠪ  ᠢ ᠰᠢᠨ᠎ᠡ ᠪᠠᠷ ᠪᠠᠶᠢᠭᠤᠯᠵᠤ᠂ ᠬᠤᠲᠠ ᠶᠢᠨ ᠵᠡᠮᠳᠡᠭᠴᠤᠳ  ᠢ ᠡᠷᠡᠬᠦᠯᠵᠢᠬᠦᠯᠬᠦ ᠲᠦᠪ  ᠢ ᠪᠠᠶᠢᠭᠤᠯᠤᠨ ᠪᠦᠲᠦᠬᠡᠨ᠎ᠡ᠃  ᠠᠷᠭ᠎ᠠ ᠪᠦᠬᠦᠨ  ᠢ ᠰᠦᠪᠡᠭᠴᠢᠯᠡᠨ ᠬᠤᠲᠠ ᠬᠦᠳᠡᠭᠡ  ᠶᠢᠨ ᠰᠠᠭᠤᠭᠠᠯᠢ ᠠᠷᠠᠳ  ᠤᠨ ᠤᠷᠤᠯᠭ᠎ᠠ  ᠶᠢ ᠨᠡᠮᠡᠭᠳᠡᠬᠦᠯᠵᠤ᠂ ᠨᠤᠳᠤᠭ ᠪᠡᠯᠴᠢᠬᠡᠷ ᠤᠨ ᠠᠮᠢ ᠠᠬᠤᠢ  ᠶᠢᠨ ᠬᠠᠮᠠᠭᠠᠯᠠᠯᠲᠠ  ᠶᠢᠨ ᠨᠦᠬᠦᠪᠦᠷᠢ  ᠶᠢᠨ ᠱᠠᠩᠨᠠᠯ ᠵᠡᠷᠭᠡ ᠲᠠᠷᠢᠶᠠᠯᠠᠩ ᠮᠠᠯ ᠠᠵᠤ ᠠᠬᠤᠢ ᠶᠢ ᠲᠡᠮᠵᠢᠵᠤ ᠮᠠᠯᠴᠢᠨ ᠲᠠᠷᠢᠶᠠᠴᠢᠳ  ᠲᠤ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ  ᠶᠢ ᠨᠠᠶᠢᠲᠠᠪᠤᠷᠢᠵᠢᠭᠤᠯᠵᠤ᠂ ᠤᠯᠠᠨ ᠠᠷᠭ᠎ᠠ ᠵᠠᠮ  ᠢᠶᠠᠷ ᠮᠠᠯᠴᠢᠨ ᠲᠠᠷᠢᠶᠠᠴᠢᠳ ᠤᠨ ᠡᠵᠡᠩᠨᠡᠯᠲᠡ  ᠶᠢᠨ ᠴᠢᠨᠠᠷᠲᠠᠢ᠂ ᠡᠳ᠋ ᠬᠦᠷᠦᠩᠬᠡ  ᠶᠢᠨ ᠴᠢᠨᠠᠷᠲᠠᠢ ᠪᠠ ᠴᠠᠯᠢᠩ ᠤᠨ ᠴᠢᠨᠠᠷᠲᠠᠢ ᠤᠷᠤᠯᠭ᠎ᠠ  ᠶᠢ ᠨᠡᠮᠡᠭᠳᠡᠬᠦᠯᠦᠨ᠎ᠡ᠃ ᠠᠵᠤ ᠠᠬᠤᠶᠢᠯᠠᠯ  ᠤᠨ ᠴᠠᠯᠢᠩ ᠎ ᠤᠨ ᠲᠤᠮᠳᠠᠴᠢ ᠵᠢᠯᠤᠭᠤᠳᠬᠤ ᠱᠣᠭᠤᠮ ᠢ ᠴᠢᠨᠠᠭᠰᠢᠲᠠ ᠲᠡᠭᠡᠭᠰᠢᠯᠡᠬᠦᠯᠵᠤ᠂ ᠴᠠᠯᠢᠩ ᠢ ᠬᠠᠮᠲᠤᠪᠠᠷ ᠵᠦᠪᠳᠡᠯᠴᠡᠨ ᠲᠤᠭᠳᠠᠭᠠᠬᠤ ᠲᠦᠷᠢᠮ ᠢ ᠲᠡᠭᠦᠯᠳᠡᠷᠵᠢᠬᠦᠯᠵᠤ᠂ ᠠᠵᠣ ᠠᠬᠤᠶᠢᠯᠠᠯ  ᠤᠨ ᠠᠵᠢᠯᠲᠠᠨ ᠠᠵᠢᠯᠴᠢᠳ ᠤᠨ ᠴᠠᠯᠢᠩ ᠤᠨ ᠭᠡᠪ ᠤᠨ ᠦᠰᠦᠯᠲᠡ  ᠶᠢ ᠠᠬᠢᠭᠤᠯᠤᠨ᠎ᠠ᠃ ᠠᠵᠤ ᠠᠬᠤᠶᠢᠯᠠᠯ  ᠤᠨ ᠠᠵᠢᠯ  ᠠᠴᠠ ᠪᠠᠨ ᠠᠮᠠᠷᠠᠭᠰᠠᠳ ᠤᠨ ᠨᠠᠰᠣᠵᠢᠯ ᠤᠨ ᠠᠰᠠᠷᠠᠮᠵᠢ ᠶᠢᠨ ᠮᠦᠩᠬᠦ ᠶᠢ ᠤᠯᠤᠰ ᠠᠴᠠ ᠨᠡᠮᠡᠭᠳᠡᠬᠦᠯᠦᠭᠰᠡᠨ ᠤ ᠰᠠᠭᠤᠷᠢᠨ ᠲᠡᠭᠡᠷ᠎ᠡ ᠰᠠᠷ᠎ᠠ ᠪᠦᠷᠢ ᠪᠠᠰᠠ 100 ᠲᠦᠬᠦᠷᠢᠭ ᠨᠦᠬᠦᠪᠦᠷᠢᠯᠡᠨ᠎ᠡ᠃ ᠪᠦᠲᠦᠴᠡ ᠶᠢᠨ ᠴᠢᠨᠠᠷᠲᠠᠢ  ᠪᠠᠷ ᠭᠠᠶᠢᠯᠢ ᠬᠠᠰᠣᠵᠣ ᠭᠡᠯᠳᠦᠷᠢᠬᠦᠯᠬᠦ ᠲᠦᠷᠦ ᠶᠢᠨ ᠪᠤᠳᠤᠯᠭ᠎ᠠ  ᠶᠢ ᠭᠡᠷᠡᠭᠵᠢᠬᠦᠯᠵᠤ᠂ ᠬᠦᠳᠡᠯᠮᠦᠷᠢ ᠨᠢᠭᠲᠠᠷᠠᠭᠰᠠᠨ ᠮᠠᠶ᠋ᠢᠭ  ᠤᠨ ᠵᠢᠵᠢᠭ ᠭᠡᠯᠪᠡᠷᠢ  ᠶᠢᠨ ᠪᠠᠭ᠎ᠠ ᠠᠰᠢᠭ ᠤᠷᠤᠯᠭ᠎ᠠ ᠲᠠᠢ ᠠᠵᠤ ᠠᠬᠤᠶᠢᠯᠠᠯ  ᠤᠨ ᠭᠡᠰᠡᠭ ᠤᠯᠵᠠᠪᠤᠷᠢ  ᠶᠢᠨ ᠭᠠᠶᠢᠯᠢ  ᠶᠢ ᠬᠠᠰᠣᠵᠣ᠂ ᠰᠠᠷ᠎ᠠ ᠶᠢᠨ ᠡᠵᠡᠩᠨᠡᠯᠲᠡ ᠶᠢᠨ ᠲᠤᠭ᠎ᠠ ᠨᠢ 1.5 ᠲᠦᠮᠡᠨ ᠲᠦᠬᠦᠷᠢᠭ ᠬᠦᠷᠬᠦ ᠦᠬᠡᠢ ᠦᠢᠯᠡᠳᠪᠦᠷᠢ ᠬᠤᠳᠠᠯᠳᠣᠭᠠᠨ ᠤ ᠬᠤᠪᠢ ᠡᠷᠦᠬᠡ  ᠶᠢᠨ ᠡᠵᠡᠩᠨᠡᠯᠲᠡ  ᠶᠢᠨ ᠭᠠᠶᠢᠯᠢ ᠪᠠ ᠤᠯᠵᠠᠪᠤᠷᠢ  ᠶᠢᠨ ᠭᠠᠶᠢᠯᠢ  ᠶᠢ ᠬᠡᠯᠳᠦᠷᠢᠬᠦᠯᠦᠨ᠎ᠡ᠃ ᠺᠠᠳ᠋ᠷ ᠠᠵᠢᠯᠲᠠᠳ  ᠤᠨ ᠨᠡᠮᠡᠭᠦᠷᠢ ᠵᠤᠭᠤᠰ ᠨᠦᠬᠦᠪᠦᠷᠢ ᠮᠦᠩᠬᠦᠨ  ᠤ ᠬᠢᠷᠢ ᠬᠡᠮᠵᠢᠶ᠎ᠡ ᠶᠢ ᠦᠷᠬᠦᠯᠵᠢᠯᠡᠨ ᠲᠡᠭᠡᠭᠰᠢᠯᠡᠬᠦᠯᠦᠨ᠎ᠡ᠃ ᠡᠯ᠎ᠡ ᠲᠦᠷᠦᠯ ᠤᠨ ᠪᠠᠲᠤᠯᠠᠭᠠᠨ  ᠤ ᠴᠢᠨᠠᠷᠲᠠᠢ ᠭᠡᠷ ᠪᠠᠶᠢᠰᠢᠩ  ᠢ 330 ᠲᠦᠮᠡᠨ ᠲᠡᠭᠰᠢ ᠲᠦᠷᠪᠡᠯᠵᠢᠨ ᠮᠧᠲᠷ ᠪᠠᠶᠢᠭᠤᠯᠵᠤ᠂ ᠡᠬᠦᠨ ᠳᠤ ᠨᠡᠶᠢᠲᠡ  ᠶᠢᠨ ᠲᠦᠷᠢᠶᠡᠰᠦᠨ ᠬᠡᠷ ᠢ 100 ᠲᠦᠮᠡᠨ ᠲᠡᠭᠰᠢ ᠲᠦᠷᠪᠡᠯᠵᠢᠨ ᠮᠧᠲᠷ ᠪᠠᠶᠢᠭᠤᠯᠤᠨ᠎ᠠ᠃ ᠶᠠᠳᠠᠭᠤ  ᠶᠢ ᠲᠡᠳᠭᠦᠭᠦ ᠠᠵᠢᠯ  ᠤᠨ ᠡᠷᠴᠢᠮ  ᠢᠶᠠᠨ ᠴᠢᠩᠭᠠᠳᠬᠠᠵᠤ᠂ ᠴᠦᠬᠡᠨ ᠲᠤᠭᠠᠲᠤ ᠦᠨᠳᠦᠰᠦᠲᠡᠨ ᠤ ᠶᠠᠳᠠᠭᠤ ᠬᠦᠴᠢᠷᠳᠡᠯᠲᠠᠢ ᠡᠷᠦᠬᠡ  ᠶᠢ ᠶᠠᠳᠠᠭᠤ  ᠠᠴᠠ ᠠᠩᠬᠢᠵᠢᠷᠠᠭᠤᠯᠬᠤ ᠠᠰᠠᠭᠤᠳᠠᠯ  ᠢ ᠬᠦᠴᠦ ᠲᠠᠯᠪᠢᠨ ᠰᠢᠢᠳᠪᠦᠷᠢᠯᠡᠨ᠎ᠡ᠃ ᠦᠨ᠎ᠡ ᠬᠠᠩᠰᠢ ᠶᠢᠨ ᠲᠤᠬᠢᠷᠠᠭᠤᠯᠭ᠎ᠠ ᠪᠠ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠪᠠᠷᠠᠭᠠᠨ ᠤ ᠦᠨ᠎ᠡ ᠦᠩᠬᠡᠷᠡᠦ ᠲᠦᠷᠭᠡᠨ ᠦᠰᠬᠦ  ᠶᠢ ᠬᠢᠵᠠᠭᠠᠷᠯᠠᠨ᠎ᠠ᠃ ᠨᠡᠶᠢᠬᠡᠮ ᠤᠨ ᠵᠦᠷᠢᠴᠡᠯ ᠢ ᠨᠠᠮᠳᠠᠭᠤᠯᠬᠤ᠂ ᠨᠡᠶᠢᠬᠡᠮ  ᠤᠨ ᠬᠠᠮᠢᠶᠠᠷᠤᠯᠲᠠ  ᠶᠢᠨ ᠰᠢᠨ᠎ᠡ  ᠶᠢ ᠡᠬᠦᠳᠬᠦ᠂ ᠲᠦᠪ ᠭᠤᠤᠯᠴᠢ ᠠᠷᠢᠭᠤᠨ ᠴᠢᠬᠡᠴᠢ  ᠪᠠᠷ ᠬᠠᠤᠯᠢ ᠭᠡᠷᠡᠭᠵᠢᠬᠦᠯᠬᠦ ︽ᠭᠤᠷᠪᠠᠨ ᠵᠦᠢᠯ ᠤᠨ ᠭᠤᠤᠯᠳᠠᠯᠭ᠎ᠠ ᠲᠠᠢ︾ ᠠᠵᠢᠯ ᠢ ᠬᠦᠨᠵᠡᠭᠡᠢ ᠠᠬᠢᠭᠤᠯᠤᠨ᠂ ᠨᠡᠶᠢᠬᠡᠮ ᠤᠨ ᠡᠶ᠎ᠡ ᠵᠤᠬᠢᠴᠠᠯ ᠠᠮᠤᠷ ᠲᠤᠭᠳᠠᠭᠤᠨ  ᠎ ᠢ ᠦᠨᠡᠨᠬᠦ ᠬᠠᠮᠠᠭᠠᠯᠠᠨ᠎ᠠ᠃ ᠤᠯᠠᠨ ᠲᠦᠮᠡᠨ ᠤ ᠠᠵᠢᠯ  ᠢᠶᠠᠷ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠬᠠᠮᠤᠷᠬᠤ  ᠶᠢ ᠪᠠᠷᠢᠮᠲᠠᠯᠠᠵᠤ᠂ ᠠᠷᠠᠳ ᠣᠯᠠᠨ ᠤ ᠰᠡᠳᠬᠢᠯ ᠲᠠᠯᠪᠢᠵᠤ ᠪᠠᠶᠢᠭ᠎ᠠ ᠬᠠᠯᠠᠮᠰᠢᠯᠲᠠ ᠲᠠᠢ᠂ ᠬᠦᠴᠢᠷᠳᠡᠯ ᠲᠠᠢ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠠᠶᠤᠯᠬᠦᠢ ᠦᠢᠯᠡᠳᠪᠦᠷᠢᠯᠡᠯ  ᠤᠨ ᠬᠠᠷᠢᠭᠤᠴᠠᠯᠭ᠎ᠠ  ᠶᠢᠨ ᠲᠦᠷᠢᠮ  ᠢ ᠴᠢᠩᠭ᠎ᠠ ᠨᠠᠶᠢᠲᠠᠪᠤᠷᠢᠵᠢᠭᠤᠯᠵᠤ᠂ ᠨᠡᠬᠦᠷᠡᠰᠦᠨ ᠠᠭᠤᠷᠬᠠᠢ᠂ ᠵᠠᠮ ᠬᠠᠷᠢᠯᠴᠠᠭ᠎ᠠ᠂ ᠬᠢᠮᠢ  ᠶᠢᠨ ᠠᠵᠤ ᠦᠢᠯᠡᠳᠪᠦᠷᠢ᠂ ᠭᠠᠯ ᠤᠨᠳᠠᠷᠠᠭᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠭᠡᠪᠴᠢᠶᠡᠨ  ᠤ ᠠᠶᠤᠯᠬᠦᠢ ᠶᠢᠨ ᠪᠠᠲᠤᠯᠠᠭ᠎ᠠ ᠶᠢᠨ ᠴᠢᠳᠠᠪᠤᠷᠢ  ᠶᠢᠨ ᠪᠠᠶᠢᠭᠤᠯᠤᠯᠲᠠ ᠶᠢ ᠴᠢᠨᠠᠭᠰᠢᠲᠠ ᠴᠢᠩᠭᠠᠳᠬᠠᠵᠤ᠂ ᠪᠠᠴᠢᠮ ᠪᠠᠶᠢᠳᠠᠯ  ᠢ ᠠᠷᠭᠠᠴᠠᠬᠤ ᠠᠪᠤᠷᠠᠨ ᠲᠤᠰᠠᠯᠠᠬᠤ ᠪᠤᠯᠪᠠᠰᠣᠷᠠᠯ ᠤᠨ ᠠᠵᠢᠯ  ᠢ ᠰᠠᠶᠢᠲᠤᠷ ᠬᠢᠵᠤ᠂ ᠡᠨᠡ ᠵᠢᠯ ᠪᠦᠬᠦ ᠬᠤᠲᠠ  ᠶᠢᠨ ᠦᠢᠯᠡᠳᠪᠦᠷᠢᠯᠡᠯ ᠬᠢᠵᠤ ᠪᠠᠶᠢᠭ᠎ᠠ ᠨᠡᠭᠦᠷᠡᠰᠦᠨ ᠠᠭᠤᠷᠬᠠᠢ ᠶᠢ ᠴᠦᠮ ᠠᠶᠤᠯᠬᠦᠢ ᠶᠠᠰᠣ ᠴᠢᠨᠠᠷ ᠤᠨ ᠪᠠᠷᠢᠮᠵᠢᠶᠠᠵᠢᠭᠰᠠᠨ ᠬᠠᠷᠠᠯᠲᠠ  ᠳᠤ ᠬᠦᠷᠭᠡᠭᠦ ᠎ ᠶᠢ ᠪᠡᠶᠡᠯᠡᠬᠦᠯᠵᠤ᠂ ᠵᠢᠯ  ᠤᠨ ᠭᠠᠷᠤᠯᠲᠠ ᠨᠢ 120 ᠲᠦᠮᠡᠨ ᠲᠤᠨ  ᠠᠴᠠ ᠲᠡᠭᠡᠭᠰᠢᠬᠢ ᠨᠡᠬᠦᠷᠡᠰᠦᠨ ᠠᠭᠤᠷᠬᠠᠢ ᠪᠤᠯᠤᠨ ᠭᠠᠰ ᠭᠡᠢ  ᠶᠢᠨ ᠪᠦᠷᠢᠯᠳᠦᠬᠦᠨ ᠶᠡᠬᠡᠲᠠᠢ ᠠᠭᠤᠷᠬᠠᠢ  ᠶᠢᠨ ᠬᠤᠳᠳᠤᠭ  ᠲᠤ ᠠᠪᠤᠷᠠᠬᠤ ᠤᠩᠭᠤᠴᠠ ᠵᠡᠷᠭᠡ ᠠᠶᠤᠯ  ᠠᠴᠠ ᠵᠠᠶᠢᠯᠠᠭᠤᠯᠬᠤ ᠰᠢᠰᠲ᠋ᠧᠮ  ᠤᠨ ᠪᠠᠶᠢᠭᠤᠯᠤᠯᠲᠠ  ᠶᠢ ᠪᠡᠶᠡᠯᠡᠬᠦᠯᠦᠨ᠎ᠡ᠃     ︵ᠨᠠᠢᠮᠠ︶ ᠤᠶᠤᠨ  ᠤ ᠪᠤᠯᠪᠠᠰᠣᠨ ᠪᠠ ᠠᠷᠠᠳᠴᠢᠯᠠᠯ ᠬᠠᠤᠯᠢ ᠲᠦᠷᠢᠮ  ᠤᠨ ᠪᠠᠶᠢᠭᠤᠯᠤᠯᠲᠠ  ᠶᠢ ᠴᠢᠩᠭᠠᠳᠬᠠᠨ᠎ᠠ᠃ ︽ᠪᠤᠯᠪᠠᠰᠣᠨ᠂ ᠢᠷᠠᠭᠤ ᠠᠯᠳᠠᠷ᠂ ᠰᠢᠨ᠎ᠡ  ᠶᠢ ᠡᠬᠦᠳᠬᠦ ᠶᠢ ᠡᠷᠬᠢᠮᠯᠡᠬᠦ︾ ᠤᠷᠳᠤᠰ  ᠤᠨ ᠭᠡᠪ ᠨᠠᠮᠪᠠ  ᠶᠢ ᠪᠠᠳᠠᠷᠠᠭᠤᠯᠵᠤ᠂ ᠤᠯᠠᠨ ᠲᠦᠮᠡᠨᠴᠢ ᠴᠢᠨᠠᠷᠲᠠᠢ ᠣᠶᠣᠨ ᠤ ᠪᠤᠯᠪᠠᠰᠣᠨ  ᠢ ᠡᠬᠦᠳᠦᠨ ᠪᠠᠶᠢᠭᠤᠯᠬᠤ ᠠᠵᠢᠯᠯᠠᠭ᠎ᠠ  ᠶᠢ ᠦᠷᠭᠡᠨ  ᠢᠶᠠᠷ ᠦᠷᠨᠢᠬᠦᠯᠵᠤ᠂ ᠡᠷᠡᠬᠦᠯ ᠪᠤᠯᠪᠠᠰᠣᠨ ᠠᠮᠢᠲᠤᠷᠠᠯ ᠤᠨ ᠠᠷᠭ᠎ᠠ ᠮᠠᠶ᠋ᠢᠭ ᠢ ᠰᠣᠷᠳᠠᠯᠴᠢᠯᠠᠵᠤ᠂ ᠵᠢᠯ  ᠤᠨ ᠲᠤᠳᠤᠷ᠎ᠠ ᠪᠦᠬᠦ ᠤᠯᠤᠰ ᠤᠨ ᠪᠤᠯᠪᠠᠰᠣᠨ ᠬᠤᠲᠠ ᠶᠢ ᠡᠬᠦᠳᠦᠨ ᠪᠠᠶᠢᠭᠤᠯᠬᠤ  ᠪᠠᠷ ᠴᠢᠷᠮᠠᠶᠢᠨ᠎ᠠ᠃ ᠠᠷᠠᠳ ᠤᠨ ᠲᠦᠯᠦᠬᠡᠯᠡᠭᠴᠢᠳ  ᠤᠨ ᠶᠡᠭᠡ ᠬᠤᠷᠠᠯ ᠤᠨ ᠬᠠᠤᠯᠢ ᠴᠠᠭᠠᠵᠠ ᠪᠠ ᠠᠵᠢᠯ ᠤᠨ ᠬᠢᠨᠠᠯᠲᠠ ᠲᠠᠯᠪᠢᠬᠤ᠂ ᠣᠯᠣᠰ ᠲᠦᠷᠦ ᠶᠢᠨ ᠵᠦᠪᠯᠡᠯᠬᠡᠨ ᠤ ᠠᠷᠠᠳᠴᠢᠯᠠᠯ  ᠢᠶᠠᠷ ᠬᠢᠨᠠᠯᠲᠠ ᠲᠠᠯᠪᠢᠬᠤ  ᠶᠢ ᠤᠬᠠᠮᠰᠠᠷ ᠠᠴᠠ ᠪᠠᠨ ᠬᠦᠯᠢᠶᠡᠵᠤ᠂ ᠠᠵᠢᠯ ᠢᠶᠠᠨ ᠲᠤᠭᠳᠠᠮᠠᠯ ᠬᠤᠭᠤᠴᠠᠭ᠎ᠠ ᠲᠠᠢ  ᠪᠠᠷ ᠮᠡᠳᠡᠬᠦᠯᠵᠤ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ  ᠤᠨ ᠲᠦᠯᠦᠬᠡᠯᠡᠭᠴᠢᠳ  ᠤᠨ ᠰᠠᠨᠠᠭᠤᠯᠭ᠎ᠠ ᠵᠦᠪᠯᠡᠯᠭᠡ᠂ ᠤᠯᠤᠰ ᠲᠦᠷᠦ ᠶᠢᠨ ᠵᠦᠪᠯᠡᠯᠬᠡᠨ ᠤ ᠭᠡᠰᠢᠬᠦᠳ ᠤᠨ ᠰᠠᠨᠠᠯ ᠲᠤᠷᠠᠳᠣᠯᠭ᠎ᠠ  ᠶᠢ ᠰᠠᠶᠢᠲᠤᠷ ᠰᠢᠢᠳᠪᠦᠷᠢᠯᠡᠨ᠎ᠡ᠃ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠣᠭᠠᠨ  ᠤ ᠬᠤᠯᠪᠤᠭ᠎ᠠ᠂ ᠨᠠᠮ ᠪᠦᠯᠦᠭ  ᠤᠨ ᠪᠤᠰᠤ ᠬᠦᠮᠦᠰ᠂ ᠠᠷᠠᠳ  ᠤᠨ ᠪᠦᠯᠬᠦᠮ ᠪᠠ ᠨᠡᠶᠢᠬᠡᠮ ᠤᠨ ᠡᠯ᠎ᠡ ᠡᠳᠡᠭᠡᠳ ᠤᠨ ᠰᠠᠨᠠᠯ ᠢ ᠬᠢᠨᠠᠮᠠᠭᠠᠢ ᠰᠣᠨᠣᠰᠣᠨ᠎ᠠ᠃ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠲᠦᠷᠪᠡᠨ ᠡᠷᠭᠡ ᠲᠦᠷᠪᠡᠨ ᠲᠦᠷᠢᠮ︾ ᠎ ᠤᠨ ᠠᠷᠠᠳᠴᠢᠯᠠᠯ  ᠢᠶᠠᠷ ᠬᠡᠷᠡᠭ ᠵᠦᠪᠳᠡᠵᠤ ᠰᠢᠢᠳᠪᠦᠷᠢ ᠲᠤᠭᠳᠠᠭᠠᠬᠤ ᠲᠤᠭᠳᠠᠴᠠ  ᠶᠢ ᠪᠦᠬᠦ ᠲᠠᠯ᠎ᠠ  ᠪᠠᠷ ᠭᠡᠷᠡᠭᠵᠢᠬᠦᠯᠵᠤ᠂ ᠵᠠᠰᠠᠭ  ᠤᠨ ᠶᠠᠪᠤᠳᠠᠯ  ᠢ ᠢᠯᠡ ᠪᠤᠯᠭᠠᠬᠤ᠂ ᠲᠤᠰᠬᠤᠨ  ᠤ ᠶᠠᠪᠤᠳᠠᠯ  ᠢ ᠢᠯᠡ ᠪᠤᠯᠭᠠᠬᠤ ᠪᠠ ᠦᠢᠯᠡᠳᠪᠦᠷᠢ  ᠶᠢᠨ ᠶᠠᠪᠤᠳᠠᠯ  ᠢ ᠢᠯᠡ ᠪᠤᠯᠭᠠᠬᠤ ᠶᠢ ᠴᠢᠨᠠᠭᠰᠢᠲᠠ ᠲᠡᠭᠦᠯᠳᠡᠷᠵᠢᠬᠦᠯᠵᠤ᠂ ᠠᠷᠠᠳ ᠣᠯᠠᠨ  ᠤ ᠪᠠᠶᠢᠳᠠᠯ  ᠢ ᠮᠡᠳᠡᠬᠦ ᠡᠷᠭᠡ᠂ ᠤᠷᠤᠯᠴᠠᠬᠤ ᠡᠷᠭᠡ ᠪᠤᠯᠤᠨ ᠬᠢᠨᠠᠯᠲᠠ ᠲᠠᠯᠪᠢᠬᠤ ᠡᠷᠭᠡ  ᠶᠢ ᠪᠠᠲᠤᠯᠠᠨ᠎ᠠ᠃ ︽ᠵᠢᠷᠭᠤᠳᠤᠭᠠᠷ ᠲᠠᠪᠤ︾᠎ ᠶᠢᠨ ᠬᠠᠤᠯᠢ ᠲᠦᠬᠡᠮᠡᠯᠵᠢᠬᠦᠯᠬᠦ ᠬᠦᠮᠦᠵᠢᠯ  ᠢ ᠢᠳᠡᠪᠬᠢᠲᠠᠢ ᠠᠬᠢᠭᠤᠯᠵᠤ᠂ ᠪᠦᠬᠦ ᠠᠷᠠᠳ  ᠤᠨ ᠬᠠᠤᠯᠢ ᠴᠠᠭᠠᠵᠠ  ᠶᠢᠨ ᠭᠡᠪ ᠴᠢᠨᠠᠷ  ᠢ ᠲᠡᠭᠡᠭᠰᠢᠯᠡᠬᠦᠯᠦᠨ᠎ᠡ᠃ ᠨᠠᠰᠣᠲᠠᠶᠢᠴᠣᠳ  ᠂ ᠬᠤᠶᠢᠴᠢ ᠦᠶ᠎ᠡ  ᠪᠠᠨ ᠬᠠᠯᠠᠮᠵᠢᠯᠠᠬᠤ᠂ ᠤᠯᠠᠭᠠᠨ ᠵᠠᠭᠠᠯᠮᠠᠶᠢᠲᠠᠨ ᠪᠠ ᠨᠡᠶᠢᠬᠡᠮ ᠤᠨ ᠨᠢᠬᠦᠯᠡᠰᠦᠩᠬᠦᠢ ᠦᠢᠯᠡᠰ  ᠢ ᠶᠡᠬᠡᠪᠡᠷ ᠬᠦᠭᠵᠢᠬᠦᠯᠵᠤ᠂ ᠬᠦᠮᠦᠨ ᠠᠮᠠ ᠬᠢᠬᠡᠳ ᠲᠦᠯᠦᠪᠯᠡᠬᠡᠲᠠᠢ  ᠪᠠᠷ ᠬᠡᠤᠭᠡᠳ ᠠᠪᠬᠤ᠂ ᠡᠮᠡᠭᠳᠡᠶᠢᠴᠣᠳ ᠪᠠᠭᠠᠴᠣᠳ᠂ ᠲᠤᠭ᠎ᠠ ᠪᠦᠷᠢᠳᠭᠡᠯ᠂ ᠲᠠᠩᠰᠠ ᠡᠪᠭᠡᠮᠡᠯ᠂ ᠭᠠᠳᠠᠭᠠᠲᠤ ᠶᠠᠪᠤᠳᠠᠯ᠂ ᠴᠠᠭ ᠠᠭᠤᠷ᠂  ᠭᠠᠵᠠᠷ ᠬᠦᠳᠡᠯᠦᠯᠲᠡ  ᠠᠴᠠ ᠰᠡᠷᠭᠡᠶᠢᠯᠡᠵᠤ ᠭᠠᠮᠰᠢᠭ  ᠢ ᠪᠠᠭᠠᠰᠬᠠᠬᠤ ᠵᠡᠷᠭᠡ ᠠᠵᠢᠯ  ᠢ ᠴᠢᠨᠠᠭᠰᠢᠲᠠ ᠰᠠᠶᠢᠲᠤᠷ ᠬᠢᠨ᠎ᠡ᠃          ᠲᠦᠷᠪᠡ᠂ ᠵᠠᠰᠠᠭ  ᠤᠨ ᠤᠷᠳᠤᠨ  ᠤ ᠲᠤᠰ ᠪᠡᠶ᠎ᠡ  ᠶᠢᠨ                    ᠪᠠᠶᠢᠭᠤᠯᠤᠯᠲᠠ  ᠶᠢ ᠦᠨᠡᠨᠬᠦ ᠴᠢᠩᠭᠠᠳᠬᠠᠨ᠎ᠠ      ᠴᠢᠨᠡᠬᠡᠯᠢᠭ ᠨᠡᠶᠢᠬᠡᠮ ᠢ ᠤᠷᠢᠳᠠᠪᠠᠷ ᠪᠦᠬᠦ ᠲᠠᠯ᠎ᠠ  ᠪᠠᠷ ᠪᠡᠶᠡᠯᠡᠬᠦᠯᠬᠦ ᠬᠠᠷᠠᠯᠲᠠ  ᠶᠢ ᠪᠡᠶᠡᠯᠡᠬᠦᠯᠵᠤ᠂ ᠪᠦᠲᠦᠴᠡ  ᠶᠢᠨ ᠭᠡᠯᠪᠡᠷᠢ  ᠶᠢ ᠬᠤᠪᠢᠷᠠᠭᠤᠯᠤᠨ  ᠲᠡᠰᠵᠢᠬᠦᠯᠬᠦ ᠪᠠ ᠠᠷᠠᠳ  ᠢᠶᠠᠨ ᠪᠠᠶᠠᠵᠢᠭᠤᠯᠤᠨ ᠬᠤᠲᠠ  ᠪᠠᠨ ᠬᠦᠴᠦᠷᠭᠡᠭᠵᠢᠬᠦᠯᠬᠦ ᠠᠬᠢᠴᠠ  ᠶᠢ ᠲᠦᠷᠭᠡᠳᠭᠡᠭᠦ  ᠳᠤ ᠪᠦᠬᠦ ᠬᠤᠲᠠ ᠶᠢᠨ ᠡᠯ᠎ᠡ ᠱᠠᠲᠤᠨ  ᠤ ᠵᠠᠰᠠᠭ ᠎ ᠤᠨ ᠤᠷᠳᠤᠨ  ᠳᠤ ᠲᠤᠯᠭᠠᠷᠠᠵᠤ ᠪᠠᠶᠢᠭ᠎ᠠ ᠡᠬᠦᠷᠭᠡ ᠲᠦᠢᠯ  ᠤᠨ ᠪᠡᠷᠭᠡᠰᠢᠶᠡᠯ ᠲᠠᠢ᠂ ᠡᠬᠦᠷᠭᠡᠯᠡᠵᠤ ᠪᠠᠶᠢᠭ᠎ᠠ ᠬᠠᠷᠢᠭᠤᠴᠠᠯᠭ᠎ᠠ ᠲᠦᠢᠯ  ᠤᠨ ᠬᠦᠨᠲᠦ ᠪᠠᠶᠢᠨ᠎ᠠ᠃ ᠡᠶᠢᠮᠦ ᠠᠴᠠ ᠪᠢᠳᠡ ᠡᠷᠭᠡᠪᠰᠢ ᠲᠤᠰ ᠪᠡᠶ᠎ᠡ  ᠶᠢᠨ ᠪᠠᠶᠢᠭᠤᠯᠤᠯᠲᠠ  ᠪᠠᠨ ᠴᠢᠩᠭᠠᠳᠬᠠᠵᠤ᠂ ᠠᠵᠢᠯ  ᠤᠨ ᠦᠷ᠎ᠡ ᠠᠰᠢᠭ ᠪᠠ ᠬᠢᠷᠢ ᠲᠦᠪᠰᠢᠨ  ᠢᠶᠠᠨ ᠲᠡᠭᠡᠭᠰᠢᠯᠡᠬᠦᠯᠵᠤ᠂  ᠪᠦᠬᠦ ᠬᠤᠲᠠ  ᠶᠢᠨ ᠠᠵᠤ ᠠᠬᠤᠢ ᠨᠡᠶᠢᠬᠡᠮ  ᠤᠨ ᠬᠦᠭᠵᠢᠯᠲᠡ  ᠶᠢᠨ ᠶᠡᠭᠡ ᠪᠠᠶᠢᠳᠠᠯ  ᠳᠤ ᠨᠡᠩ ᠰᠠᠶᠢᠨ ᠦᠢᠯᠡᠴᠢᠯᠡᠵᠤ᠂ ᠠᠷᠠᠳ ᠲᠦᠮᠡᠨ ᠳᠤ ᠦᠢᠯᠡᠴᠢᠯᠡᠨ᠎ᠡ᠃      ᠨᠢᠭᠡ  ᠳᠤ ᠠᠵᠢᠯ  ᠢᠶᠠᠨ ᠪᠦᠲᠦᠬᠡᠯᠴᠢ ᠴᠢᠨᠠᠷ ᠲᠠᠢ  ᠪᠠᠷ ᠦᠷᠨᠢᠬᠦᠯᠦᠨ᠎ᠡ᠃ ᠤᠯᠤᠰ ᠤᠨ ᠲᠤᠳᠤᠭᠠᠲᠤ ᠭᠠᠳᠠᠭᠠᠲᠤ  ᠶᠢᠨ ᠠᠵᠤ ᠠᠬᠤᠢ  ᠶᠢᠨ ᠬᠦᠭᠵᠢᠯᠲᠡ ᠎ ᠶᠢᠨ ᠪᠠᠶᠢᠳᠠᠯ  ᠢ ᠨᠢᠮᠪᠠᠢ ᠠᠵᠢᠭᠯᠠᠵᠤ᠂ ᠰᠢᠨ᠎ᠡ ᠴᠢᠮᠡᠭᠡ ᠵᠠᠩᠬᠢ᠂ ᠰᠢᠨ᠎ᠡ ᠠᠵᠠ ᠲᠤᠬᠢᠶᠠᠯ ᠢ ᠴᠠᠭ ᠲᠤᠬᠠᠢ ᠳᠤᠨᠢ ᠡᠵᠡᠮᠳᠡᠵᠤ᠂ ᠲᠠᠷᠤᠢ ᠳᠤᠨᠢ ᠵᠠᠳᠠᠯᠤᠨ ᠰᠤᠳᠣᠯᠵᠤ᠂ ᠬᠦᠭᠵᠢᠯᠲᠡ  ᠶᠢᠨ ᠰᠡᠳᠬᠢᠴᠡ ᠪᠠᠨ ᠲᠠᠰᠣᠷᠠᠯᠲᠠ ᠦᠬᠡᠢ ᠲᠡᠭᠦᠯᠳᠡᠷᠵᠢᠬᠦᠯᠦᠨ ᠰᠢᠨᠡᠳᠭᠡᠵᠤ᠂ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠡ  ᠶᠢᠨ ᠵᠦᠩᠨᠡᠯᠲᠡ ᠶᠢᠨ ᠴᠢᠨᠠᠷ᠂ ᠴᠢᠭᠯᠡᠬᠦᠯᠦᠯᠲᠦ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠵᠤ᠂ ᠵᠠᠰᠠᠭ  ᠤᠨ ᠤᠷᠳᠤᠨ ᠤ ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ ᠶᠢ ᠠᠬᠢᠭᠤᠯᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠦᠬᠡᠷᠡᠴᠢᠯᠡᠯᠲᠡ ᠬᠢᠵᠤ ᠰᠢᠨ᠎ᠡ  ᠶᠢ ᠡᠬᠦᠳᠬᠦ ᠵᠤᠷᠢᠭ ᠰᠠᠨᠠᠭ᠎ᠠ ᠪᠠ ᠠᠷᠭ᠎ᠠ ᠮᠠᠶ᠋ᠢᠭ  ᠢᠶᠠᠷ ᠠᠵᠤ ᠠᠬᠤᠢ ᠨᠡᠶᠢᠬᠡᠮ  ᠤᠨ ᠬᠦᠭᠵᠢᠯᠲᠡ  ᠶᠢᠨ ᠲᠤᠮᠳᠠᠬᠢ ᠵᠠᠩᠬᠢᠯᠠᠭ᠎ᠠ  ᠶᠢᠨ ᠠᠰᠠᠭᠤᠳᠠᠯ ᠪᠠ ᠪᠠᠭᠤᠷᠠᠢ ᠭᠤᠭᠴᠤᠭ᠎ᠠ  ᠶᠢ ᠬᠦᠴᠦ ᠲᠠᠯᠪᠢᠨ ᠰᠢᠪᠲᠤᠯᠤᠨ᠎ᠠ᠃ ᠰᠢᠨ᠎ᠡ ᠮᠡᠷᠭᠡᠵᠢᠯ᠂ ᠰᠢᠨ᠎ᠡ ᠤᠨᠤᠯᠵᠢᠭᠤᠨ  ᠢᠶᠠᠷ ᠠᠵᠢᠯ  ᠢᠶᠠᠨ ᠠᠬᠢᠭᠤᠯᠬᠤ  ᠶᠢ ᠨᠡᠩ ᠢᠯᠡᠬᠦᠤ ᠴᠢᠬᠤᠯᠠᠴᠢᠯᠠᠵᠤ᠂ ᠢᠯᠠᠩᠭᠤᠶ᠎ᠠ ᠴᠢᠮᠡᠭᠡ ᠵᠠᠩᠬᠢᠴᠢᠯᠠᠯᠲᠠ  ᠪᠠᠷ ᠠᠵᠤ ᠦᠢᠯᠡᠳᠪᠦᠷᠢᠵᠢᠯᠲᠡ᠂ ᠬᠤᠲᠠ ᠪᠠᠯᠭᠠᠰᠣᠵᠢᠯᠲᠠ ᠪᠠ ᠲᠠᠷᠢᠶᠠᠯᠠᠩ ᠮᠠᠯ ᠠᠵᠤ ᠠᠬᠤᠢ  ᠶᠢᠨ ᠠᠵᠤ ᠦᠢᠯᠡᠰᠵᠢᠯᠲᠡ  ᠶᠢᠨ ᠬᠦᠭᠵᠢᠯᠲᠡ  ᠶᠢᠨ ᠬᠢᠷᠢ ᠲᠦᠪᠰᠢᠨ  ᠢ ᠲᠡᠭᠡᠭᠰᠢᠯᠡᠬᠦᠯᠵᠤ᠂ ᠨᠡᠩ ᠦᠨᠳᠦᠷ ᠲᠡᠰ ᠲᠠᠪᠬᠤᠷᠭᠠᠨ ᠲᠡᠭᠡᠷ᠎ᠡ ︽ᠭᠤᠷᠪᠠᠵᠢᠯᠲᠠ ᠶᠢ ᠬᠠᠷᠢᠯᠴᠠᠨ ᠠᠬᠢᠭᠤᠯᠬᠤ︾ ᠎ ᠶᠢ ᠪᠡᠶᠡᠯᠡᠬᠦᠯᠦᠨ᠎ᠡ᠃ ᠡᠯ᠎ᠡ ᠵᠦᠢᠯ  ᠤᠨ ᠠᠵᠢᠯ ᠎ ᠤᠨ ᠬᠤᠭᠤᠷᠤᠨᠳᠤᠬᠢ  ᠬᠦᠴᠦᠯᠡᠴᠡ  ᠶᠢᠨ ᠲᠤᠬᠢᠷᠠᠭᠤᠯᠤᠯᠲᠠ ᠪᠠ ᠡᠯ᠎ᠡ ᠭᠤᠭᠴᠤᠭᠠᠨ  ᠤ ᠬᠤᠭᠤᠷᠤᠨᠳᠤᠬᠢ ᠵᠤᠬᠢᠴᠠᠩᠭᠤᠢ ᠠᠵᠢᠯᠯᠠᠭ᠎ᠠ  ᠶᠢ ᠨᠢᠬᠡᠳᠦᠯᠲᠠᠢ ᠲᠦᠯᠦᠪᠵᠢᠬᠦᠯᠦᠨ ᠰᠠᠶᠢᠲᠤᠷ ᠰᠢᠢᠳᠪᠦᠷᠢᠯᠡᠵᠤ᠂ ᠶᠡᠭᠡ ᠶᠠᠪᠤᠳᠠᠯ  ᠢ ᠠᠳᠬᠤᠵᠤ᠂ ᠶᠡᠭᠡ ᠶᠠᠪᠤᠳᠠᠯ ᠢ ᠬᠢᠬᠦ ᠴᠢᠳᠠᠪᠤᠷᠢ ᠪᠠ ᠬᠢᠷᠢ ᠲᠦᠪᠰᠢᠨ ᠢ ᠦᠨᠡᠨᠬᠦ ᠲᠡᠭᠡᠭᠰᠢᠯᠡᠬᠦᠯᠦᠨ᠎ᠡ᠃      ᠬᠤᠶᠠᠷ  ᠲᠤ ᠬᠠᠤᠯᠢ ᠶᠤᠰᠤᠭᠠᠷ ᠵᠠᠰᠠᠭ ᠶᠠᠪᠤᠭᠤᠯᠬᠤ  ᠶᠢ ᠪᠠᠷᠢᠮᠲᠠᠯᠠᠨ᠎ᠠ᠃ ᠲᠦᠷᠢᠮ ᠢᠶᠠᠷ ᠡᠷᠭᠡ᠂ ᠤᠴᠢᠷ ᠪᠠ ᠬᠦᠮᠦᠨ  ᠢ ᠬᠠᠮᠢᠶᠠᠷᠴᠤ᠂ ᠡᠬᠢ ᠪᠠᠶᠠᠯᠢᠭ ᠂ ᠪᠡᠯᠡ ᠮᠦᠩᠬᠦ᠂ ᠲᠦᠷᠦᠯ ᠵᠦᠢᠯ᠂ ᠭᠠᠵᠠᠷ ᠰᠢᠷᠤᠢ᠂ ᠠᠵᠢᠯᠲᠠᠨ ᠤ ᠶᠠᠪᠤᠳᠠᠯ ᠵᠡᠷᠭᠡ ᠬᠦᠷᠢᠶ᠎ᠡ ᠬᠡᠪᠴᠢᠶᠡᠨ  ᠤ ᠬᠠᠮᠢᠶᠠᠷᠤᠯᠲᠠ ᠶᠢᠨ ᠰᠢᠨ᠎ᠡ  ᠶᠢ ᠡᠬᠦᠳᠬᠦ  ᠶᠢ ᠲᠤᠪᠤᠶᠢᠯᠭᠠᠨ ᠠᠳᠬᠤᠵᠤ᠂ ᠡᠷᠭᠡ  ᠶᠢ ᠢᠯᠡ ᠲᠤᠳᠤ ᠪᠠᠷ ᠭᠡᠷᠡᠭᠵᠢᠬᠦᠯᠬᠦ  ᠶᠢ ᠦᠨᠡᠨᠬᠦ ᠪᠡᠶᠡᠯᠡᠬᠦᠯᠦᠨ᠎ᠡ᠃ ᠵᠠᠰᠠᠭ ᠵᠠᠬᠢᠷᠭᠠᠨ  ᠤ ᠰᠢᠢᠳᠪᠦᠷᠢᠲᠦ ᠪᠤᠳᠤᠯᠭ᠎ᠠ ᠲᠤᠭᠳᠠᠭᠠᠬᠤ ᠲᠡᠰ ᠲᠠᠷᠠᠭᠠᠯᠠᠯ  ᠢ ᠴᠢᠩᠳᠠᠯᠠᠵᠤ᠂ ᠴᠢᠬᠤᠯᠠ ᠶᠡᠭᠡ ᠶᠠᠪᠤᠳᠠᠯ  ᠳᠤ ᠡᠷᠭᠡᠪᠰᠢ ᠤᠯᠠᠨ ᠲᠦᠮᠡᠨ ᠢ ᠤᠷᠤᠯᠴᠠᠭᠤᠯᠬᠤ᠂ ᠲᠤᠰᠬᠠᠢ ᠮᠡᠷᠭᠡᠵᠢᠯᠲᠡᠳ  ᠢᠶᠠᠷ ᠨᠤᠲᠠᠯᠠᠯᠲᠠ ᠬᠢᠯᠬᠡᠬᠦ᠂ ᠬᠠᠤᠯᠢ ᠶᠤᠰᠤᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠪᠠ ᠬᠠᠮᠲᠤᠪᠠᠷ ᠰᠢᠢᠳᠪᠦᠷᠢᠲᠦ ᠪᠤᠳᠤᠯᠭ᠎ᠠ ᠲᠤᠭᠳᠠᠭᠠᠬᠤ  ᠶᠢ ᠪᠠᠷᠢᠮᠲᠠᠯᠠᠵᠤ᠂ ᠰᠢᠢᠳᠪᠦᠷᠢᠲᠦ ᠪᠤᠳᠤᠯᠭ᠎ᠠ ᠲᠤᠭᠳᠠᠭᠠᠬᠤ ᠬᠢᠷᠢ ᠲᠦᠪᠰᠢᠨ  ᠢᠶᠠᠨ ᠲᠡᠭᠡᠭᠰᠢᠯᠡᠬᠦᠯᠦᠨ᠎ᠡ᠃ ᠠᠷᠠᠳᠴᠢᠯᠠᠯ  ᠂ ᠰᠢᠨᠵᠢᠯᠡᠬᠦ ᠤᠬᠠᠭᠠᠨᠴᠢ  ᠪᠠᠷ ᠰᠢᠢᠳᠪᠦᠷᠢᠲᠦ ᠪᠤᠳᠤᠯᠭ᠎ᠠ ᠲᠤᠭᠳᠠᠭᠠᠬᠤ ᠬᠢᠷᠢ ᠲᠦᠪᠰᠢᠨ  ᠢ ᠴᠢᠨᠠᠭᠰᠢᠲᠠ ᠲᠡᠭᠡᠭᠰᠢᠯᠡᠬᠦᠯᠦᠨ᠎ᠡ᠃ ᠵᠠᠰᠠᠭ ᠵᠠᠬᠢᠷᠭᠠᠨ  ᠤ ᠬᠠᠤᠯᠢ ᠭᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ᠂ ᠵᠦᠪᠯᠡᠨ ᠲᠤᠭᠳᠠᠭᠠᠵᠤ ᠬᠢᠨᠠᠨ ᠰᠢᠯᠭᠠᠬᠤ ᠲᠦᠷᠢᠮ ᠪᠠ ᠠᠯᠳᠠᠭ᠎ᠠ ᠪᠤᠷᠤᠭᠤ ᠭᠠᠷᠭᠠᠪᠠᠯ ᠬᠠᠷᠢᠭᠤᠴᠠᠯᠭ᠎ᠠ ᠨᠡᠬᠡᠮᠵᠢᠯᠡᠬᠦ ᠲᠦᠷᠢᠮ  ᠢ ᠴᠢᠩᠭᠠᠳᠬᠠᠵᠤ᠂ ᠬᠠᠤᠯᠢ ᠭᠡᠷᠡᠭᠵᠢᠬᠦᠯᠬᠦ ᠬᠢᠷᠢ ᠲᠦᠪᠰᠢᠨ  ᠢ ᠲᠡᠭᠡᠭᠰᠢᠯᠡᠬᠦᠯᠦᠨ᠎ᠡ᠃ ᠵᠠᠰᠠᠭ  ᠤᠨ ᠶᠠᠪᠤᠳᠠᠯ  ᠢ ᠢᠯᠡ ᠪᠤᠯᠭᠠᠬᠤ  ᠶᠢ ᠴᠢᠩᠭᠠᠳᠬᠠᠵᠤ᠂ ᠡᠳ᠋  ᠤᠨ ᠵᠠᠰᠠᠭ  ᠤᠨ ᠲᠦᠰᠦᠪ᠂ ᠤᠯᠠᠨ ᠨᠡᠶᠢᠲᠡ ᠎ ᠶᠢᠨ ᠡᠬᠢ ᠪᠠᠶᠠᠯᠢᠭ ᠢ ᠠᠷᠠᠯᠵᠢᠶᠠᠯᠠᠬᠤ᠂ ᠨᠡᠶᠢᠬᠡᠮ  ᠤᠨ ᠠᠰᠠᠷᠠᠮᠵᠢ  ᠶᠢᠨ ᠦᠢᠯᠡᠰ  ᠤᠨ ᠪᠠᠶᠢᠭᠤᠯᠤᠯᠲᠠ ᠵᠡᠷᠭᠡ ᠭᠡᠪᠴᠢᠶᠡᠨ ᠤ ᠴᠢᠮᠡᠭᠡ ᠵᠠᠩᠬᠢ  ᠶᠢ ᠢᠯᠡ  ᠪᠠᠷ ᠨᠡᠶᠢᠲᠡᠯᠡᠬᠦ ᠠᠵᠢᠯ  ᠢ ᠠᠬᠢᠭᠤᠯᠵᠤ᠂ ᠵᠠᠰᠠᠭ ᠤᠨ ᠤᠷᠳᠤᠨ  ᠤ ᠠᠵᠢᠯ  ᠤᠨ ᠨᠡᠪᠳᠡᠴᠡ  ᠶᠢᠨ ᠬᠡᠮᠵᠢᠶ᠎ᠡ ᠪᠠ ᠤᠯᠠᠨ  ᠳᠤ ᠢᠳᠡᠬᠡᠬᠦᠯᠬᠦ ᠬᠦᠴᠦᠨ ᠢ ᠦᠨᠡᠨᠬᠦ ᠴᠢᠩᠭᠠᠳᠬᠠᠨ᠎ᠠ᠃      ᠭᠤᠷᠪᠠ  ᠳᠤ ᠦᠢᠯᠡᠴᠢᠯᠡᠬᠡᠨ  ᠤ ᠬᠢᠷᠢ ᠲᠦᠪᠰᠢᠨ  ᠢ ᠲᠡᠭᠡᠭᠰᠢᠯᠡᠬᠦᠯᠦᠨ᠎ᠡ᠃ ᠵᠠᠰᠠᠭ ᠵᠠᠬᠢᠷᠭᠠᠨ  ᠤ ᠬᠢᠨᠠᠨ ᠵᠦᠪᠰᠢᠶᠡᠷᠡᠬᠦ ᠵᠦᠢᠯᠡᠰ ᠪᠤᠯᠤᠨ ᠵᠠᠰᠠᠭ ᠵᠠᠬᠢᠷᠭ᠎ᠠ ᠠᠵᠢᠯ ᠦᠢᠯᠡᠰ  ᠤᠨ ᠴᠢᠨᠠᠷᠲᠠᠢ ᠰᠦᠢᠳᠭᠡᠯ ᠬᠤᠷᠢᠶᠠᠬᠤ ᠲᠦᠷᠦᠯ ᠵᠦᠢᠯ ᠢ ᠤᠯᠠᠮ ᠨᠢᠬᠡ ᠠᠯᠬᠤᠮ ᠴᠡᠭᠴᠡᠯᠡᠨ ᠴᠡᠪᠡᠷᠯᠡᠨ᠎ᠡ᠃ ᠡᠨᠡ ᠵᠢᠯ ᠬᠤᠲᠠ  ᠶᠢᠨ ᠱᠠᠲᠤᠨ ᠤ ᠡᠷᠭᠡ  ᠶᠢᠨ ᠬᠢᠵᠠᠭᠠᠷ ᠲᠠᠬᠢ ᠬᠢᠨᠠᠨ ᠵᠦᠪᠰᠢᠶᠡᠷᠡᠬᠦ ᠵᠦᠢᠯᠡᠰ ᠪᠠ ᠰᠦᠢᠳᠭᠡᠯ ᠬᠤᠷᠢᠶᠠᠬᠤ ᠲᠦᠷᠦᠯ ᠵᠦᠢᠯ ᠢ ᠦᠷᠬᠦᠯᠵᠢᠯᠡᠨ ᠴᠦᠬᠡᠳᠭᠡᠨ᠎ᠡ᠃ ᠲᠦᠷᠦᠬᠦᠯᠡᠨ ᠠᠰᠠᠭᠤᠨ ᠬᠠᠷᠢᠭᠤᠴᠠᠬᠤ ᠲᠦᠷᠢᠮ᠂ ᠦᠢᠯᠡᠴᠢᠯᠡᠬᠡᠨ ᠤ ᠠᠮᠠᠯᠠᠯᠲᠠ ᠶᠢᠨ ᠲᠦᠷᠢᠮ᠂ ᠲᠤᠭᠳᠠᠭᠰᠠᠨ ᠴᠠᠭ ᠬᠤᠭᠤᠴᠠᠭᠠᠨ  ᠳᠤ ᠰᠢᠢᠳᠪᠦᠷᠢᠯᠡᠨ ᠲᠠᠰᠣᠯᠬᠤ ᠲᠦᠷᠢᠮ᠂ ᠤᠷᠤᠯᠠᠨ ᠬᠦᠢᠴᠡᠳᠭᠡᠭᠦ ᠲᠦᠷᠢᠮ  ᠢ ᠴᠢᠩᠭᠠᠳᠬᠠᠵᠤ᠂ ᠴᠢᠬᠤᠯᠠ ᠲᠦᠷᠦᠯ ᠵᠦᠢᠯ  ᠢ ᠬᠢᠨᠠᠨ ᠵᠦᠪᠰᠢᠶᠡᠷᠡᠬᠦ  ᠶᠢ ᠲᠦᠷᠭᠡᠳᠭᠡᠨ᠎ᠡ᠃ ᠡᠯᠧᠺᠲᠷᠤᠨ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠲᠡᠭᠡᠷ᠎ᠡ ᠬᠢᠨᠠᠨ ᠵᠦᠪᠰᠢᠶᠡᠷᠡᠬᠦ ᠦᠢᠯᠡᠴᠢᠯᠡᠭᠡ ᠶᠢ ᠦᠷᠭᠡᠳᠭᠡᠨ᠂ ᠰᠦᠯᠵᠢᠶᠡᠨ ᠲᠡᠭᠡᠷ᠎ᠡ ᠦᠢᠯᠡᠴᠢᠯᠡᠬᠦ ᠬᠢᠷᠢ ᠲᠦᠪᠰᠢᠨ ᠪᠠ ᠦᠷ᠎ᠡ ᠠᠰᠢᠭ ᠢ ᠲᠡᠭᠡᠭᠰᠢᠯᠡᠬᠦᠯᠦᠨ᠎ᠡ᠃ ᠬᠤᠲᠠ ᠶᠢᠨ ᠶᠠᠪᠤᠳᠠᠯ ᠤᠨ ᠦᠢᠯᠡᠴᠢᠯᠡᠭᠡᠨ  ᠤ ᠲᠦᠪ  ᠤᠨ ᠴᠢᠳᠠᠪᠬᠢ ᠦᠢᠯᠡᠳᠦᠯ  ᠢ ᠲᠡᠬᠦᠯᠳᠡᠷᠵᠢᠬᠦᠯᠵᠤ᠂ ᠠᠵᠢᠯ ᠤᠨ ᠲᠡᠰ ᠲᠠᠷᠠᠭᠠᠯᠠᠯ  ᠢ ᠰᠢᠯᠢᠳᠡᠭᠵᠢᠬᠦᠯᠦᠨ᠂ ᠦᠨᠳᠦᠰᠦᠨ ᠱᠠᠲᠤ ᠪᠠ ᠤᠯᠠᠨ ᠲᠦᠮᠡᠨ  ᠳᠤ ᠬᠠᠨᠳᠤᠭᠤᠯᠤᠭᠰᠠᠨ ᠦᠨᠳᠦᠷ ᠪᠦᠲᠦᠮᠵᠢᠲᠠᠢ ᠲᠦᠬᠦᠮ ᠲᠦᠳᠡ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ  ᠶᠢ ᠪᠠᠶᠢᠭᠤᠯᠵᠤ᠂ ᠲᠦᠷᠦᠯ ᠵᠦᠢᠯ  ᠤᠨ ᠦᠮᠴᠢᠲᠡᠨ ᠪᠤᠯᠤᠨ ᠤᠯᠠᠨ ᠲᠦᠮᠡᠨ  ᠤ ᠠᠵᠢᠯ ᠡᠷᠬᠢᠯᠡᠬᠦ  ᠳᠤ ᠲᠦᠬᠦᠮ ᠦᠵᠡᠬᠦᠯᠦᠨ᠎ᠡ᠃      ᠲᠦᠷᠪᠡ  ᠳᠤ ᠠᠵᠢᠯ  ᠤᠨ ᠰᠣᠷᠳᠠᠯ  ᠢᠶᠠᠨ ᠦᠨᠡᠨᠬᠦ ᠬᠤᠪᠢᠷᠠᠭᠤᠯᠤᠨ᠎ᠠ᠃ ᠬᠤᠷᠠᠯ᠂ ᠪᠢᠴᠢᠭ ᠮᠠᠲ᠋ᠧᠷᠢᠶᠠᠯ  ᠢ ᠶᠡᠬᠡᠪᠡᠷ ᠴᠤᠮᠬᠠᠳᠬᠠᠵᠤ᠂ ᠨᠡᠩ ᠠᠷᠪᠢᠨ ᠴᠠᠭ ᠪᠤᠯᠤᠨ ᠬᠦᠴᠦᠨ  ᠢᠶᠠᠨ ᠶᠡᠭᠡ ᠶᠠᠪᠤᠳᠠᠯ ᠢ ᠠᠳᠬᠤᠬᠤ᠂  ᠲᠦᠷᠦᠯ ᠵᠦᠢᠯ  ᠪᠠ ᠪᠠᠶᠢᠴᠠᠭᠠᠨ ᠰᠣᠳᠣᠯᠣᠯᠲᠠ  ᠶᠢ ᠠᠳᠬᠤᠬᠤ ᠲᠡᠭᠡᠷ᠎ᠡ ᠲᠠᠯᠪᠢᠵᠤ᠂ ᠪᠤᠲᠠᠲᠠᠢ ᠠᠰᠠᠭᠤᠳᠠᠯ  ᠢ ᠰᠢᠢᠳᠪᠦᠷᠢᠯᠡᠨ᠎ᠡ᠃ ᠤᠬᠤᠷ ᠬᠤᠭᠤᠴᠠᠭᠠᠨ ᠤ ᠠᠵᠢᠯᠯᠠᠭ᠎ᠠ  ᠶᠢ ᠬᠢᠬᠦ ᠦᠬᠡᠢ᠂  ᠦᠩᠬᠡᠨ ᠲᠠᠯ᠎ᠠ  ᠶᠢᠨ ᠠᠵᠢᠯ ᠬᠢᠬᠦ ᠦᠬᠡᠢ ᠪᠠᠶᠢᠵᠤ᠂ ᠯᠠᠪᠳᠠᠭᠤᠨ ᠪᠠᠲᠤᠲᠠᠢ ᠰᠢᠷᠭᠠᠭᠤ ᠠᠵᠢᠯᠯᠠᠨ᠎ᠠ᠃ ᠨᠡᠩ ᠴᠢᠩᠭ᠎ᠠ ᠵᠠᠰᠠᠭ ᠵᠠᠬᠢᠷᠭᠠᠨ  ᠤ ᠦᠢᠯᠡᠳᠦᠯ ᠴᠢᠳᠠᠪᠤᠷᠢ ᠶᠢ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠭᠡᠷᠡᠭᠵᠢᠬᠦᠯᠵᠤ᠂ ᠵᠠᠷᠯᠢᠭ ᠪᠠᠶᠢᠪᠠᠴᠤ ᠭᠡᠷᠡᠭᠵᠢᠬᠦᠯᠬᠦ ᠦᠬᠡᠢ᠂ ᠴᠠᠭᠠᠵᠠᠯᠠᠭᠰᠠᠨ ᠴᠣ᠋ ᠴᠠᠭᠠᠵᠠᠯᠠᠵᠤ ᠲᠡᠶᠢᠯᠬᠦ ᠦᠬᠡᠢ ᠦᠵᠡᠭᠳᠡᠯ ᠪᠠ ᠠᠵᠢᠯᠯᠠᠭ᠎ᠠ ᠠᠪᠬᠤ ᠦᠬᠡᠢ᠂ ᠠᠵᠢᠯᠯᠠᠭ᠎ᠠ ᠠᠪᠬᠤ ᠨᠢ ᠤᠳᠠᠭᠠᠨ ᠪᠠᠶᠢᠬᠤ ᠪᠤᠶᠤ ᠲᠤᠷ᠎ᠠ  ᠪᠠᠷ ᠠᠵᠢᠯᠯᠠᠭ᠎ᠠ ᠠᠪᠬᠤ ᠵᠡᠷᠭᠡ ᠠᠰᠠᠭᠤᠳᠠᠯ  ᠢ ᠵᠤᠷᠢᠭ ᠰᠢᠭᠤᠳᠤᠨ ᠰᠢᠢᠳᠪᠦᠷᠢᠯᠡᠵᠤ᠂ ᠬᠦᠩᠬᠡᠨ ᠬᠠᠭᠤᠳᠠᠮ  ᠢ ᠵᠠᠰᠠᠵᠤ᠂ ᠪᠤᠯᠬᠢ  ᠶᠢ ᠵᠠᠰᠠᠵᠤ᠂ ᠠᠯᠵᠠᠭᠤ  ᠶᠢ ᠵᠠᠰᠠᠵᠤ᠂ ᠬᠡᠬᠡᠯᠢ ᠬᠠᠭ᠋ᠤᠯᠢ ᠢᠳᠡᠬᠦ  ᠶᠢ ᠵᠠᠰᠠᠵᠤ᠂ ᠠᠵᠢᠯ  ᠤᠨ ᠰᠣᠷᠳᠠᠯ ᠢᠶᠠᠨ ᠦᠨᠡᠨᠬᠦ ᠬᠤᠪᠢᠷᠠᠭᠤᠯᠤᠨ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ  ᠶᠢ ᠲᠡᠭᠡᠭᠰᠢᠯᠡᠬᠦᠯᠵᠤ᠂ ᠭᠡᠪ ᠰᠣᠷᠳᠠᠯ  ᠤᠨ ᠪᠠᠶᠢᠭᠤᠯᠤᠯᠲᠠ  ᠶᠢᠨ ᠰᠢᠨ᠎ᠡ ᠦᠷ᠎ᠡ ᠪᠦᠲᠦᠮᠵᠢ  ᠪᠠᠷ ᠠᠵᠤ ᠠᠬᠤᠢ ᠨᠡᠶᠢᠬᠡᠮ  ᠤᠨ ᠰᠠᠶᠢᠨ ᠮᠦᠷᠳᠡᠭᠡᠨ ᠲᠦᠷᠭᠡᠨ ᠬᠦᠭᠵᠢᠯᠲᠡ ᠶᠢ ᠠᠬᠢᠭᠤᠯᠤᠨ᠎ᠠ᠃      ᠲᠠᠪᠤ  ᠳᠤ ᠴᠢᠬᠡᠴᠢ ᠵᠠᠰᠠᠭ  ᠤᠨ ᠪᠠᠶᠢᠭᠤᠯᠤᠯᠲᠠ  ᠶᠢ ᠴᠢᠩᠭᠠᠳᠬᠠᠨ᠎ᠠ᠃ ᠨᠠᠮ  ᠤᠨ ᠰᠣᠷᠳᠠᠯ ᠴᠢᠬᠡᠴᠢ ᠵᠠᠰᠠᠭ  ᠤᠨ ᠪᠠᠶᠢᠭᠤᠯᠤᠯᠲᠠ  ᠶᠢᠨ ᠬᠠᠷᠢᠭᠤᠴᠠᠯᠭ᠎ᠠ ᠎ ᠶᠢᠨ ᠲᠦᠷᠢᠮ  ᠢ ᠬᠢᠨᠠᠮᠠᠭᠠᠢ ᠨᠠᠶᠢᠲᠠᠪᠤᠷᠢᠵᠢᠭᠤᠯᠵᠤ᠂ ᠵᠠᠯᠬᠠᠭᠠᠨ ᠰᠢᠳᠭᠡᠵᠤ ᠤᠷᠢᠳᠴᠢᠯᠠᠨ ᠰᠡᠷᠬᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠭᠤᠤᠯᠳᠠᠯᠭ᠎ᠠ ᠲᠠᠢ ᠭᠡᠪᠴᠢᠶᠡᠨ ᠳᠠᠬᠢ ᠬᠢᠨᠠᠨ ᠪᠤᠳᠤᠵᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ  ᠤ ᠬᠢᠨᠠᠨ ᠪᠠᠶᠢᠴᠠᠭᠠᠯᠲᠠ  ᠶᠢ ᠴᠢᠩᠭᠠᠳᠬᠠᠵᠤ᠂ ᠨᠢᠬᠡᠳᠦᠯᠲᠠᠢ ᠲᠠᠭᠠᠭᠠᠴᠢᠯᠠᠯᠲᠠ ᠵᠠᠷᠯᠠᠵᠤ ᠲᠠᠭᠠᠭᠠᠴᠢᠯᠠᠯᠲᠠ ᠬᠦᠯᠢᠶᠡᠬᠦ ᠲᠠᠪᠴᠠᠩ ᠪᠠ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ  ᠤ ᠲᠦᠪ  ᠢ ᠪᠠᠶᠢᠭᠤᠯᠵᠤ᠂ ᠪᠠᠷᠢᠯᠭ᠎ᠠ ᠶᠢᠨ ᠪᠦᠲᠦᠬᠡᠨ ᠪᠠᠶᠢᠭᠤᠯᠤᠯᠲᠠ᠂ ᠭᠠᠵᠠᠷ ᠰᠢᠷᠤᠢ  ᠶᠢᠨ ᠭᠡᠷᠡᠭᠯᠡᠯᠲᠡ  ᠶᠢᠨ ᠡᠷᠭᠡ  ᠶᠢ ᠰᠢᠯᠵᠢᠬᠦᠯᠦᠨ ᠦᠭᠬᠦ᠂ ᠠᠭᠤᠷᠬᠠᠢ  ᠶᠢᠨ ᠡᠬᠢ ᠪᠠᠶᠠᠯᠢᠭ  ᠢ ᠲᠤᠬᠢᠷᠠᠭᠤᠯᠬᠤ ᠵᠡᠷᠭᠡ ᠭᠡᠪᠴᠢᠶᠡᠨ  ᠤ ᠵᠠᠰᠠᠭ ᠵᠠᠬᠢᠷᠭᠠᠨ  ᠤ ᠠᠵᠢᠯᠯᠠᠭ᠎ᠠ  ᠶᠢ ᠴᠢᠨᠠᠭᠰᠢᠲᠠ ᠲᠦᠷᠢᠮᠵᠢᠬᠦᠯᠦᠨ᠎ᠡ᠃ ︽ᠴᠢᠬᠡᠴᠢ ᠵᠠᠰᠠᠭ  ᠤᠨ ᠲᠦᠷᠢᠮ︾᠎ ᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠡᠳᠦᠷ ᠲᠤᠳᠤᠮ  ᠤᠨ ᠬᠢᠨᠠᠯᠲᠠ ᠬᠠᠮᠢᠶᠠᠷᠤᠯᠲᠠ  ᠶᠢ ᠴᠢᠩᠭᠠᠳᠬᠠᠨ᠂ ︽ᠵᠤᠭᠤᠰᠤᠨ ᠬᠦᠮᠦᠷᠭᠡ︾ ᠭᠠᠷᠭᠠᠬᠤ ᠵᠡᠷᠭᠡ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ  ᠶᠢ ᠬᠦᠨᠵᠡᠬᠡᠢ ᠦᠷᠨᠢᠬᠦᠯᠵᠤ᠂ ᠰᠠᠶᠢᠲᠤᠷ ᠭᠠᠮᠨᠠᠨ ᠠᠷᠪᠢᠯᠠᠵᠤ᠂ ᠡᠩ  ᠤᠨ ᠴᠢᠨᠠᠷᠲᠠᠢ ᠵᠠᠷᠤᠯᠭ᠎ᠠ  ᠶᠢ ᠴᠢᠩᠭ᠎ᠠ ᠬᠢᠵᠠᠭᠠᠷᠯᠠᠨ᠂ ᠬᠢᠵᠠᠭᠠᠷ ᠲᠠᠢ ᠪᠡᠯᠡ ᠮᠦᠩᠬᠦ  ᠪᠠᠨ ᠠᠵᠤ ᠠᠬᠤᠢ  ᠶᠢ ᠬᠦᠭᠵᠢᠬᠦᠯᠬᠦ ᠪᠠ ᠠᠷᠠᠳ  ᠤᠨ ᠠᠮᠢᠲᠤᠷᠠᠯ  ᠢ ᠰᠠᠶᠢᠵᠢᠷᠠᠭᠤᠯᠬᠤ ᠲᠡᠭᠡᠷ᠎ᠡ ᠵᠠᠷᠤᠴᠠᠭᠤᠯᠵᠤ᠂ ᠠᠷᠢᠭᠤᠨ ᠴᠢᠬᠡᠴᠢ ᠬᠡᠪ ᠰᠣᠷᠳᠠᠯ ᠲᠠᠢ ᠰᠠᠶᠢᠨ ᠰᠠᠶᠢᠬᠠᠨ ᠬᠦᠭᠵᠢᠯᠲᠡ ᠶᠢᠨ ᠤᠷᠴᠢᠨ ᠲᠤᠭᠤᠷᠢᠨ  ᠢ ᠪᠤᠢ ᠪᠤᠯᠭᠠᠨ᠎ᠠ᠃      ᠲᠦᠯᠦᠬᠡᠯᠡᠭᠴᠢᠳ ᠡ᠂ ᠰᠢᠨ᠎ᠡ ᠡᠬᠢᠯᠡᠯᠲᠡ ᠨᠢ ᠰᠢᠨ᠎ᠡ ᠲᠡᠤᠭᠡᠨ ᠠᠶᠠᠨ  ᠢ ᠨᠡᠭᠡᠭᠡᠵᠤ᠂ ᠴᠠᠭ ᠦᠶ᠎ᠡ  ᠶᠢᠨ ᠱᠠᠭᠠᠷᠳᠠᠯᠭ᠎ᠠ ᠪᠠ ᠠᠷᠠᠳ ᠤᠯᠠᠨ  ᠤ ᠬᠦᠰᠡᠯ ᠡᠷᠡᠮᠡᠯᠵᠡᠯ ᠪᠢᠳᠡᠨ  ᠤ ᠰᠢᠨᠲᠠᠷᠠᠰᠢ ᠦᠬᠡᠢ ᠮᠡᠷᠡᠶᠢᠨ ᠴᠢᠷᠮᠠᠶᠢᠬᠤ  ᠡᠷᠴᠢ ᠵᠤᠷᠢᠭ  ᠶᠢ ᠬᠦᠪᠴᠢᠯᠡᠭᠰᠡᠨ ᠪᠠᠶᠢᠨ᠎ᠠ᠃ ᠪᠢᠳᠡ ᠬᠤᠲᠠ  ᠶᠢᠨ ᠨᠠᠮ  ᠤᠨ ᠬᠤᠷᠢᠶᠠᠨ  ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠬᠤᠲᠠ ᠶᠢᠨ ᠦᠨᠳᠦᠰᠦᠲᠡᠨ ᠨᠦᠭᠦᠳ  ᠤᠨ ᠠᠷᠠᠳ ᠲᠦᠮᠡᠨ  ᠢ ᠲᠦᠰᠢᠭᠯᠡᠨ᠂ ᠦᠵᠡᠯ ᠰᠠᠨᠠᠭ᠎ᠠ  ᠪᠠᠨ ᠤᠯᠠᠮ ᠨᠢᠬᠡ ᠠᠯᠬᠤᠮ ᠴᠢᠯᠦᠬᠡᠯᠡᠵᠤ᠂ ᠦᠨᠡᠨᠬᠦ ᠠᠳᠬᠤᠵᠤ ᠰᠢᠷᠭᠠᠭᠤ ᠠᠵᠢᠯᠯᠠᠨ᠂ ︽12· 5︾ ᠵᠢᠯ ᠤᠨ ᠲᠦᠯᠦᠪᠵᠢᠬᠦᠯᠬᠡ  ᠶᠢᠨ ᠬᠤᠭᠤᠴᠠᠭᠠᠨ  ᠤ ᠰᠢᠨ᠎ᠡ ᠠᠮᠵᠢᠯᠲᠠ  ᠶᠢ ᠴᠢᠷᠮᠠᠶᠢᠨ ᠡᠬᠦᠳᠦᠶ᠎ᠡ︕
        ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ