鄂尔多斯市人民政府蒙古文网站 Bet体育365提款不到账_网上365bet_365速发国际是黑平台吗

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠴᠡᠯᠡᠭᠡᠷ ᠲᠠᠯ᠎ᠠ ᠶᠢᠨ ᠴᠡᠩᠬᠡᠷ ᠮᠡᠯᠮᠡᠢ - ᠬᠠᠷᠠᠤ᠋ᠰᠤ ᠨᠠᠭᠤᠷ
        ᠨᠡᠶᠢᠲᠡᠯᠡᠭᠰᠡᠨ ᠴᠠᠭ᠄
        2022/10/20
              ᠵᠣᠬᠢᠶᠠᠭᠴᠢ᠄ ᠴᠣᠯᠮᠣᠨ ᠰᠡᠷᠭᠦᠯᠡᠩᠴᠡᠴᠡᠭ ᠰᠠᠨᠰᠠᠷ ᠬᠥᠪᠴᠢᠨ ᠮᠡᠷᠭᠡᠨᠪᠢᠯᠢᠭ   ᠬᠠᠷᠠᠤ᠋ᠰᠤ ᠨᠠᠭᠤᠷ ᠢ ᠪᠠᠰᠠ ︽ᠠᠷᠤ ᠭᠠᠵᠠᠷ ᠤᠨ ᠵᠢᠶᠠᠩᠨᠠᠨ︾ ᠬᠡᠮᠡᠨ ᠳᠠᠭᠤᠳᠠᠳᠠᠭ᠃ ᠬᠠᠷᠠᠤ᠋ᠰᠤ ᠨᠠᠭᠤᠷ ᠨᠢ ᠲᠦᠮᠡᠳ ᠵᠡᠭᠦᠨ ᠬᠤᠰᠢᠭᠤᠨ ᠤ ᠬᠢᠯᠢ ᠳᠤ ᠪᠠᠶᠢᠷᠢᠰᠢᠵᠤ᠂ ᠭᠦᠭᠡᠬᠤᠲᠠ ᠶᠢᠨ ᠬᠠᠷᠢᠶᠠᠨ ᠳᠠᠬᠢ ᠴᠣᠷ ᠤᠨ ᠭᠠᠭᠴᠠ ᠳᠣᠲᠣᠭᠠᠳᠤ ᠬᠠᠭᠤᠷᠠᠢ ᠶᠢᠨ ᠨᠠᠭᠤᠷ ᠪᠣᠯᠣᠨ᠎ᠠ᠃ ᠬᠠᠷᠠᠤ᠋ᠰᠤ ᠨᠠᠭᠤᠷ ᠤᠨ ᠤᠰᠤᠨ ᠤ ᠲᠠᠯᠠᠪᠠᠶ ᠎ ᠨᠢ 32 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠤᠯᠤᠰ ᠤᠨ ᠨᠤᠭᠤ ᠭᠠᠵᠠᠷ ᠤᠨ ᠴᠡᠴᠡᠷᠯᠢᠭ᠂ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠤᠯᠤᠰ ᠤᠨ ᠳᠡᠰ ᠤᠨ ᠣᠳᠣᠬᠢᠴᠢᠯᠠᠭᠰᠠᠨ ᠲᠠᠷᠢᠶᠠᠯᠠᠩ ᠤᠨ ᠵᠢᠱᠢᠶ᠎ᠡ ᠦᠵᠡᠭᠦᠯᠭᠦ ᠣᠷᠣᠨ ᠪᠣᠯᠵᠤ ᠠᠯᠳᠠᠷ ᠨᠡᠷ᠎ᠡ ᠪᠠᠨ ᠬᠤᠯᠠ ᠣᠶᠢᠷ᠎ᠠ ᠳᠤ ᠳᠠᠭᠤᠷᠢᠰᠬᠠᠭᠤᠯᠤᠨ᠎ᠠ᠃
        6380082995843488513399304.jpg
        ᠲᠦᠮᠡᠳ ᠤᠨ ᠲᠠᠯ᠎ᠠ ᠶᠢᠨ ᠲᠣᠪᠴᠢᠶᠠᠨ -  ᠬᠠᠷᠠᠤ᠋ᠰᠤ ᠨᠠᠭᠤᠷ   ᠬᠠᠷᠠᠤ᠋ᠰᠤ ᠨᠠᠭᠤᠷ ᠤᠨ ᠡᠷᠭᠢᠨ ᠳᠤ ᠠᠯᠲᠠᠨ ᠲᠠᠷᠢᠶ᠎ᠠ ᠬᠠᠯᠢᠭᠤᠷᠠᠨ ᠡᠯᠪᠡᠭ ᠬᠤᠷᠢᠶᠠᠯᠲᠠ ᠶᠢᠨ ᠳᠠᠭᠤᠨ ᠡᠭᠡᠰᠢᠭᠯᠡᠨ᠎ᠡ᠃ ᠡᠨᠡ ᠪᠣᠯ ᠲᠦᠮᠡᠳ ᠵᠡᠭᠦᠨ ᠬᠤᠰᠢᠭᠤᠨ ᠤ ᠣᠶᠤᠨᠴᠢ ᠲᠠᠷᠢᠶᠠᠨ ᠭᠠᠵᠠᠷ ᠪᠣᠯᠣᠨ᠎ᠠ᠃ ︽ᠰᠢᠶᠣᠣ ᠼᠤᠤ ᠲᠣᠭᠠᠴᠢᠯᠠᠭᠰᠠᠨ ᠺᠤᠮᠫᠠᠨᠢ︾ ᠎ ᠶᠢᠨ ᠦᠢᠯᠡᠳᠬᠦᠨ ᠤ ᠮᠡᠷᠭᠡᠵᠢᠯ ᠤᠨ ᠬᠠᠷᠢᠭᠤᠴᠠᠯᠭᠠᠲᠠᠨ ᠶᠠᠩ ᠯᠢᠦ ᠣᠶᠤᠨᠴᠢ ᠲᠠᠷᠢᠶᠠᠨ ᠭᠠᠵᠠᠷ ᠤᠨ ᠲᠣᠭᠠᠴᠢᠯᠠᠭᠰᠠᠨ ᠲᠠᠪᠴᠠᠩ ᠳᠠᠭᠠᠨ ᠣᠷᠣᠭᠠᠳ ᠲᠠᠷᠢᠶᠠᠨ ᠭᠠᠵᠠᠷ ᠤᠨ ᠤᠰᠤᠯᠠᠯᠲᠠ᠂ ᠠᠷᠠᠴᠢᠯᠠᠨ ᠬᠠᠮᠠᠭᠠᠯᠠᠯᠲᠠ ᠵᠡᠷᠭᠡ ᠎ ᠶᠢ ᠪᠠᠶᠢᠴᠠᠭᠠᠨ ᠦᠵᠡᠨ᠎ᠡ᠃-  ᠮᠠᠨ ᠤ ᠲᠣᠭᠠᠴᠢᠯᠠᠭᠰᠠᠨ ᠲᠠᠪᠴᠠᠩ ᠪᠣᠯ ᠪᠦᠭᠦ ᠣᠷᠣᠨ ᠤ ᠠᠩᠬᠠᠳᠠᠭᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠣᠶᠤᠨᠴᠢ ᠡᠵᠡᠮᠳᠡᠯ᠂ ᠣᠶᠤᠨᠴᠢ ᠬᠠᠮᠢᠶᠠᠷᠤᠯᠲᠠ᠂ ᠦᠷ᠎ᠡ ᠠᠰᠢᠭ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠪᠣᠯᠣᠨ᠎ᠠ᠃ ᠪᠢᠳᠠ ᠲᠠᠷᠢᠶᠠᠨ ᠭᠠᠵᠠᠷ ᠤᠨ ᠴᠢᠭᠢᠭ ᠢ ᠬᠡᠮᠵᠢᠭᠡᠳ ᠬᠡᠵᠢᠶ᠎ᠡ ᠤᠰᠤᠯᠠᠯᠲᠠ ᠬᠢᠬᠦ᠂ ᠬᠡᠳᠦᠢ ᠵᠡᠷᠭᠡ ᠤᠰᠤᠯᠠᠬᠤ ᠵᠢᠴᠢ ᠴᠠᠭ ᠠᠭᠤᠷ ᠤᠨ ᠪᠠᠶᠢᠳᠠᠯ ᠲᠠᠢ ᠤᠶᠠᠯᠳᠤᠭᠤᠯᠤᠭᠰᠠᠨ ᠠᠷᠠᠴᠢᠯᠠᠨ ᠬᠠᠮᠠᠭᠠᠯᠠᠯᠲᠠ ᠪᠠᠨ ᠬᠢᠳᠡᠭ᠃ ᠡᠨᠡ ᠨᠢ ᠲᠠᠷᠢᠶᠠᠨ ᠤ ᠤᠨᠠᠯᠳᠠ ᠶᠢ ᠳᠡᠭᠡᠭᠰᠢᠯᠡᠭᠦᠯᠵᠦ᠂ ᠤᠷᠤᠯᠭ᠎ᠠ ᠶᠢ ᠨᠡᠮᠡᠭᠳᠡᠭᠦᠯᠦᠭᠰᠡᠨ ᠭᠡᠵᠦ  ︽ᠰᠢᠶᠣᠣ ᠼᠤᠤ ᠲᠣᠭᠠᠴᠢᠯᠠᠭᠰᠠᠨ ᠺᠤᠮᠫᠠᠨᠢ︾ ᠎ ᠶᠢᠨ ᠦᠢᠯᠡᠳᠬᠦᠨ ᠤ ᠮᠡᠷᠭᠡᠵᠢᠯ ᠤᠨ ᠬᠠᠷᠢᠭᠤᠴᠠᠯᠭᠠᠲᠠᠨ ᠶᠠᠩ ᠯᠢᠦ ᠶᠠᠷᠢᠨ᠎ᠠ᠃-10 ᠵᠢᠯ ᠤᠨ ᠡᠮᠦᠨ᠎ᠡ᠂ ᠮᠠᠨ ᠤ ᠭᠡᠷ ᠤᠨ 4 ᠮᠦ ᠲᠠᠷᠢᠶᠠᠨ ᠭᠠᠵᠠᠷ ᠤᠨ ᠵᠢᠯ ᠤᠨ ᠣᠷᠣᠯᠭ᠎ᠠ ᠳᠥᠩᠭᠡᠵᠢ 2000 ᠲᠥᠭᠦᠷᠢᠭ ᠪᠠᠶᠢᠪᠠ᠃ 2013 ᠣᠨ ᠠᠴᠠ ᠡᠬᠢᠯᠡᠵᠦ᠂ ᠪᠢ 4 ᠮᠦ ᠲᠠᠷᠢᠶᠠᠨ ᠭᠠᠵᠠᠷ ᠢᠶᠠᠨ ᠺᠤᠮᠫᠠᠨᠢ ᠳᠤ ᠲᠦᠷᠢᠶᠡᠰᠦᠯᠡᠨ ᠥᠭᠴᠦ᠂ ᠥᠪᠡᠷ ᠢᠶᠠᠨ ᠺᠤᠮᠫᠠᠨᠢ ᠳᠤ ᠬᠥᠯᠥᠰᠦᠨ ᠠᠵᠢᠯ ᠬᠢᠭᠡᠳ ᠰᠠᠷ᠎ᠠ ᠶᠢᠨ 4500 ᠲᠥᠭᠦᠷᠢᠭ ᠤᠨ ᠴᠠᠯᠢᠩ ᠣᠯᠳᠠᠭ᠃ ᠡᠭᠦᠨ ᠠᠴᠠ ᠭᠠᠳᠠᠨ᠎ᠠ᠂ ᠮᠠᠨ ᠤ ᠬᠢᠨ ᠪᠠᠰᠠ 5 ᠬᠦᠯᠡᠮᠵᠢ ᠲᠠᠢ᠂ ᠵᠢᠯ ᠤᠨ ᠣᠷᠣᠯᠭ᠎ᠠ 15 ᠲᠦᠮᠡᠨ ᠲᠥᠭᠦᠷᠢᠭ ᠬᠦᠷᠴᠦ ᠪᠤᠢ ᠭᠡᠵᠦ ᠲᠠᠷᠢᠶᠠᠴᠢᠨ ᠨᠠᠨ ᠶᠦᠨ ᠹᠧᠢ ᠤᠷᠮᠠᠲᠠᠶᠢᠬᠠᠨ᠃ᠬᠠᠷᠠᠤ᠋ᠰᠤ ᠨᠠᠭᠤᠷ ᠤᠨ ᠤᠰᠤ ᠶᠢ ᠲᠦᠰᠢᠳᠡᠭ ᠲᠠᠷᠢᠶᠠᠨ ᠭᠠᠵᠠᠷ ᠨᠢ ᠣᠶᠤᠨᠴᠢ ᠲᠠᠷᠢᠶᠠᠨ ᠭᠠᠵᠠᠷ ᠪᠣᠯᠣᠨ ᠬᠤᠪᠢᠷᠠᠭᠠᠳ᠂ ᠲᠠᠷᠢᠶᠠᠨ ᠤ ᠤᠨᠠᠯᠲᠠ ᠨᠢ 25%᠎ ᠪᠠᠷ ᠨᠡᠮᠡᠭᠳᠡᠭᠰᠡᠨ ᠪᠠᠶᠢᠨ᠎ᠠ᠃   ︽ᠠᠭᠤᠯᠠ ᠤᠰᠤᠨ ᠤ ᠣᠶᠢᠷ᠎ᠠ ᠨᠢ ᠳᠡᠭᠡᠷ᠎ᠡ︾ ᠭᠡᠳᠡᠭᠴᠢᠯᠡᠨ᠂ ᠠᠯᠢ ᠡᠷᠲᠡ ᠬᠠᠭᠤᠴᠢᠨ ᠴᠢᠯᠠᠭᠤᠨ ᠵᠡᠪᠰᠡᠭ ᠤᠨ ᠦᠶ᠎ᠡ ᠠᠴᠠ ᠬᠠᠷᠠᠤ᠋ᠰᠤ ᠨᠠᠭᠤᠷ ᠤᠨ ᠡᠷᠭᠢᠨ ᠲᠣᠭᠤᠷᠢᠨ ᠳᠤ ᠬᠥᠮᠥᠨ ᠲᠥᠷᠥᠯᠬᠢᠲᠡᠨ ᠠᠮᠢᠳᠤᠷᠠᠵᠤ ᠪᠠᠶᠢᠭᠰᠠᠨ ᠤᠯᠠ ᠮᠥᠷ ᠲᠠᠢ ᠪᠠᠶᠢᠳᠠᠭ᠃ ᠤᠮᠠᠷᠠᠲᠤ ᠸᠧᠢ ᠤᠯᠤᠰ ᠤᠨ ︽ᠴᠢᠯᠧ ᠶᠢᠨ ᠳᠠᠭᠤᠯᠠᠯ︾᠎ ᠳᠤ᠂  ︽ᠬᠥᠬᠡ ᠲᠡᠭᠷᠢ ᠴᠡᠯᠮᠡᠭᠰᠢᠨ᠂ ᠬᠥᠳᠡᠭᠡ ᠲᠠᠯ᠎ᠠ ᠨᠠᠯᠠᠶᠢᠭᠠᠳ᠂ ᠠᠶᠠᠰ ᠤᠨ ᠰᠠᠯᠬᠢᠨ᠎ᠠ ᠦᠬᠡᠷ ᠬᠤᠨᠢᠳ ᠦᠵᠡᠭᠳᠡᠮᠦᠢ︾ ᠭᠡᠵᠦ ᠰᠢᠯᠦᠭᠯᠡᠳᠡᠭ᠃ ᠡᠨᠡ ᠪᠣᠯ ᠲᠦᠮᠡᠳ ᠤᠨ ᠲᠠᠯ᠎ᠠ ᠶᠢᠨ ᠵᠢᠷᠤᠭᠯᠠᠯ ᠪᠤᠯᠬᠤ ᠶᠤᠮ᠃ᠠᠯᠲᠠᠨ ᠬᠠᠭᠠᠨ ᠤ ᠦᠶ᠎ᠡ ᠠᠴᠠ ᠡᠬᠢᠯᠡᠨ ᠲᠦᠮᠡᠳ ᠤᠨ ᠬᠢᠵᠠᠭᠠᠷ ᠲᠠᠬᠢ ᠹᠧᠩ ᠵᠧᠦ ᠶᠢᠨ ᠲᠠᠯ᠎ᠠ ᠳᠤ ᠲᠠᠷᠢᠶᠠᠯᠠᠩ ᠡᠷᠭᠢᠯᠡᠵᠦ ᠪᠠᠶᠢᠭᠰᠠᠨ ᠠᠴᠠ ᠠᠵᠤ ᠠᠬᠤᠢ ᠶᠡᠭᠡ ᠎ ᠪᠠᠷ ᠬᠥᠭᠵᠢᠵᠦ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠲᠡᠰᠢ ᠰᠢᠯᠵᠢᠭᠰᠡᠨ ᠶᠤᠮ᠃ 1546 ᠣᠨ ᠳᠤ᠂ ᠠᠯᠲᠠᠨ ᠬᠠᠭᠠᠨ ᠠᠴᠠ ᠲᠠᠷᠢᠶᠠᠯᠠᠩ ᠡᠷᠭᠢᠯᠡᠭᠦ ᠶᠢ ᠴᠢᠬᠤᠯᠠᠴᠢᠯᠠᠨ᠂ ᠡᠯ᠎ᠡ ᠭᠠᠵᠠᠷ ᠠᠴᠠ ᠢᠷᠡᠭᠰᠡᠨ ᠲᠠᠷᠢᠶᠠᠴᠢᠳ ᠱᠠᠷ ᠬᠥᠯᠯᠡᠨ ᠠᠨᠵᠢᠰᠤ ᠡᠷᠭᠢᠭᠦᠯᠵᠦ᠂ ᠪᠤᠭᠤᠳᠠᠢ᠂ ᠲᠤᠲᠤᠷᠭ᠎ᠠ᠂ ᠰᠣᠩᠭᠢᠨ᠎ᠠ ᠵᠡᠷᠭᠡ ᠶᠢ ᠲᠠᠷᠢᠭᠠᠳ ᠴᠡᠯᠡᠭᠡᠷ ᠲᠠᠯ᠎ᠠ ᠶᠢᠨ ᠳᠡᠨᠵᠢᠨ ᠳᠤ ᠴᠡᠴᠡᠭᠯᠡᠯ ᠤᠨ ᠲᠤᠶᠠᠭ᠎ᠠ ᠭᠡᠶᠢᠵᠦ ᠪᠢᠯᠡ᠃- ᠠᠯᠲᠠᠨ ᠬᠠᠭᠠᠨ ᠲᠠᠷᠢᠶᠠᠯᠠᠩ ᠢ ᠬᠥᠭᠵᠢᠭᠦᠯᠦᠭᠰᠡᠨ ᠠᠴᠠ ᠠᠵᠤ ᠠᠬᠤᠢ ᠬᠥᠭᠵᠢᠵᠦ᠂ ᠠᠷᠠᠳ ᠢᠷᠭᠡᠳ ᠤᠨ ᠠᠮᠢᠳᠤᠷᠠᠯ ᠪᠠᠶᠠᠯᠢᠭᠵᠢᠭᠰᠠᠨ ᠪᠠᠶᠢᠳᠠᠭ ᠭᠡᠵᠦ ᠲᠦᠮᠡᠳ ᠵᠡᠭᠦᠨ ᠬᠤᠰᠢᠭᠤᠨ ᠤ ᠲᠡᠦᠬᠡ ᠰᠣᠶᠣᠯ ᠤᠨ ᠰᠤᠳᠤᠯᠭᠠᠨ ᠤ ᠨᠡᠶᠢᠭᠡᠮᠯᠢᠭ ᠤᠨ ᠤᠤᠯ ᠤᠨ ᠲᠡᠷᠢᠭᠦᠯᠡᠭᠴᠢ ᠢᠦᠢ ᠶᠦᠩ ᠹᠠ ᠶᠠᠷᠢᠨ᠎ᠠ᠃   ᠹᠧᠩ ᠵᠧᠦ ᠶᠢᠨ ᠲᠠᠯ᠎ᠠ ᠳᠤ ᠲᠠᠷᠢᠶᠠᠯᠠᠩ ᠬᠥᠭᠵᠢᠵᠦ᠂ ᠰᠠᠭᠤᠷᠢᠰᠢᠯ ᠢᠷᠭᠡᠳ ᠨᠡᠮᠡᠭᠳᠡᠬᠦ ᠶᠢ ᠳᠠᠭᠠᠯᠳᠤᠨ ᠲᠤᠰᠬᠤᠨ ᠪᠤᠢ ᠪᠣᠯᠵᠠᠢ᠃ ᠠᠯᠪᠠ ᠪᠠᠷᠢᠵᠤ ᠠᠷᠠᠯᠵᠢᠶ᠎ᠠ ᠨᠡᠪᠲᠡᠷᠡᠭᠰᠡᠨ ᠤ ᠳᠠᠷᠠᠭ᠎ᠠ᠂ ᠠᠯᠲᠠᠨ ᠬᠠᠭᠠᠨ 1572 ᠣᠨ ᠠᠴᠠ ᠹᠧᠩ ᠵᠧᠦ ᠶᠢᠨ ᠲᠠᠯ᠎ᠠ ᠳᠤ ᠤᠳᠤ ᠶᠢᠨ ᠭᠦᠭᠡᠬᠤᠳᠠ ᠶᠢ ᠡᠬᠢᠯᠡᠨ ᠪᠠᠶᠢᠭᠤᠯᠵᠤ 1575 ᠣᠨ ᠳᠤ ᠳᠠᠭᠤᠰᠬᠠᠵᠠᠢ᠃ 1582 ᠣᠨ ᠳᠤ᠂ ᠮᠢᠩ ᠱᠧᠨ᠋ᠽᠦ᠋ᠩ ᠬᠠᠭᠠᠨ ︽ᠭᠦᠢᠬᠤᠸᠠ︾ ᠭᠡᠮᠡᠭᠦ ᠨᠡᠷ᠎ᠡ ᠥᠭᠴᠡᠢ᠃   ᠭᠦᠭᠡᠬᠤᠳᠠ ᠶᠢ ᠪᠠᠶᠢᠭᠤᠯᠤᠭᠰᠠᠨ ᠢᠶᠠᠷ ᠤᠮᠠᠷᠠᠲᠤ ᠬᠢᠯᠢ ᠳᠤ ᠳᠤᠮᠳᠠᠳᠤ ᠶᠢᠨ ᠦᠨᠳᠦᠰᠦᠲᠡᠨ ᠨᠦᠭᠦᠳ ᠠᠵᠤ ᠲᠦᠷᠦᠨ ᠠᠮᠢᠳᠤᠷᠠᠭᠠᠳ ᠬᠥᠭᠵᠢᠯᠲᠡ ᠶᠢᠨ ᠲᠡᠦᠬᠡᠨ ᠬᠠᠷᠭᠤᠢ ᠪᠠᠷ ᠠᠶᠠᠯᠠᠵᠠᠢ᠃ ᠲᠦᠮᠡᠳ ᠤᠨ ᠲᠠᠯ᠎ᠠ ᠳᠤ ᠬᠤᠪᠢᠰᠬᠠᠯ ᠤᠨ ᠭᠠᠯ ᠣᠴᠢᠯᠠᠵᠤ᠂ ᠤᠯᠠᠭᠠᠨᠬᠦᠦ ᠵᠡᠷᠭᠡ ᠬᠤᠪᠢᠰᠬᠠᠯᠴᠢᠳ  ᠳᠤᠮᠳᠠᠳᠤ ᠤᠯᠤᠰ ᠤᠨ ᠡᠪ ᠬᠠᠮᠲᠤ ᠨᠠᠮ ᠤᠨ ᠵᠥᠪ ᠤᠨᠤᠪᠴᠢᠲᠠᠢ ᠤᠳᠤᠷᠢᠳᠤᠯᠭ᠎ᠠ ᠳᠣᠣᠷ᠎ᠠ ᠠᠩᠬᠠᠳᠠᠭᠴᠢ ᠮᠤᠵᠢ ᠶᠢᠨ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠢ ᠪᠠᠶᠢᠭᠤᠯᠤᠭᠰᠠᠨ ᠶᠤᠮ᠃ ᠥᠨᠥᠳᠥᠷ ᠭᠦᠭᠡᠬᠤᠳᠠ ᠨᠢ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠬᠦᠯᠡᠩᠲᠦ ᠬᠤᠳᠠ ᠪᠣᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠠᠵᠤ ᠲᠦᠷᠦᠨ ᠠᠮᠢᠳᠤᠷᠠᠵᠤ ᠪᠠᠶᠢᠨ᠎ᠠ᠃   ᠬᠠᠷᠠᠤ᠋ᠰᠤ ᠨᠠᠭᠤᠷ ᠤᠨ ᠡᠷᠭᠢᠨ ᠠᠴᠠ ᠰᠢᠨ᠎ᠡ ᠴᠠᠭ ᠦᠶ᠎ᠡ ᠶᠢᠨ ᠤᠷᠠᠢ ᠬᠠᠩᠭᠢᠨᠠᠵᠤ᠂ ᠰᠢᠨᠵᠢᠯᠡᠭᠡ ᠮᠡᠷᠭᠡᠵᠢᠯ ᠤᠨ ᠳᠠᠭᠤᠨ ᠴᠤᠤᠷᠢᠶᠠᠲᠤᠨ᠎ᠠ᠃ ᠲᠣᠭᠠᠴᠢᠯᠠᠭᠰᠠᠨ ᠲᠠᠪᠴᠠᠩ ᠢᠶᠠᠷ ᠵᠡᠪᠰᠡᠭᠯᠡᠭᠰᠡᠨ ᠣᠶᠤᠨᠴᠢ ᠲᠠᠷᠢᠶᠠᠨ ᠭᠠᠵᠠᠷ᠂ ᠰᠦ ᠶᠢᠨ ᠦᠢᠯᠡᠰ ᠢᠶᠠᠷ ᠮᠠᠩᠯᠠᠶᠢᠯᠠᠭᠰᠠᠨ ᠢᠯᠢ ᠪᠦᠯᠦᠭᠯᠡᠯ᠂ ᠠᠷᠢᠭᠤᠨ ᠡᠨᠧᠷᠭᠢ ᠪᠠᠷ ᠳᠦᠷᠡᠯᠵᠡᠭᠰᠡᠨ ᠵᠢᠨᠱᠠᠨ ᠢᠯᠴᠢ ᠶᠢᠨ ᠴᠠᠭᠢᠯᠭᠠᠨ ᠦᠢᠯᠡᠳᠪᠦᠷᠢ ᠵᠡᠷᠭᠡ ᠨᠢ ᠲᠦᠮᠡᠳ ᠤᠨ ᠲᠠᠯ᠎ᠠ ᠳᠤ ᠰᠦᠨᠳᠡᠷᠯᠡᠵᠦ᠂ ᠴᠡᠯᠡᠭᠡᠷ ᠲᠠᠯ᠎ᠠ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃
        6380083002494973009179091.jpg
          ︽ᠠᠷᠤ ᠭᠠᠵᠠᠷ ᠤᠨ ᠵᠢᠶᠠᠩᠨᠠᠨ︾ -  ᠬᠠᠷᠠᠤ᠋ᠰᠤ ᠨᠠᠭᠤᠷ  ᠡᠭᠦᠯᠡᠨ ᠬᠡ ᠲᠠᠢ ᠣᠷᠴᠢᠯᠠᠩ ᠤᠨ ᠦᠵᠡᠰᠬᠦᠯᠡᠩᠲᠦ ᠴᠢᠮᠡᠭ ᠪᠣᠯᠤᠭᠰᠠᠨ ᠬᠠᠷᠠᠤ᠋ᠰᠤ ᠨᠠᠭᠤᠷ ᠨᠢ ᠬᠠᠷᠠᠭᠰᠠᠨ ᠪᠦᠭᠦᠨ ᠤ ᠬᠠᠷᠠᠭ᠎ᠠ ᠶᠢ ᠪᠤᠯᠢᠶᠠᠨ ᠰᠡᠳᠬᠢᠯ ᠢ ᠠᠷᠢᠭᠤᠰᠬᠠᠳᠠᠭ ᠤᠨ ᠤᠴᠢᠷ ᠶᠠᠭᠤᠨ ᠪᠢᠯᠡ ᠳ᠋ᠠ︖ ᠬᠠᠲᠤᠨ ᠭᠤᠣᠯ ᠠᠴᠠ ᠤᠮᠳᠠᠯᠠᠭᠰᠠᠨ ᠎ ᠤ ᠶᠤᠮ ᠤᠤ︖- ᠬᠠᠷᠠᠤ᠋ᠰᠤ ᠨᠠᠭᠤᠷ ᠪᠣᠯ ᠬᠠᠲᠤᠨ ᠭᠤᠣᠯ ᠤᠨ ᠬᠤᠪᠢᠷᠠᠯᠲᠠ ᠠᠴᠠ ᠡᠭᠦᠰᠦᠭᠰᠡᠨ ᠪᠤᠭᠤᠯᠭᠠᠨ ᠨᠠᠭᠤᠷ ᠪᠣᠯᠣᠨ᠎ᠠ᠃ ᠬᠠᠷᠠᠤ᠋ᠰᠤ ᠭᠡᠵᠦ ᠨᠡᠷᠡᠯᠡᠳᠡᠭ ᠪᠠᠶᠢᠭᠰᠠᠨ᠂ ᠬᠠᠷᠠᠤ᠋ᠰᠤ ᠨᠠᠭᠤᠷ ᠭᠡᠳᠡᠭ ᠨᠡᠷ᠎ᠡ ᠶᠢ ᠰᠡᠭᠦᠯ ᠳᠤᠨᠢ ᠥᠭᠴᠡᠢ᠃ 60 ᠵᠢᠯ ᠤᠨ ᠡᠮᠦᠨ᠎ᠡ᠂ ᠬᠠᠷᠠᠤ᠋ᠰᠤ ᠨᠠᠭᠤᠷ ᠨᠢ ᠬᠠᠲᠤᠨ ᠭᠤᠣᠯ ᠲᠠᠢ ᠬᠤᠯᠪᠤᠭ᠎ᠠ ᠦᠭᠡᠢ ᠪᠠᠶᠢᠭᠰᠠᠨ᠂ 1962 ᠣᠨ ᠠᠴᠠ ᠴᠦᠭᠦᠷᠤᠮ ᠪᠠᠷᠢᠭᠠᠳ ᠬᠠᠲᠤᠨ ᠭᠤᠣᠯ ᠤᠨ ᠤᠰᠤ ᠶᠢ ᠲᠠᠲᠠᠵᠤ᠂ ᠲᠠᠯ᠎ᠠ ᠭᠠᠵᠠᠷ ᠤᠨ ᠤᠰᠤᠨ ᠴᠥᠭᠦᠷᠥᠮ ᠪᠤᠯᠭᠠᠵᠤ᠂ ᠡᠷᠭᠢᠨ ᠲᠣᠭᠤᠷᠢᠨ ᠤ ᠬᠡᠳᠦᠨ ᠲᠦᠮᠡᠨ ᠮᠦ ᠲᠠᠷᠢᠶ᠎ᠠ ᠶᠢ ᠤᠰᠤᠯᠠᠳᠠᠭ ᠪᠠᠶᠢᠭᠰᠠᠨ ᠭᠡᠵᠦ ᠲᠦᠮᠡᠳ ᠵᠡᠭᠦᠨ ᠬᠤᠰᠢᠭᠤᠨ ᠤ ᠲᠡᠦᠬᠡ ᠰᠣᠶᠣᠯ ᠤᠨ ᠰᠤᠳᠤᠯᠭᠠᠨ ᠤ ᠨᠡᠶᠢᠭᠡᠮᠯᠢᠭ ᠤᠨ ᠤᠤᠯ ᠤᠨ ᠲᠡᠷᠢᠭᠦᠯᠡᠭᠴᠢ ᠢᠦᠢ ᠶᠦᠩ ᠹᠠ ᠶᠠᠷᠢᠨ᠎ᠠ᠃ᠬᠡᠳᠦᠨ ᠮᠢᠩᠭᠠᠨ ᠵᠢᠯ ᠦᠷᠭᠦᠯᠵᠢᠯᠡᠭᠰᠡᠨ ᠳᠤᠮᠳᠠᠳᠤ ᠶᠢᠨ ᠪᠣᠯᠪᠠᠰᠤᠨ ᠥᠪᠡᠷᠮᠢᠴᠡ ᠦᠷᠳᠡᠭ ᠤᠨ ᠰᠢᠰᠲ᠋ᠧᠮ ᠲᠠᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠨᠢᠭᠡᠨᠲᠡ ᠳᠤᠮᠳᠠᠳᠤ ᠶᠢᠨ ᠦᠨᠳᠦᠰᠦᠲᠡᠨ ᠤ ᠭᠧᠨ ᠪᠣᠯᠵᠤ᠂ ᠳᠤᠮᠳᠠᠳᠤᠴᠤᠳ ᠤᠨ ᠳᠣᠲᠣᠭᠠᠳᠤ ᠰᠡᠳᠬᠢᠯ ᠳᠤ ᠦᠨᠳᠦᠰᠦᠯᠡᠵᠦ᠂ ᠳᠤᠮᠳᠠᠳᠤᠴᠤᠳ ᠤᠨ ᠦᠵᠡᠯ ᠰᠠᠨᠠᠭᠠᠨ ᠤ ᠭᠡᠯᠪᠡᠷᠢ ᠪᠠ ᠦᠢᠯᠡ ᠠᠵᠢᠯᠯᠠᠭ᠎ᠠ ᠶᠢᠨ ᠭᠡᠯᠪᠡᠷᠢ ᠶᠢ ᠠᠶᠠᠨᠳᠠᠭᠠᠨ ᠨᠥᠯᠥᠭᠡᠯᠡᠵᠦ ᠪᠠᠶᠢᠳᠠᠭ᠃ ᠳᠤᠮᠳᠠᠳᠤ ᠶᠢᠨ ᠦᠨᠳᠦᠰᠦᠲᠡᠨ ᠡᠷᠲᠡᠨ ᠠᠴᠠ ᠭᠤᠣᠯ ᠤᠰᠤ ᠪᠠᠨ ᠬᠠᠶᠢᠷᠠᠯᠠᠨ ᠬᠠᠮᠠᠭᠠᠯᠠᠵᠤ᠂ ᠤᠰᠤᠨ ᠤ ᠵᠠᠰᠠᠯᠲᠠ ᠬᠢᠵᠦ ᠪᠠᠶᠢᠭᠰᠠᠨ ᠰᠢᠯᠢᠳᠡᠭ ᠤᠯᠠᠮᠵᠢᠯᠠᠯ ᠲᠠᠢ ᠪᠢᠯᠡ᠃    ᠵᠢᠷᠭᠠᠬᠤ ᠨᠠᠷᠠᠨ ᠤ ᠰᠢᠵᠢᠷ ᠲᠤᠶᠠᠭᠠᠨ ᠳᠤ ᠬᠠᠷᠠᠤ᠋ᠰᠤ ᠨᠠᠭᠤᠷ ᠤᠨ ᠳᠣᠯᠭᠢᠶ᠎ᠠ ᠡᠷᠭᠢ ᠪᠠᠨ ᠲᠡᠯᠡᠨ ᠮᠡᠯᠮᠡᠷᠡᠨ᠎ᠡ᠃ ᠬᠠᠯᠢᠨ ᠨᠢᠰᠬᠦ ᠰᠢᠪᠠᠭᠤᠳ  ︽ᠠᠷᠤ ᠭᠠᠵᠠᠷ ᠤᠨ ᠵᠢᠶᠠᠩᠨᠠᠨ︾᠎ ᠳᠠᠭᠠᠨ ᠬᠤᠷᠭᠤᠳᠠᠨ ᠬᠤᠷᠭᠤᠳᠠᠨ᠎ᠠ᠃ ᠬᠠᠷᠠᠤ᠋ᠰᠤ ᠨᠠᠭᠤᠷ ᠨᠢ ᠰᠢᠪᠠᠭᠤᠳ ᠤᠨ ᠦᠷᠡᠵᠢᠨ ᠲᠦᠯᠵᠢᠭᠦ ᠲᠠᠭᠠᠲᠠᠢ ᠣᠷᠣᠨ ᠪᠥᠭᠡᠳ ᠨᠡᠭᠦᠳᠡᠯᠯᠡᠬᠦ ᠰᠢᠪᠠᠭᠤᠳ ᠤᠨ ᠠᠮᠠᠷᠠᠯᠲᠠ ᠶᠢᠨ ᠭᠠᠵᠠᠷ ᠪᠤᠯᠳᠠᠭ᠃ ᠡᠨᠡ ᠬᠦ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠭᠠᠵᠠᠷ ᠳᠣᠣᠷᠠᠬᠢ ᠤᠰᠤᠨ ᠤ ᠰᠤᠷᠪᠤᠯᠵᠢ ᠶᠢ ᠨᠥᠬᠦᠪᠦᠷᠢᠯᠡᠬᠦ ᠨᠢ ᠲᠡᠷᠢᠭᠦᠨ ᠴᠢᠬᠤᠯᠠ ᠠᠰᠠᠭᠤᠳᠠᠯ ᠪᠣᠯᠣᠨ᠎ᠠ᠃   1958 ᠣᠨ ᠳᠤ ᠤᠯᠠᠭᠠᠨᠴᠠᠪ ᠠᠶᠢᠮᠠᠭ᠂ ᠲᠣᠭᠲᠠᠬᠤ ᠰᠢᠶᠠᠨ ᠬᠠᠮᠲᠤ ᠪᠠᠷ ᠤᠰᠤ ᠲᠠᠲᠠᠬᠤ ᠦᠷᠲᠡᠭᠡ ᠪᠠᠶᠢᠭᠤᠯᠵᠤ᠂ ︽ᠬᠠᠷᠠᠤ᠋ᠰᠤ ᠨᠠᠭᠤᠷ ᠤᠨ ᠤᠰᠤ ᠲᠠᠲᠠᠬᠤ ᠬᠠᠮᠢᠶᠠᠷᠤᠯᠲᠠ ᠶᠢᠨ ᠦᠷᠲᠡᠭᠡ︾ ᠬᠡᠮᠡᠨ ᠨᠡᠷᠡᠶᠢᠳᠴᠦ᠂ ᠤᠯᠠᠭᠠᠨᠴᠠᠪ ᠠᠶᠢᠮᠠᠭ ᠠᠴᠠ ᠬᠠᠮᠢᠶᠠᠷᠴᠤ᠂ ᠦᠶᠡᠷ ᠵᠠᠯᠠᠬᠤ ᠰᠤᠪᠠᠭ᠂ ᠵᠡᠭᠦᠨ᠂ ᠪᠠᠷᠠᠭᠤᠨ᠂ ᠡᠮᠦᠨ᠎ᠡ ᠭᠤᠷᠪᠠᠨ ᠲᠠᠯ᠎ᠠ ᠶᠢᠨ ᠬᠠᠰᠢᠯᠭ᠎ᠠ᠂ ᠦᠶᠡᠷ ᠤᠨ ᠬᠠᠭᠠᠯᠲᠠ ᠵᠡᠷᠭᠡ ᠪᠠᠷᠢᠯᠭ᠎ᠠ ᠪᠠᠶᠢᠭᠤᠯᠵᠤ᠂ ᠲᠠᠯ᠎ᠠ ᠭᠠᠵᠠᠷ ᠤᠨ ᠤᠰᠤᠨ ᠴᠥᠭᠦᠷᠥᠮ ᠪᠤᠯᠭᠠᠵᠤ᠂ 1969 ᠣᠨ ᠳᠤ ᠲᠦᠮᠡᠳ ᠵᠡᠭᠦᠨ ᠬᠤᠰᠢᠭᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠤ ᠬᠤᠪᠢᠳᠠᠨ ᠬᠠᠮᠢᠶᠠᠷᠤᠭᠤᠯᠪᠠ᠃ 1970 ᠣᠨ ᠠᠴᠠ ᠬᠤᠶᠢᠰᠢ᠂ ᠪᠦᠭᠦ ᠲᠠᠯ᠎ᠠ ᠪᠠᠷ ᠲᠥᠯᠥᠪᠵᠢᠭᠦᠯᠦᠨ ᠵᠢᠷᠤᠵᠤ ᠲᠥᠯᠥᠪᠯᠡᠬᠦ ᠪᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠵᠦ᠂  ᠠᠷᠠᠳ ᠤᠨ ᠠᠮᠢᠳᠤᠷᠠᠯ ᠤᠨ ᠤᠰᠤ᠂ ᠦᠶᠡᠷ ᠢ ᠰᠡᠷᠭᠡᠶᠢᠯᠡᠬᠦ᠂ ᠵᠢᠭᠠᠰᠤᠨ ᠤ ᠠᠵᠤ ᠠᠬᠤᠢ᠂ ᠬᠤᠯᠤᠰᠤᠨ ᠤ ᠠᠵᠤ ᠠᠬᠤᠢ ᠵᠡᠷᠭᠡ ᠶᠢ ᠬᠥᠭᠵᠢᠭᠦᠯᠵᠡᠢ᠃ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ 1996 ᠣᠨ ᠳᠤ ᠬᠠᠷᠠᠤ᠋ᠰᠤ ᠨᠠᠭᠤᠷ ᠢ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠤᠯᠭᠠᠵᠤ᠂ 2003 ᠣᠨ ᠳᠤ ᠬᠤᠲᠠ ᠶᠢᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ 2007 ᠣᠨ ᠳᠤ᠂ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ 2019 ᠣᠨ ᠳᠤ᠂ ᠤᠯᠤᠰ ᠤᠨ ᠨᠤᠭᠤ ᠭᠠᠵᠠᠷ ᠤᠨ ᠴᠡᠴᠡᠷᠯᠢᠭ ᠪᠣᠯᠪᠠ᠃ 2015 ᠣᠨ ᠳᠤ᠂ ᠬᠠᠷᠠᠤ᠋ᠰᠤ ᠨᠠᠭᠤᠷ ᠤᠨ ᠲᠦᠮᠡᠨ ᠮᠦ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠪᠡ᠃ 2015 ᠣᠨ ᠳᠤ᠂ ᠴᠢᠶᠣᠤ ᠫᠠᠩ ᠵᠢᠶᠠ  ᠲᠣᠰᠬᠤᠨ ᠤ 98 ᠡᠷᠦᠭᠡ ᠰᠠᠭᠤᠭᠠᠯᠢ ᠠᠷᠠᠳ ᠢ ᠨᠡᠭᠦᠯᠭᠡᠪᠡ᠃ 2019 ᠣᠨ ᠠᠴᠠ 2020 ᠣᠨ ᠤ 10 ᠰᠠᠷ᠎ᠠ ᠪᠤᠯᠲᠠᠯ᠎ᠠ᠂ ᠬᠠᠷᠠᠤ᠋ᠰᠤ ᠨᠠᠭᠤᠷ ᠤᠨ 30 ᠭᠠᠷᠤᠢ ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠲᠤᠨᠤᠮᠠᠯ ᠰᠢᠪᠠᠷ ᠢ ᠱᠦᠭᠦᠵᠦ ᠭᠠᠷᠭᠠᠭᠠᠳ ᠲᠤᠭᠤᠰᠭ᠋᠎ᠠ ᠬᠢᠵᠡᠢ᠃- 2021 ᠣᠨ ᠳᠤ  ︽ᠬᠠᠲᠤᠨ ᠭᠤᠣᠯ ᠤᠨ ᠰᠠᠪᠠ ᠭᠠᠵᠠᠷ ᠤᠨ ᠬᠠᠷᠠᠤ᠋ᠰᠤ ᠨᠠᠭᠤᠷ ᠤᠨ ᠠᠮᠢ ᠠᠬᠤᠢ ᠶᠢ ᠵᠠᠰᠠᠬᠤ ᠲᠦᠷᠦᠯ ᠵᠦᠢᠯ︾ ᠎ ᠢ ᠭᠤᠶᠤᠴᠢᠯᠠᠨ ᠣᠯᠣᠭᠠᠳ ᠵᠠᠰᠠᠯᠲᠠ ᠬᠢᠵᠦ ᠪᠤᠢ᠃ ᠮᠥᠨᠴᠦ ᠪᠠᠰᠠ 2019 ᠣᠨ ᠠᠴᠠ ᠡᠬᠢᠯᠡᠨ ᠨᠠᠭᠤᠷ ᠤᠨ ᠬᠤᠯᠤᠰᠤ ᠶᠢ ᠴᠡᠪᠡᠷᠯᠡᠬᠦ᠂ ᠲᠤᠨᠤᠮᠠᠯ ᠰᠢᠪᠡᠷ ᠢ ᠱᠦᠭᠦᠭᠦ ᠵᠡᠷᠭᠡ ᠠᠵᠢᠯ ᠢ ᠬᠢᠭᠰᠡᠨ᠃ ᠬᠠᠷᠠᠤ᠋ᠰᠤ ᠨᠠᠭᠤᠷ ᠤᠨ 30 ᠭᠠᠷᠤᠢ ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠲᠤᠨᠤᠮᠠᠯ ᠰᠢᠪᠠᠷ ᠢ ᠱᠦᠭᠦᠨ ᠭᠠᠷᠭᠠᠵᠤ ᠲᠤᠭᠤᠰᠭ᠋᠎ᠠ ᠬᠢᠵᠦ ᠳᠠᠭᠢᠨ ᠦᠷ᠎ᠡ ᠠᠰᠢᠭ ᠣᠯᠣᠭᠰᠠᠨ᠃ ᠤᠳᠤ ᠬᠠᠷᠠᠤ᠋ᠰᠤ ᠨᠠᠭᠤᠷ ᠤᠨ ᠤᠰᠤ ᠨᠢ ᠴᠡᠩᠬᠡᠷ ᠪᠣᠯᠵᠤ᠂ ᠵᠢᠭᠠᠰᠤ ᠵᠢᠷᠠᠭᠠᠬᠠᠢ ᠦᠷᠡᠵᠢᠨ᠂ ᠤᠰᠤᠨ ᠤ ᠰᠢᠪᠠᠭᠤᠳ ᠴᠡᠩᠭᠡᠨ ᠱᠤᠮᠪᠠᠭ᠋ᠤ ᠪᠣᠯᠤᠭᠰᠠᠨ ᠭᠡᠵᠦ ᠲᠦᠮᠡᠳ ᠵᠡᠭᠦᠨ ᠬᠤᠰᠢᠭᠤᠨ ᠤ ᠬᠠᠷᠠᠤ᠋ᠰᠤ ᠨᠠᠭᠤᠷ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠲᠥᠪ ᠤᠨ ᠳᠡᠳ᠋ ᠡᠷᠭᠢᠯᠡᠭᠴᠢ ᠯᠢᠦ ᠡᠯ ᠵᠢᠶᠦ᠋ᠨ ᠶᠠᠷᠢᠨ᠎ᠠ᠃    ︽ᠨᠠᠭᠤᠷ ᠠᠮᠤᠭᠤᠯᠠᠩ ᠪᠣᠯ ᠨᠤᠭᠤᠰᠤ ᠠᠮᠤᠭᠤᠯᠠᠩ︾᠃ ᠣᠷᠴᠢᠮ ᠤᠨ ᠵᠢᠯ ᠠᠴᠠ ᠬᠠᠷᠠᠤ᠋ᠰᠤ ᠨᠠᠭᠤᠷ ᠤᠨ ᠠᠮᠢ ᠠᠬᠤᠢ ᠰᠠᠶᠢᠵᠢᠷᠠᠵᠤ ᠵᠢᠭᠤᠯᠴᠢᠯᠠᠯ ᠤᠨ ᠣᠷᠣᠨ ᠪᠣᠯᠪᠠ᠃ ᠬᠠᠷᠠᠤ᠋ᠰᠤ ᠨᠠᠭᠤᠷ ᠶᠡᠷᠦ ᠨᠢ ᠳᠡᠭᠡᠷ᠎ᠡ ᠵᠠᠭᠤᠨ ᠤ ᠨᠠᠶᠠᠭᠠᠳ ᠣᠨ ᠠᠴᠠ ᠡᠬᠢᠯᠡᠨ ᠵᠢᠭᠤᠯᠴᠢᠯᠠᠯ ᠤᠨ ᠲᠥᠯᠥᠪᠯᠡᠭᠡ ᠬᠢᠵᠦ ᠪᠠᠶᠢᠭᠰᠠᠨ ᠶᠤᠮ᠃ ᠡᠶᠢᠨ ᠬᠦ 1985 ᠣᠨ ᠠᠴᠠ ᠦᠨᠳᠦᠰᠦᠨ ᠪᠦᠲᠦᠭᠡᠨ ᠪᠠᠶᠢᠭᠤᠯᠤᠯᠲᠠ ᠬᠢᠵᠦ᠂ ᠵᠢᠭᠤᠯᠴᠢᠯᠠᠯ ᠰᠡᠯᠡᠭᠦᠴᠡᠯ ᠤᠨ ᠲᠣᠰᠬᠤᠨ ᠪᠣᠯᠭᠠᠨ ᠬᠥᠭᠵᠢᠭᠦᠯᠪᠡ᠃    2012 ᠣᠨ ᠳᠤ᠂ ᠠᠮᠢ ᠠᠬᠤᠢ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ᠂ ᠵᠢᠭᠤᠯᠴᠢᠯᠠᠯ ᠤᠨ ᠲᠥᠷᠥᠯ ᠵᠦᠢᠯ ᠢ ᠵᠣᠬᠢᠰᠲᠠᠢ ᠨᠡᠭᠡᠭᠡᠨ ᠬᠥᠭᠵᠢᠭᠦᠯᠬᠦ ᠵᠠᠷᠴᠢᠮ ᠶᠣᠰᠣᠭᠠᠷ᠂ ᠠᠷᠠᠯᠵᠢᠶᠠᠴᠢᠨ ᠤᠷᠢᠵᠤ  ᠪᠡᠯᠡ ᠮᠥᠩᠭᠦ ᠣᠷᠣᠭᠤᠯᠤᠨ ᠠᠪᠴᠢᠷᠠᠵᠤ᠂ ᠥᠪᠥᠷ ᠮᠣᠩᠭᠤᠯ ᠤᠨ ᠴᠡᠯᠡᠭᠡᠷ ᠲᠠᠯ᠎ᠠ ᠵᠢᠭᠤᠯᠴᠢᠯᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠠᠴᠠ ︽  ᠭᠤᠷᠪᠠᠨ ᠬᠦᠷᠢᠶᠡᠯᠡᠩ ᠭᠤᠷᠪᠠᠨ ᠲᠣᠭᠤᠷᠢᠭ ︾᠎ ᠢ ᠪᠠᠶᠢᠭᠤᠯᠵᠠᠢ᠃ ᠠᠳᠡ ᠢᠷᠡᠭᠰᠡᠨ ᠵᠢᠭᠤᠯᠴᠢᠯᠠᠬᠰᠠᠳ ᠨᠤᠭᠤ ᠭᠠᠵᠠᠷ ᠤᠨ ᠴᠡᠴᠡᠷᠯᠢᠭ᠂ ᠮᠠᠯ ᠠᠵᠤ ᠠᠬᠤᠢ ᠶᠢᠨ ᠵᠢᠱᠢᠶ᠎ᠡ ᠦᠵᠡᠭᠦᠯᠭᠦ ᠣᠷᠣᠨ᠂ ᠵᠢᠭᠠᠰᠤᠨ ᠤ  ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠢᠶᠠᠷ ᠲᠣᠭᠤᠷᠢᠵᠤ᠂ ᠣᠩᠭᠤᠴᠠᠨ ᠳᠤ ᠰᠠᠭᠤᠭᠠᠳ ᠤᠰᠤᠨ ᠤ ᠰᠢᠪᠠᠭᠤᠳ ᠲᠠᠢ ᠤᠷᠤᠯᠳᠤᠵᠦ᠂ ᠤᠯᠤᠰ ᠤᠨ 4A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠰᠡᠳᠬᠢᠯ ᠲᠠᠭᠠᠲᠠᠢ ᠠᠶᠠᠯᠠᠬᠤ ᠪᠣᠯᠤᠭᠰᠠᠨ ᠪᠠᠶᠢᠨ᠎ᠠ᠃- ᠬᠠᠷᠠᠤ᠋ᠰᠤ ᠨᠠᠭᠤᠷ ᠲᠤ 270 ᠭᠠᠷᠤᠢ ᠲᠦᠷᠦᠯ ᠤᠨ ᠰᠢᠪᠠᠭᠤᠳ ᠲᠠᠢ᠂ ᠡᠭᠦᠨ ᠳᠤ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠰᠢᠪᠠᠭᠤ 4 ᠲᠦᠷᠦᠯ ᠂ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠰᠢᠪᠠᠭᠤ 65 ᠲᠦᠷᠦᠯ ᠪᠤᠢ᠃ ᠮᠥᠨᠴᠦ ᠪᠠᠰᠠ ᠠᠯᠠᠭᠠᠨ᠎ᠠ᠂ ᠮᠥᠷᠭᠦ ᠵᠡᠷᠭᠡ 30 ᠭᠠᠷᠤᠢ ᠲᠦᠷᠦᠯ ᠤᠨ ᠵᠢᠭᠠᠰᠤ ᠪᠤᠢ ᠭᠡᠵᠦ ᠲᠦᠮᠡᠳ ᠵᠡᠭᠦᠨ ᠬᠤᠰᠢᠭᠤᠨ ᠤ ᠬᠠᠷᠠᠤ᠋ᠰᠤ ᠨᠠᠭᠤᠷ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠲᠥᠪ ᠤᠨ ᠳᠡᠳ᠋ ᠡᠷᠭᠢᠯᠡᠭᠴᠢ ᠯᠢᠦ ᠡᠯ ᠵᠢᠶᠦ᠋ᠨ ᠶᠠᠷᠢᠯ᠎ᠠ᠃    ᠬᠠᠷᠠᠤ᠋ᠰᠤ ᠨᠠᠭᠤᠷ ᠤᠨ ᠡᠷᠭᠢᠨ ᠠᠴᠠ ᠠᠯᠤᠰ ᠢ ᠪᠠᠷᠠᠯᠠᠬᠤᠶ᠎ᠠ ᠬᠥᠬᠡ ᠲᠡᠭᠷᠢ ᠴᠡᠩᠬᠡᠷ ᠤᠰᠤᠨ ᠵᠢᠰᠦ ᠵᠢᠰᠦ ᠪᠠᠨ ᠲᠣᠯᠢᠳᠠᠨ᠎ᠠ᠃ ᠬᠥᠩᠭᠡᠨ ᠵᠠᠪᠢ ᠤᠰᠤᠨ ᠤ ᠰᠢᠪᠠᠭᠤᠳ ᠲᠠᠢ ᠵᠤᠤᠵᠠᠢ ᠬᠤᠯᠪᠣᠨ᠂ ᠵᠢᠭᠠᠰᠤᠴᠢᠨ  ᠵᠠᠯᠠᠭᠤ ᠢᠨᠢᠶᠡᠮᠰᠦᠭᠯᠡᠯ ᠲᠣᠳᠣᠷᠠᠭᠤᠯᠤᠨ᠎ᠠ᠃   ᠦᠳᠡᠰᠢ  ᠶᠢᠨ ᠪᠦᠷᠦᠩᠬᠦᠢ  ᠳᠤ ᠰᠢᠷᠠᠭᠰᠠᠨ ᠵᠢᠭᠠᠰᠤᠨ ᠤ ᠦᠨᠦᠷ ᠰᠢᠯᠦᠰᠦ ᠬᠤᠷᠠᠭᠤᠯᠤᠨ᠎ᠠ᠃ ︽ᠬᠠᠷᠠᠤ᠋ᠰᠤ ᠨᠠᠭᠤᠷ ᠤᠨ ᠠᠮᠢ ᠠᠬᠤᠢ ᠶᠢᠨ ᠵᠢᠭᠠᠰᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠰᠥᠯ︾᠎ ᠤᠨ ᠶᠣᠰᠣᠭᠠᠷ᠂ 2021 ᠣᠨ ᠳᠤ ᠬᠠᠷᠠᠤ᠋ᠰᠤ ᠨᠠᠭᠤᠷ ᠲᠤ 14 ᠲᠦᠮᠡᠨ ᠵᠢᠩ ᠵᠢᠷᠠᠭᠠᠬᠠᠢ ᠲᠠᠯᠪᠢᠵᠠᠢ᠃ ᠡᠶᠢᠨ ᠬᠦ  ᠲᠦᠮᠡᠳ ᠵᠡᠭᠦᠨ ᠬᠤᠰᠢᠭᠤ ᠨᠢ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠳᠤᠯ ᠦᠭᠡᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠠᠷᠠᠤ᠋ᠰᠤ ᠨᠠᠭᠤᠷ ᠤᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠭᠦ ᠦᠢᠯᠡᠰ ᠤᠨ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠵᠤ᠂ ᠠᠮᠢ ᠠᠬᠤᠢ ᠶᠢᠨ ᠬᠠᠮᠠᠭᠠᠯᠠᠯᠲᠠ ᠪᠠ ᠠᠵᠤ ᠠᠬᠤᠢ ᠶᠢᠨ ᠬᠤᠣᠰ ᠦᠷ᠎ᠡ ᠠᠰᠢᠭ ᠢ ᠬᠦᠷᠲᠡᠵᠡᠢ᠃   ᠴᠡᠯᠡᠭᠡᠷ ᠲᠠᠯ᠎ᠠ ᠶᠢᠨ ᠴᠡᠩᠬᠡᠷ ᠮᠡᠯᠮᠡᠢ ᠨᠠᠮᠤᠷ ᠤᠨ ᠰᠠᠯᠬᠢᠨ ᠳᠤ ᠨᠠᠮᠤᠭᠤᠬᠠᠨ ᠳᠣᠯᠭᠢᠶᠠᠯᠠᠨ᠎ᠠ᠃ ︽ᠠᠷᠤ ᠭᠠᠵᠠᠷ ᠤᠨ ᠵᠢᠶᠠᠩᠨᠠᠨ︾ ᠠᠮᠤᠭᠤᠯᠠᠩ ᠭᠦᠷᠦᠨ ᠤ ᠤᠮᠠᠷᠠᠲᠤ ᠬᠢᠯᠢ ᠶᠢᠨ ᠪᠣᠯᠣᠷ ᠰᠤᠪᠤᠳ ᠪᠣᠯᠣᠨ ᠭᠢᠯᠲᠠᠭᠠᠨᠠᠨ᠎ᠠ᠃
        ᠢᠷᠡᠯᠲᠡ᠄ ᠳᠣᠮᠳᠠᠳᠣ ᠣᠯᠣᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ