| ᠡᠨᠡ ᠵᠢᠯ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠯᠢ ᠣᠯᠠᠨᠲ᠋ᠥ᠋ᠷᠥ ᠶᠢᠨ ᠪᠣᠳᠣᠯᠭ᠎ᠠ ᠠᠷᠭ᠎ᠠ ᠬᠡᠮᠵᠢᠶ᠎ᠡ | ᠨᠡᠶᠢᠲᠡᠯᠡᠵᠦ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠣᠷᠢᠯᠡᠵᠤ᠂ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ | ᠪᠠᠳᠣᠯᠠᠪᠠ᠃ | ᠠᠵᠢᠯ ᠠᠯᠳᠠᠯᠲᠠ ᠶᠢᠨ ᠨᠥᠬᠦᠪᠥᠷᠢ ᠮᠥᠩᠭᠦ᠂ ᠲᠦᠷ ᠴᠠᠭ ᠤᠨ ᠠᠮᠢᠳᠤᠷᠠᠯ ᠤᠨ ᠨᠥᠬᠦᠪᠥᠷᠢ᠂ ᠠᠵᠢᠯ ᠦᠯᠡᠳᠡᠭᠡᠬᠦ ᠪᠣᠯᠪᠠᠰᠤᠷᠠᠯ ᠦᠨᠨᠢᠭᠡ ᠯᠡ ᠤᠳᠠᠭ᠎ᠠ ᠶᠢᠨ | ᠴᠢᠨᠠᠷᠲᠠᠶ ᠨᠥᠬᠦᠪᠥᠷᠢ᠂ ᠠᠵᠢᠯ ᠤᠨ ᠪᠠᠶᠢᠷᠢ ᠶᠢ ᠥᠷᠭᠡᠳᠬᠡᠬᠦ ᠨᠢᠭᠡ ᠯᠡ ᠤᠳᠠᠭ᠎ᠠ ᠵᠢᠨᠴᠢᠨᠠᠷᠲᠠᠶ ᠨᠥᠬᠦᠪᠥᠷᠢ ᠵᠡᠷᠭᠡ ᠡᠲᠡᠭᠡᠷ ᠵᠣᠭᠤᠰ ᠢ ᠲᠠ ᠪᠦᠷ ᠬᠦᠷᠲᠡᠭᠰᠡᠨ ᠦᠦ︖ | | 1᠂ ᠦᠯᠡᠳᠡᠭᠡᠨ ᠪᠣᠯᠪᠠᠰᠤᠷᠠᠭᠤᠯᠬᠤ ᠨᠥᠬᠦᠪᠥᠷᠢ ᠶᠢ ᠨᠢᠭᠡ ᠯᠡ ᠤᠳᠠᠭ᠎ᠠ ᠶᠢᠨ ᠴᠢᠨᠠᠷᠲᠠᠢ ᠠᠪᠴᠣ ᠪᠣᠯᠣᠨ᠎ᠠ | ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠨᠢᠭᠡᠪᠦᠷᠢ ᠳᠤ 500 ᠲᠥᠭᠦᠷᠢᠭ ᠠᠴᠠ ᠬᠡᠲᠦᠷᠡᠭᠦᠯᠬᠦ ᠦᠭᠡᠶ ᠪᠠᠶᠢᠬᠤ ᠪᠠᠷᠢᠮᠵᠢᠶ᠎ᠠ ᠪᠠᠷ ᠠᠵᠢᠯ | ᠦᠯᠡᠳᠡᠭᠡᠬᠦ ᠪᠣᠯᠪᠠᠰᠤᠷᠠᠭᠤᠯᠤᠯ ᠤᠨ ᠨᠥᠬᠦᠪᠥᠷᠢ ᠶᠢ ᠨᠢᠭᠡ ᠯᠡ ᠤᠳᠠᠭ᠎ᠠ ᠶᠢᠨ ᠴᠢᠨᠠᠷᠲᠠᠶ ᠣᠯᠭᠤᠨ᠎ᠠ᠃ | 2 .ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ ᠢ ᠨᠢᠭᠡ ᠯᠡ ᠤᠳᠠᠭ᠎ᠠ ᠶᠢᠨ ᠴᠢᠨᠠᠷᠲᠠᠶ ᠠᠪᠴᠣ ᠪᠣᠯᠣᠨ᠎ᠠ | ᠨᠢᠭᠡ ᠬᠥᠮᠦᠨ ᠡᠯᠰᠡᠨ ᠬᠡᠷᠡᠭᠯᠡᠬᠦ ᠪᠦᠷᠢ 1500 ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭᠠᠨ ᠤ ᠴᠢᠨᠠᠷᠲᠠᠶᠠᠵᠢᠯ ᠤᠨ ᠪᠠᠶᠢᠷᠢ ᠶᠢ ᠥᠷᠭᠡᠳᠬᠡᠬᠦ | ᠨᠥᠬᠦᠪᠥᠷᠢ ᠣᠯᠭᠤᠨ᠎ᠠ᠃ | 3 . ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠠᠪᠴᠣ ᠪᠣᠯᠣᠨ᠎ᠠ | ᠳᠠᠭᠠᠳᠬᠠᠯ ᠳᠤ ᠣᠷᠣᠯᠴᠠᠭᠠᠳ 1 ᠵᠢᠯ ᠠᠴᠠ ᠳᠡᠭᠡᠭᠰᠢ ᠰᠦᠢᠳᠭᠡᠯ ᠲᠤᠰᠢᠶᠠᠭᠰᠠᠨ᠂ ᠲᠣᠰ ᠬᠥᠮᠦᠨ ᠤ ᠪᠤᠰᠤ ᠰᠢᠯᠲᠠᠭᠠᠨ ᠢᠶᠠᠷ ᠠᠵᠢᠯ ᠠᠯᠳᠠᠭᠰᠠᠨ | ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠢ ᠭᠠᠷᠲᠠᠨ ᠬᠦᠢᠴᠡᠳᠬᠡᠬᠦ ᠪᠠᠶᠢᠭᠤᠯᠤᠮᠵᠢ ᠠᠴᠠ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠭᠤᠶᠤᠴᠢᠯᠠᠨ | ᠠᠪᠴᠤ ᠪᠣᠯᠤᠨ᠎ᠠ᠃ | 4 . ᠠᠵᠢᠯ ᠠᠯᠳᠠᠭᠰᠠᠳ ᠤᠨ ᠨᠥᠬᠦᠪᠥᠷᠢ ᠮᠥᠩᠭᠦ᠂ ᠲᠦᠷ ᠴᠠᠭ ᠤᠨ ᠠᠮᠢᠳᠤᠷᠠᠯ ᠤᠨ ᠨᠥᠬᠦᠪᠥᠷᠢ ᠠᠪᠴᠣ ᠪᠣᠯᠣᠨ᠎ᠠ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ ᠮᠥᠨ ᠬᠦ ᠠᠵᠢᠯ ᠣᠯᠤᠭᠠᠳᠤᠶ ᠠᠵᠢᠯ ᠠᠯᠳᠠᠭᠰᠠᠳ᠂ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠨᠥᠬᠦᠴᠡᠯ ᠳᠤ ᠨᠡᠶᠢᠴᠡᠬᠦ ᠦᠭᠡᠶ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠲᠤ ᠠᠵᠢᠯ | ᠠᠯᠳᠠᠯᠲᠠ ᠶᠢᠨ ᠲᠤᠰᠠᠯᠠᠮᠵᠢ ᠶᠢᠨ ᠮᠥᠩᠭᠦ ᠣᠯᠭᠤᠬᠤ ᠬᠡᠷᠡᠭᠲᠡᠶ︔ ᠳᠠᠭᠠᠳᠬᠠᠯ ᠳᠤ ᠣᠷᠣᠯᠴᠠᠭᠠᠳ 1 ᠵᠢᠯ ᠪᠣᠯᠤᠭᠠᠳᠤᠶ ᠠᠵᠢᠯ ᠠᠯᠳᠠᠭᠰᠠᠨ ᠬᠥᠯᠥᠰᠥᠨ | ᠠᠵᠢᠯᠴᠢᠨ ᠳᠤ ᠲᠦᠷ ᠴᠠᠭ ᠤᠨ ᠠᠮᠢᠳᠤᠷᠠᠯ ᠤᠨ ᠨᠥᠬᠦᠪᠥᠷᠢ ᠣᠯᠭᠤᠨ᠎ᠠ᠃ | 5 . ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠨᠥᠬᠦᠪᠥᠷᠢ ᠠᠪᠴᠣ ᠪᠣᠯᠣᠨ᠎ᠠ | ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠨᠥᠬᠦᠪᠥᠷᠢ ᠠᠪᠬᠤ ᠳᠤ ᠠᠩᠬ᠎ᠠ ᠵᠡᠷᠭᠡ ᠳᠤ ︵ᠲᠠᠪᠤᠳᠤᠭᠠᠷ ᠳᠡᠰ︶1000 ᠲᠥᠭᠦᠷᠢᠭ ᠠᠴᠠ | ᠬᠡᠲᠦᠷᠡᠭᠦᠯᠵᠦ ᠪᠣᠯᠬᠤ ᠥᠬᠡᠶ᠂ ᠳᠤᠮᠳᠠ ᠵᠡᠷᠭᠡ ᠳᠤ ︵ᠳᠥᠷᠪᠡᠳᠦᠭᠡᠷ ᠳᠡᠰ︶ 1500ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠂ ᠳᠡᠭᠡᠳᠦ ᠵᠡᠷᠭᠡ ᠳᠤ | ︵ᠭᠤᠷᠪᠠᠳᠤᠭᠠᠷ ᠳᠡᠰ︶ 2000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ ᠪᠠᠷᠢᠮᠵᠢᠶ᠎ᠠ ᠪᠠᠷ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠨᠥᠬᠦᠪᠥᠷᠢ ᠶᠢ | ᠲᠣᠭᠲᠠᠭᠠᠯ ᠶᠣᠰᠣᠭᠠᠷ ᠭᠤᠶᠤᠴᠢᠯᠠᠵᠤ ᠪᠣᠯᠤᠨ᠎ᠠ᠃ | 6 . ᠨᠡᠶᠢᠭᠡᠮ ᠤᠨ ᠳᠠᠭᠠᠳᠬᠠᠯ ᠤᠨ ᠨᠥᠬᠦᠪᠥᠷᠢ ᠠᠪᠴᠣ ᠪᠣᠯᠣᠨ᠎ᠠ | 7 . ᠳᠠᠳᠤᠯᠭ᠎ᠠ ᠶᠢᠨ ᠨᠥᠬᠦᠪᠥᠷᠢ ᠠᠪᠴᠣ ᠪᠣᠯᠣᠨ᠎ᠠ | ᠰᠤᠷᠭᠠᠭᠤᠯᠢ ᠠᠴᠠ ᠪᠠᠨ ᠰᠠᠯᠤᠭᠠᠳ 2 ᠵᠢᠯ ᠪᠣᠯᠤᠭᠠᠳᠤᠶ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ᠂16-24 ᠨᠠᠰᠤᠨ ᠤ ᠠᠵᠢᠯ | ᠠᠯᠳᠠᠭᠰᠠᠨ ᠵᠠᠯᠠᠭᠤᠴᠤᠳ ᠢ ᠡᠯᠰᠡᠨ ᠠᠵᠢᠯ ᠣᠯᠭᠤᠬᠤ ᠳᠠᠳᠤᠯᠭ᠎ᠠ ᠳᠤ ᠣᠷᠣᠯᠴᠠᠭᠤᠯᠤᠭᠰᠠᠨᠨᠢᠭᠡᠴᠡ ᠳᠤ ᠵᠣᠬᠢᠬᠤ ᠪᠠᠷᠢᠮᠵᠢᠶ᠎ᠠ ᠶᠢᠨ ᠠᠵᠢᠯ ᠣᠯᠭᠤᠬᠤ | ᠳᠠᠳᠤᠯᠭ᠎ᠠ ᠶᠢᠨ ᠨᠥᠬᠦᠪᠥᠷᠢ ᠣᠯᠭᠤᠨ᠎ᠠ᠃ | 8 . ᠠᠳᠠᠯ ᠦᠢᠯᠡᠰ ᠴᠣᠭᠴᠠᠯᠠᠬᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠠᠪᠴᠣ ᠪᠣᠯᠣᠨ᠎ᠠ | ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠪᠤᠶᠤ ᠬᠤᠪᠢ ᠶᠢᠨ ᠡᠵᠡᠩᠨᠡᠯᠲᠡᠬᠢᠭᠰᠡᠨ ᠮᠥᠷᠲᠡᠭᠡᠨ ᠡᠭᠦᠳᠦᠨ | ᠪᠠᠶᠢᠭᠤᠯᠤᠭᠰᠠᠨ ᠠᠵᠤ ᠠᠬᠤᠶᠢᠯᠠᠯ ᠪᠤᠶᠤ ᠬᠤᠪᠢ ᠶᠢᠨ ᠠᠵᠤ ᠦᠢᠯᠡᠳᠪᠤᠷᠢ ᠬᠤᠳᠠᠯᠳᠤᠭᠠᠨ ᠤᠡᠷᠦᠬᠡ ᠨᠢ ᠠᠵᠤ ᠦᠢᠯᠡᠳᠪᠤᠷᠢ ᠬᠤᠳᠠᠯᠳᠤᠭ᠎ᠠ ᠳᠤ | ᠲᠡᠮᠳᠡᠭᠯᠡᠭᠦᠯᠦᠨ ᠳᠠᠩᠰᠠᠯᠠᠭᠤᠯᠤᠭᠰᠠᠨ ᠡᠳᠦᠷ ᠠᠴᠠ ᠡᠬᠢᠯᠡᠨ ᠬᠡᠪ ᠤᠨ ᠶᠣᠰᠣᠭᠠᠷ 1 ᠵᠢᠯ ᠠᠴᠠ ᠳᠡᠭᠡᠭᠰᠢ ᠠᠵᠢᠯᠯᠠᠭᠰᠠᠳ᠂ ᠠᠵᠢᠯ ᠣᠯᠬᠤ ᠳᠤ ᠬᠦᠴᠢᠷᠲᠡᠶ | ᠬᠥᠮᠦᠰ᠂ ᠨᠤᠲᠤᠭ ᠲᠠᠭᠠᠨ ᠪᠤᠴᠠᠭᠰᠠᠨ ᠲᠠᠷᠢᠶᠠᠴᠢᠨ ᠬᠦᠴᠦ ᠶᠠᠪᠤᠭᠰᠠᠳ ᠲᠤ ᠠᠳᠠᠯ ᠦᠢᠯᠡᠰ ᠴᠣᠭᠴᠠᠯᠠᠬᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ | ᠣᠯᠭᠤᠨ᠎ᠠ᠃ | 9 .ᠠᠵᠢᠯ ᠡᠷᠢᠵᠦ ᠠᠳᠠᠯ ᠦᠢᠯᠡᠰ ᠴᠣᠭᠴᠠᠯᠠᠬᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠠᠪᠴᠣ ᠪᠣᠯᠣᠨ᠎ᠠ | 10 . ᠠᠵᠢᠯ ᠮᠡᠷᠭᠡᠵᠢᠯ ᠤᠨ ᠪᠣᠯᠪᠠᠰᠤᠷᠠᠯ ᠤᠨ ᠨᠥᠬᠦᠪᠥᠷᠢ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠨᠥᠬᠦᠪᠥᠷᠢ ᠠᠪᠴᠣ | ᠪᠣᠯᠣᠨ᠎ᠠ | | | | |