鄂尔多斯市人民政府蒙古文网站 Bet体育365提款不到账_网上365bet_365速发国际是黑平台吗

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ​ᠡᠨᠡ ᠵᠠᠷᠤᠳᠠᠯ ᠢ ᠬᠡᠯᠲᠦᠷᠢᠭᠦᠯᠦᠨ᠎ᠡ︕ ᠳᠠᠷᠠᠭ᠎ᠠ ᠵᠢᠯ ᠤᠨ ᠡᠴᠦᠰ ᠪᠣᠯᠲᠠᠯ᠎ᠠ︕ ᠮᠠᠰᠢᠨ ᠲᠡᠷᠭᠡ ᠬᠤᠳᠠᠯᠳᠤᠨ ᠠᠪᠤᠪᠠᠯ ᠵᠣᠭᠤᠰ ᠠᠷᠪᠢᠯᠠᠨ᠎ᠠ
        ᠨᠡᠶᠢᠲᠡᠯᠡᠭᠰᠡᠨ ᠴᠠᠭ᠄
        2022/10/14
            ᠰᠢᠨ᠎ᠡ ᠲᠥᠷᠥ ᠶᠢᠨ ᠪᠣᠳᠣᠯᠭ᠎ᠠ ᠶᠢ ᠦᠨᠳᠦᠰᠦᠯᠡᠪᠡᠯ᠂ ᠤᠤᠯ ᠤᠨ ᠲᠣᠭᠲᠠᠭᠠᠭᠰᠠᠨ ᠡᠨᠡ ᠵᠢᠯ ᠤᠨ ᠡᠴᠦᠰ ᠲᠤ ᠬᠤᠭᠤᠴᠠᠭ᠎ᠠ ᠲᠤᠯᠬᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠳᠠᠷᠠᠭ᠎ᠠ ᠵᠢᠯ ᠤᠨ ᠡᠴᠦᠰ ᠪᠣᠯᠲᠠᠯ᠎ᠠ ᠣᠷᠳᠣᠳᠬᠠᠪᠠ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ 31᠎ ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠲᠦᠷᠦᠭᠦᠦ 7 ᠰᠠᠷ᠎ᠠ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ 406 . 8 ᠳ᠋ᠦᠩᠰᠢᠭᠤᠷ ᠲᠥᠭᠦᠷᠢᠭ ᠬᠡᠯᠲᠦᠷᠢᠭᠦᠯᠵᠦ᠂ ᠠᠳᠠᠯᠢ ᠬᠤᠭᠤᠴᠠᠭᠠᠨ ᠤ ᠬᠢ ᠠᠴᠠ 108 . 5 %᠎ ᠪᠠᠷ ᠨᠡᠮᠡᠭᠳᠡᠪᠡ᠃      ᠵᠠᠬ᠎ᠠ ᠳᠡᠯᠭᠡᠭᠦᠷᠴᠢ ᠬᠥᠮᠦᠰ ᠤᠨ ᠵᠠᠳᠠᠯᠤᠭᠰᠠᠨ ᠢᠶᠠᠷ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ ᠳᠠᠬᠢᠨᠲᠠ ᠤᠷᠲᠤᠳᠬᠠᠬᠤ ᠨᠢ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠷᠭᠦᠯᠵᠢᠯᠡᠨ ᠬᠥᠭᠵᠢᠭᠡᠵᠦ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠠᠴᠠ ᠭᠠᠳᠠᠨ᠎ᠠ᠂ ᠪᠠᠰᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠣᠶᠢᠯᠡᠳᠪᠣᠷᠢᠯᠡᠯ ᠪᠠ ᠮᠡᠷᠭᠡᠵᠢᠯ ᠤᠨ ᠰᠢᠨ᠎ᠡ ᠡᠭᠦᠳᠦᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠣᠶᠢᠯᠡᠳᠬᠦᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠤᠨ᠎ᠠ ᠭᠡᠵᠡᠢ᠃      ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠳᠠᠷᠠᠭ᠎ᠠ ᠵᠢᠯ ᠤᠨ ᠡᠴᠦᠰ ᠪᠤᠯᠲᠠᠯ᠎ᠠ ᠤᠷᠳᠤᠳᠬᠠᠨ᠎ᠠ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ 2023 ᠣᠨ ᠤ ᠡᠴᠦᠰ ᠪᠣᠯᠲᠠᠯ᠎ᠠ ᠦᠷᠭᠦᠯᠵᠢᠯᠡᠨ ᠬᠡᠷᠡᠭᠵᠢᠭᠦᠯᠵᠦ ᠪᠠᠶᠢᠭ᠎ᠠ ᠪᠣᠯ 2014 ᠣᠨ ᠳᠤ ᠮᠠᠨ ᠤ ᠤᠯᠤᠰ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠠᠩᠬ᠎ᠠ ᠤᠳᠠᠭ᠎ᠠ ᠬᠡᠷᠡᠭᠵᠢᠭᠦᠯᠦᠭᠰᠡᠨ ᠤ ᠳᠠᠷᠠᠭ᠎ᠠ᠂ ᠡᠨᠡ ᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠤᠷᠪᠠᠳᠠᠬᠢ ᠤᠳᠠᠭ᠎ᠠ ᠦᠷᠭᠦᠯᠵᠢᠯᠡᠨ ᠬᠡᠷᠡᠭᠵᠢᠭᠦᠯᠵᠦ ᠪᠠᠶᠢᠭ᠎ᠠ ᠶᠤᠮ᠂ ᠵᠢᠱᠢᠯᠲᠡ ᠪᠠᠷ ᠲᠡᠷᠭᠡ ᠬᠤᠳᠠᠯᠳᠤᠨ ᠠᠪᠬᠤ ᠭᠠᠶᠢᠯᠢ ᠶᠢ 1000 ᠳ᠋ᠦᠩᠰᠢᠭᠤᠷ ᠲᠥᠭᠦᠷᠢᠭ ᠬᠡᠯᠲᠦᠷᠢᠭᠦᠯᠬᠦ ᠪᠣᠯᠤᠨ᠎ᠠ᠃ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠤᠨ ᠬᠤᠭᠤᠴᠠᠭ᠎ᠠ ᠶᠢ ᠤᠷᠳᠤᠳᠬᠠᠭᠰᠠᠨ ᠨᠢ ᠲᠡᠷᠭᠡ ᠬᠤᠳᠠᠯᠳᠤᠨ ᠠᠪᠬᠤ ᠭᠡᠵᠦ ᠪᠠᠶᠢᠭ᠎ᠠ ᠴᠥᠭᠡᠨ ᠪᠤᠰᠤ ᠬᠡᠷᠡᠭᠯᠡᠭᠴᠢᠳ ᠤᠨ ᠰᠠᠨᠠᠭ᠎ᠠ ᠶᠢ ᠠᠭᠤᠵᠢᠷᠠᠭᠤᠯᠤᠭᠰᠠᠨ ᠪᠠᠶᠢᠨ᠎ᠠ᠃      ᠬᠡᠷᠡᠭᠯᠡᠭᠴᠢ ᠯᠦᠸᠧ ᠠᠪᠤᠭᠠᠶ ᠬᠡᠯᠡᠬᠦ ᠳᠡᠭᠡᠨ᠂ ᠪᠢ ᠣᠳᠣ ᠴᠤ ᠭᠡᠳ ᠥᠪᠡᠷ ᠤᠨ ᠲᠤᠰᠤ ᠰᠢᠲᠠᠭᠠᠳᠠᠭ ᠲᠡᠷᠭᠡ ᠪᠠᠨ ᠴᠠᠬᠢᠯᠭᠠᠨ ᠬᠥᠳᠡᠯᠭᠡᠭᠦᠷᠲᠦ ᠲᠡᠷᠭᠡ ᠪᠣᠯᠭᠠᠬᠤ ᠪᠠᠷ ᠪᠣᠳᠣᠯᠬᠢᠯᠠᠵᠤ ᠪᠠᠶᠢᠨ᠎ᠠ᠂ ᠨᠢᠭᠡ ᠵᠢᠯ ᠤᠨ ᠲᠣᠰᠣᠨ ᠤ ᠵᠠᠷᠤᠳᠠᠯ ᠪᠣᠯᠤᠨ ᠠᠷᠠᠴᠢᠯᠠᠨ ᠬᠠᠮᠠᠭᠠᠯᠠᠬᠤ ᠵᠠᠷᠤᠳᠠᠯ ᠢ 2 ᠲᠦᠮᠡᠨ ᠲᠥᠭᠦᠷᠢᠭ ᠣᠷᠴᠢᠮ ᠠᠷᠪᠢᠯᠠᠵᠤ᠂ ᠬᠤᠳᠠᠯᠳᠤᠨ ᠠᠪᠬᠤ ᠭᠠᠶᠢᠯᠢ ᠨᠢ 4 ᠲᠦᠮᠡᠨ ᠲᠥᠭᠦᠷᠢᠭ ᠣᠷᠴᠢᠮ ᠠᠷᠪᠢᠯᠠᠵᠤ ᠲᠠᠶᠢᠯᠤᠨ᠎ᠠ ᠭᠡᠵᠡᠶ᠃      ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠰᠢᠶᠤᠤ ᠭᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠬᠦᠢᠴᠡᠳᠬᠡᠬᠦ ᠣᠶᠢᠯᠡᠴᠢᠯᠡᠭᠡᠨ ᠤ ᠲᠢᠩᠬᠢᠮ ᠤᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠯᠢᠦ ᠯᠸᠢ᠄ ᠨᠢᠳᠤᠨᠤᠨ ᠤ 1 ᠰᠠᠷ᠎ᠠ ᠠᠴᠠ 8 ᠰᠠᠷ᠎ᠠ ᠪᠣᠯᠲᠠᠯ᠎ᠠ᠂ ᠵᠥᠪᠬᠡᠨ 588 ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠭᠠᠶᠢᠯᠢ ᠶᠢ ᠬᠠᠰᠤᠵᠤ ᠭᠡᠯᠳᠦᠷᠢᠭᠦᠯᠬᠦ ᠬᠠᠷᠠᠭᠠᠯᠵᠠᠯ ᠲᠠᠢ ᠪᠠᠶᠢᠪᠠ᠂ ᠡᠨᠡ ᠵᠢᠯ ᠤᠨ 1 ᠰᠠᠷ᠎ᠠ ᠠᠴᠠ 8 ᠰᠠᠷ᠎ᠠ ᠪᠣᠯᠲᠠᠯ᠎ᠠ ᠨᠡᠶᠢᠲᠡ 1857 ᠲᠡᠷᠭᠡ ᠪᠣᠯᠪᠠ᠃ ᠤᠯᠤᠰ ᠤᠨ ᠲᠡᠷᠭᠡ ᠬᠤᠳᠠᠯᠳᠤᠨ ᠠᠪᠬᠤ ᠭᠠᠶᠢᠯᠢ ᠶᠢᠨ ᠨᠣᠷᠮ᠎ᠠ ᠪᠣᠯ 10 % ᠶᠤᠮ᠂ 30 ᠲᠦᠮᠡᠨ ᠲᠦᠭᠦᠷᠢᠭ ᠤᠨ ᠨᠢᠭᠡ ᠲᠡᠷᠭᠡ ᠬᠤᠳᠠᠯᠳᠤᠨ ᠠᠪᠬᠤ ᠪᠠᠷ ᠵᠢᠱᠢᠶᠡᠯᠡᠪᠡᠯ᠂ ᠪᠠᠷᠤᠭ 2 . 95 ᠲᠦᠮᠡᠨ ᠲᠥᠭᠦᠷᠢᠭ ᠬᠠᠰᠤᠵᠤ ᠬᠡᠯᠲᠦᠷᠢᠭᠦᠯᠵᠦ ᠪᠣᠯᠤᠨ᠎ᠠ ᠭᠡᠯ᠎ᠡ᠃
        ᠢᠷᠡᠯᠲᠡ᠄ ᠠᠷᠠᠳ ᠤᠨ ᠰᠦᠯᠵᠢᠶ᠎ᠡ