| | ᠶᠢᠰᠦᠨ ᠸᠠᠯᠤᠨ᠋ᠲ ᠤᠨ HPV ᠸᠠᠺᠼᠢᠨ ᠲᠠᠷᠢᠬᠤ ᠨᠠᠰᠤ ᠶᠢ 9 ᠨᠠᠰᠤᠨ ᠠᠴᠠ 45 ᠨᠠᠰᠤᠨ ᠤ ᠡᠮᠡᠭᠲᠡᠶᠢᠴᠦᠳ ᠲᠤ ᠲᠠᠷᠢᠬᠤ ᠪᠤᠯᠭᠠᠨ ᠥᠷᠭᠡᠳᠬᠡᠪᠡ᠃ | ᠰᠢᠤᠢ ᠰᠢᠶᠤᠤ ᠬᠤᠩ ᠠᠷᠠᠳ ᠤᠨ ᠰᠦᠯᠵᠢᠶ᠎ᠡ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠶᠢᠰᠦᠨ ᠸᠠᠯᠤᠨ᠋ᠲ ᠤᠨ HPV ᠸᠠᠺᠼᠢᠨ ᠲᠠᠷᠢᠬᠤ ᠬᠥᠮᠦᠰ ᠤᠨ | ᠬᠡᠪᠴᠢᠶ᠎ᠡ ᠶᠢ ᠥᠷᠭᠡᠳᠬᠡᠬᠦ ᠨᠢ ᠨᠠᠩ ᠣᠯᠠᠨ ᠡᠮᠡᠭᠲᠡᠶᠢᠴᠦᠳ ᠲᠤ ᠠᠰᠢᠭ ᠬᠦᠷᠲᠡᠭᠡᠬᠦ ᠪᠣᠯᠤᠨ᠎ᠠ ᠭᠡᠵᠡᠶ᠃ ︽ᠸᠠᠺᠼᠢᠨ ᠳᠠᠷᠢᠬᠤ ᠪᠠᠷ ᠳᠠᠮᠵᠢᠭᠤᠯᠤᠨ HPV ᠶᠢᠨ | ᠬᠠᠯᠳᠠᠪᠤᠷᠢᠯᠠᠯ ᠢ ᠰᠡᠷᠭᠡᠶᠢᠯᠡᠵᠦ᠂ ᠰᠠᠪᠠ ᠶᠢᠨ ᠬᠦᠵᠦᠭᠦᠨ ᠤ ᠥᠮᠡᠨ ᠳᠤ ᠨᠡᠷᠪᠡᠭᠳᠡᠬᠦ ᠲᠣᠬᠢᠶᠠᠯᠳᠤᠮᠵᠢ ᠶᠢ ᠪᠠᠭᠠᠰᠬᠠᠵᠤ ᠪᠣᠯᠤᠨ᠎ᠠ᠃ ᠡᠶᠢᠮᠦ ᠠᠴᠠ HPV ᠸᠠᠺᠼᠢᠨ | ᠳᠠᠷᠢᠬᠤ ᠨᠢ ᠡᠮᠡᠭᠲᠡᠶᠢᠴᠦᠳ ᠲᠤ ᠮᠠᠰᠢ ᠴᠢᠬᠤᠯᠠ ᠪᠠᠶᠢᠳᠠᠭ︾ ᠭᠡᠵᠦ ᠪᠡᠭᠡᠵᠢᠩ ᠤᠨ ᠬᠥᠩᠭᠡᠵᠢᠭᠦᠯᠬᠦ ᠡᠮᠨᠡᠯᠭᠡ ᠶᠢᠨ ᠬᠤᠷᠢᠶᠠᠨ ᠤ ᠡᠮᠡᠭᠲᠡᠶ ᠶᠢᠨ ᠰᠠᠯᠠᠭᠠᠨ ᠤ | ᠬᠠᠪᠤᠳᠠᠷ ᠤᠨ ᠰᠠᠯᠠᠭᠠᠨ ᠤ ᠡᠷᠬᠢᠯᠡᠭᠴᠢ ᠡᠮᠴᠢ ᠰᠢᠤᠢ ᠰᠢᠶᠤᠤ ᠬᠤᠩ ᠬᠡᠯᠡᠪᠡ᠃ ᠲᠡᠭᠦᠨ ᠤ ᠲᠠᠨᠢᠯᠴᠠᠭᠤᠯᠤᠭᠰᠠᠨ ᠢᠶᠠᠷ᠂ ᠶᠢᠰᠦᠨ ᠸᠠᠯᠤᠨ᠋ᠲ ᠤᠨ HPV ᠸᠠᠺᠼᠢᠨ | ᠲᠠᠷᠢᠬᠤ ᠨᠠᠰᠤᠨ ᠤ ᠬᠡᠪᠴᠢᠶ᠎ᠡ ᠨᠢ ᠭᠤᠤᠯᠳᠠᠭᠤ ᠡᠮᠴᠢᠯᠡᠭᠡᠨ ᠤ ᠲᠤᠷᠰᠢᠯᠲᠠ ᠳᠠᠬᠢ ᠬᠥᠮᠦᠰ ᠤᠨ ᠨᠠᠰᠤᠨ ᠤ ᠬᠡᠪᠴᠢᠶ᠎ᠡ ᠪᠠᠷ ᠲᠣᠭᠳᠠᠭᠠᠭᠳᠠᠨ᠎ᠠ᠃ ᠡᠭᠦᠨ ᠠᠴᠠ | ᠡᠮᠦᠨ᠎ᠡ᠂ ᠶᠢᠰᠦᠨ ᠸᠠᠯᠤᠨ᠋ᠲ ᠤᠨ HPV ᠸᠠᠺᠼᠢᠨ ᠤ ᠲᠠᠷᠢᠯᠭ᠎ᠠ ᠲᠠᠷᠢᠬᠤ ᠵᠥᠪᠰᠢᠶᠡᠷᠡᠯ ᠢ ᠣᠯᠤᠭᠰᠠᠨ ᠨᠠᠰᠤ ᠨᠢ 16 ᠠᠴᠠ 26 ᠨᠠᠰᠤᠨ ᠤ ᠡᠮᠡᠭᠳᠡᠶᠢᠴᠤᠳ | ᠪᠠᠶᠢᠵᠤ᠂ ᠡᠨᠡ ᠨᠠᠰᠤᠨ ᠤ ᠬᠡᠪᠴᠢᠶᠡᠨ ᠠᠴᠠ ᠳᠠᠪᠠᠭᠰᠠᠨ ᠪᠠᠶᠢᠪᠠᠯ᠂ ᠥᠩᠭᠡᠷᠡᠭᠰᠡᠨ ᠳᠤ ᠬᠤᠶᠠᠷ ᠸᠠᠯᠤᠨ᠋ᠲ ᠤᠨ ᠸᠠᠺᠼᠢᠨ ᠪᠤᠶᠤ ᠳᠥᠷᠪᠡᠨ ᠸᠠᠯᠤᠨ᠋ᠲ ᠤᠨ | ᠸᠠᠺᠼᠢᠨ ᠢᠶᠠᠷ ᠣᠷᠣᠯᠠᠭᠤᠯᠵᠤ ᠪᠠᠶᠢᠪᠠ᠃ ᠣᠲᠣ ᠬᠠᠷᠢᠨ ᠶᠢᠰᠦᠨ ᠸᠠᠯᠤᠨ᠋ᠲ ᠤᠨ HPV ᠸᠠᠺᠼᠢᠨ ᠢ ᠰᠢᠭᠤᠳ ᠲᠠᠷᠢᠵᠦ ᠪᠤᠯᠬᠤ ᠪᠤᠯᠪᠠ᠂ ᠡᠨᠡ ᠨᠢ ᠥᠷᠭᠡᠨ | ᠣᠯᠠᠨ ᠡᠮᠡᠭᠲᠡᠶᠢᠴᠦᠳ ᠲᠤ ᠠᠪᠴᠤ ᠬᠡᠯᠡᠪᠡᠯ ᠨᠢᠭᠡᠨ ᠰᠠᠶᠢᠨ ᠴᠢᠮᠡᠭᠡ ᠪᠣᠯᠬᠤ ᠶᠤᠮ᠃ ᠬᠤᠶᠠᠷ ᠸᠠᠯᠤᠨ᠋ᠲ᠂ ᠳᠥᠷᠪᠡᠨ ᠸᠠᠯᠤᠨ᠋ᠲ ᠤᠨ HPV ᠸᠠᠺᠼᠢᠨ ᠨᠢᠭᠡᠨᠲᠡ | ᠳᠠᠷᠢᠭᠤᠯᠤᠭᠰᠠᠨ ᠪᠣᠯᠪᠠᠴᠤ ᠮᠥᠨ ᠯᠡ ᠶᠢᠰᠦᠨ ᠸᠠᠯᠤᠨ᠋ᠲ ᠢ ᠲᠠᠷᠢᠭᠤᠯᠵᠤ ᠪᠣᠯᠤᠨ᠎ᠠ᠃ ᠰᠢᠤᠢ ᠰᠢᠶᠤᠤ ᠬᠤᠩ᠄ HPV ᠸᠠᠺᠼᠢᠨ ᠨᠢ ᠡᠭᠦᠰᠴᠦ ᠥᠩᠭᠡᠷᠡᠭᠰᠡᠨ | ᠥᠬᠡᠶ ᠬᠠᠯᠳᠠᠪᠤᠷᠢᠯᠠᠯ ᠢ ᠤᠷᠢᠳᠴᠢᠯᠠᠨ ᠰᠡᠷᠭᠡᠶᠢᠯᠡᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠶ᠂ ᠢᠯᠠᠩᠭᠤᠶ᠎ᠠ ᠬᠤᠷᠢᠴᠠᠯ ᠤᠨ ᠠᠵᠢᠯᠯᠠᠭ᠎ᠠ ᠠᠴᠠ ᠡᠮᠦᠨ᠎ᠡ | ᠲᠠᠷᠢᠯᠭ᠎ᠠ ᠬᠢᠪᠠᠯ ᠬᠠᠮᠤᠭ ᠤᠨ ᠶᠡᠭᠡ ᠬᠠᠮᠠᠭᠠᠯᠠᠯᠲᠠ ᠶᠢᠨ ᠦᠷ᠎ᠡ ᠪᠦᠲᠦᠮᠵᠢ ᠣᠯᠵᠤ ᠴᠢᠳᠠᠨ᠎ᠠ᠃ ᠵᠠᠪᠠᠯ HPV ᠸᠠᠺᠼᠢᠨ ᠢ ᠡᠷᠲᠡᠬᠡᠨ ᠳᠠᠷᠢᠬᠤ ᠶᠢ ᠰᠠᠨᠠᠭᠤᠯᠵᠤ | ᠪᠠᠶᠢᠨ᠎ᠠ᠂ ᠬᠤᠶᠠᠷ ᠸᠠᠯᠤᠨ᠋ᠲ ᠤᠨ ᠪᠤᠶᠤ ᠳᠥᠷᠪᠡᠨ ᠸᠠᠯᠤᠨ᠋ᠲ ᠤᠨ HPV ᠸᠠᠺᠼᠢᠨ ᠢ ᠳᠠᠷᠢᠭᠤᠯᠤᠭᠰᠠᠨ ᠪᠠᠶᠢᠪᠠᠯ᠂ ᠬᠤᠵᠢᠮ ᠨᠥᠬᠦᠴᠡᠯ ᠲᠠᠢ ᠪᠣᠯ ᠪᠠᠰᠠ ᠶᠢᠰᠦᠨ | ᠸᠠᠯᠤᠨ᠋ᠲ ᠤᠨ HPV ᠸᠠᠺᠼᠢᠨ ᠢ ᠨᠥᠬᠦᠵᠦ ᠳᠠᠷᠢᠵᠤ ᠪᠣᠯᠤᠨ᠎ᠠ ᠭᠡᠯᠡ᠃ | |