鄂尔多斯市人民政府蒙古文网站 Bet体育365提款不到账_网上365bet_365速发国际是黑平台吗

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠠᠯᠠᠷ ᠡᠷᠲᠡᠨ ᠤ ᠰᠣᠶᠣᠯ ᠤᠨ ︽ᠬᠥᠮᠥᠷᠭᠡ︾ - ᠰᠢᠩ ᠯᠦᠩ ᠸᠠ ᠶᠢᠨ ᠪᠠᠭᠤᠷᠢ
        ᠨᠡᠶᠢᠲᠡᠯᠡᠭᠰᠡᠨ ᠴᠠᠭ᠄
        2022/10/21
           ᠵᠣᠬᠢᠶᠠᠭᠴᠢ᠄ ᠰᠢᠶᠠᠩ ᠲᠤᠤ     ᠲᠤᠮᠲᠠᠲᠦ ᠶᠢᠨ ᠪᠠᠯᠠᠷ ᠡᠷᠲᠡᠨ ᠤ ᠨᠢᠭᠡᠳᠦᠭᠡᠷ ᠲᠤᠰᠬᠤᠨᠤᠲᠤ ᠠᠴᠠ 8000 ᠵᠢᠯ ᠤᠨ ᠡᠮᠦᠨᠡᠬᠢ ᠰᠢᠩ ᠯᠦᠩ ᠸᠠ ᠶᠢᠨ ᠪᠠᠭᠤᠷᠢ ᠶᠢ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠪᠤᠭᠤᠲᠤ ᠰᠢᠶᠠᠩ ᠤᠨ ᠰᠢᠩ ᠯᠦᠩ ᠸᠠ ᠲᠤᠰᠬᠤᠨ ᠠᠴᠠ ᠢᠯᠡᠷᠡᠭᠦᠯᠦᠭᠰᠡᠨ ᠪᠠᠶᠢᠨ᠎ᠠ᠃ ᠲᠤᠰ ᠪᠠᠭᠤᠷᠢ ᠪᠣᠯ ᠮᠠᠨ ᠤ ᠣᠷᠣᠨ ᠪᠠ ᠵᠡᠭᠦᠨ ᠬᠤᠶᠢᠲᠤ ᠶᠢᠨ ᠭᠠᠵᠠᠷ ᠣᠷᠣᠨ ᠤ ᠬᠠᠳᠠᠭᠠᠯᠠᠯᠲᠠ ᠪᠠᠷ ᠬᠠᠮᠤᠭ ᠤᠨ ᠪᠦᠷᠢᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠲᠤᠰᠬᠤᠨ ᠤ ᠪᠠᠭᠤᠷᠢ ᠪᠠᠶᠢᠵᠤ᠂ ᠬᠠᠭᠤᠴᠢ ᠰᠤᠳᠤᠯᠤᠯ ᠤᠨ ᠬᠢᠨ ᠳᠤ ︽ᠲᠤᠮᠲᠠᠲᠦ ᠶᠢᠨ ᠪᠠᠯᠠᠷ ᠡᠷᠲᠡᠨ ᠤ ᠨᠢᠭᠡᠳᠦᠭᠡᠷ ᠲᠤᠰᠬᠤᠨ︾ ᠬᠡᠮᠡᠭᠳᠡᠭᠰᠡᠨ ᠪᠢᠯᠡ᠃
        6374494380076439409245911.jpg
             ᠰᠢᠩ ᠯᠦᠩ ᠸᠠ ᠶᠢᠨ ᠪᠠᠭᠤᠷᠢ ᠶᠢᠨ ᠲᠠᠯᠠᠪᠠᠢ ᠨᠢ 3.5 ᠲᠦᠮᠡᠨ ᠲᠡᠭᠰᠢ ᠳᠥᠷᠪᠡᠯᠵᠢᠨ ᠮᠧᠲᠷ᠂ ᠪᠠᠭᠤᠷᠢ ᠶᠢ ᠬᠦᠷᠢᠶᠡᠯᠡᠭᠡᠳ ᠭᠤᠤ ᠰᠤᠪᠠᠭ ᠮᠠᠯᠲᠠᠵᠤ᠂ ᠭᠤᠤ ᠰᠤᠪᠠᠭ ᠠᠴᠠ ᠳᠣᠲᠣᠭᠰᠢ ᠪᠠᠯᠠᠷ ᠡᠷᠲᠡᠨ ᠤ ᠭᠡᠷ ᠪᠠᠶᠢᠰᠢᠩ ᠤᠳ ᠡᠩᠨᠡᠷᠡᠨ ᠵᠢᠭᠳᠡᠷᠡᠵᠡᠢ᠃ ᠡᠳᠡᠭᠡᠷ ᠪᠠᠶᠢᠰᠢᠩ ᠤᠳ ᠪᠦᠷ ᠯᠡ ᠪᠠᠷᠠᠭᠤᠨ ᠬᠤᠶᠢᠨ᠎ᠠ ᠠᠴᠠ ᠵᠡᠭᠦᠨ ᠡᠮᠦᠨᠡᠰᠢ ᠴᠢᠭᠯᠡᠯ ᠲᠠᠢ ᠪᠠᠶᠢᠷᠢᠰᠢᠵᠤ᠂ ᠪᠠᠷᠤᠭ ᠪᠦᠷ 50 ᠎ ᠠᠴᠠ 80 ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠪᠠᠶᠢᠳᠠᠭ᠂ ᠡᠭᠦᠨ ᠳᠤ ᠬᠠᠮᠤᠭ ᠤᠨ ᠶᠡᠭᠡ ᠨᠢ 140 ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠪᠠᠶᠢᠵᠤ᠂ ᠬᠠᠲᠤᠨ ᠭᠤᠣᠯ ᠤᠨ ᠰᠠᠪᠠ ᠭᠠᠵᠠᠷ ᠤᠨ ᠠᠳᠠᠯᠢ ᠬᠤᠭᠤᠴᠠᠭᠠᠨ ᠤ ᠣᠪᠣᠭ ᠤᠭᠰᠠᠭᠠᠨ ᠤ ᠰᠠᠭᠤᠷᠢᠰᠢᠯ ᠳᠣᠲᠣᠷ᠎ᠠ ᠬᠠᠮᠤᠭ ᠠᠴᠠ ᠠᠭᠤᠵᠢᠮ ᠰᠠᠭᠤᠷᠢᠰᠢᠯ ᠳᠤ ᠲᠣᠭᠠᠴᠠᠭᠳᠠᠵᠠᠢ᠃
           6374494381298259074880137.jpg
              ᠭᠡᠷ ᠪᠠᠶᠢᠰᠢᠩ ᠠᠴᠠ ᠭᠠᠳᠠᠨ᠎ᠠ ᠲᠤᠰ ᠪᠠᠭᠤᠷᠢ ᠠᠴᠠ ᠪᠠᠰᠠ ᠪᠠᠭ᠎ᠠ ᠪᠤᠰᠤ ᠦᠨᠡᠰᠦᠨ ᠨᠦᠬᠡ ᠢᠯᠡᠷᠡᠭᠦᠯᠵᠡᠢ᠃ ᠡᠭᠦᠨ ᠳᠤ 35 ᠳ᠋ᠤᠭᠠᠷ ᠦᠨᠡᠰᠦᠨ ᠨᠦᠬᠡ ᠪᠣᠯ ᠬᠠᠮᠤᠭ ᠤᠨ ᠶᠡᠭᠡ ᠨᠢ ᠪᠠᠶᠢᠵᠤ᠂ ᠲᠣᠭᠤᠷᠢᠭ ᠭᠡᠯᠪᠡᠷᠢ ᠲᠠᠢ᠂ ᠳ᠋ᠢᠶᠠᠮᠧᠲᠷ ᠨᠢ ᠬᠠᠮᠤᠭ ᠤᠨ ᠶᠡᠭᠡ ᠳᠡᠭᠡᠨ 4.22 ᠮᠧᠲᠷ ᠪᠠᠶᠢᠯ᠎ᠠ᠃ ᠡᠨᠡ ᠬᠦ ᠦᠨᠡᠰᠦᠨ ᠨᠦᠬᠡ ᠶᠢᠨ ᠣᠶᠢᠷ᠎ᠠ ᠬᠠᠪᠢ ᠪᠠᠷ 6 ᠵᠢᠵᠢᠭᠬᠡᠨ ᠲᠣᠭᠤᠷᠢᠭ ᠬᠡᠯᠪᠡᠷᠢᠲᠡᠢ ᠦᠨᠡᠰᠦᠨ ᠨᠦᠬᠡ ᠬᠦᠷᠢᠶᠡᠯᠡᠵᠦ᠂ ᠨᠦᠭᠡᠨ ᠤ ᠳᠤᠮᠳᠠ ᠬᠡᠰᠡᠭ ᠲᠤᠨᠢ ᠭᠠᠭ᠋ᠠᠢ ᠶᠢᠨ ᠶᠠᠰᠤ ᠶᠢ ᠪᠠᠷᠠᠭᠤᠨ ᠡᠮᠦᠨᠡᠰᠢ ᠬᠠᠨᠳᠤᠭᠤᠯᠤᠨ ᠰᠡᠭᠦᠯ ᠤᠨ ᠬᠡᠰᠡᠭ ᠢ ᠨᠢ ᠪᠠᠷᠠᠭᠤᠨ ᠬᠤᠶᠢᠰᠢ ᠬᠠᠨᠳᠤᠭᠤᠯᠤᠨ ᠣᠷᠣᠰᠢᠭᠤᠯᠤᠭᠰᠠᠨ ᠪᠠᠶᠢᠨ᠎ᠠ᠃ ᠡᠶᠢᠮᠦᠷᠬᠦᠦ ᠣᠷᠣᠰᠢᠭᠤᠯᠭ᠎ᠠ ᠶᠢᠨ ᠵᠠᠩ ᠦᠢᠯᠡ ᠨᠢ ᠨᠡᠩ ᠴᠦ ᠲᠤᠮᠲᠠᠲᠦ ᠤᠯᠤᠰ ᠤᠨ ᠪᠠᠯᠠᠷ ᠡᠷᠲᠡᠨ ᠤ ᠤᠨᠴᠠᠭᠠᠢ ᠵᠠᠩ ᠦᠢᠯᠡ ᠶᠢ ᠲᠤᠰᠬᠠᠵᠠᠢ᠃ ᠰᠢᠩ ᠯᠦᠩ ᠸᠠ ᠶᠢᠨ ᠪᠠᠭᠤᠷᠢ ᠶᠢᠨ 118 ᠳ᠋ᠤᠭᠠᠷ ᠤᠩᠭᠤᠨ ᠳᠠᠬᠢ ᠤᠩᠭᠤᠨ ᠤ ᠡᠵᠡᠨ ᠤ ᠪᠠᠷᠠᠭᠤᠨ ᠲᠠᠯ᠎ᠠ ᠳᠤ ᠡᠷ᠎ᠡ ᠭᠠᠭ᠋ᠠᠢ ᠪᠣᠯᠣᠨ ᠮᠡᠭᠡᠵᠢ ᠶᠢ ᠪᠦᠬᠦᠯᠢ ᠪᠠᠷ ᠨᠢ ᠣᠷᠣᠰᠢᠭᠤᠯᠤᠭᠰᠠᠨ ᠪᠠᠶᠢᠨ᠎ᠠ᠃ ᠬᠥᠮᠥᠨ ᠪᠠ ᠭᠠᠭ᠋ᠠᠢ ᠶᠢ ᠬᠠᠮᠲᠤ ᠣᠷᠣᠰᠢᠭᠤᠯᠤᠭᠰᠠᠨ ᠡᠶᠢᠮᠦᠷᠬᠦᠦ ᠦᠵᠡᠭᠳᠡᠯ ᠨᠢ ᠲᠤᠮᠲᠠᠲᠦ ᠤᠯᠤᠰ ᠤᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠪᠠᠭᠤᠷᠢ ᠳᠣᠲᠣᠷᠠᠬᠢ ᠠᠩᠬᠠᠳᠠᠭᠴᠢ ᠵᠢᠱᠢᠶ᠎ᠡ ᠪᠣᠯᠤᠭᠰᠠᠨ ᠶᠤᠮ᠃
        6374494382361490856030052.jpg
            ᠲᠤᠮᠲᠠᠲᠦ ᠤᠯᠤᠰ ᠤᠨ ᠬᠠᠳᠠᠭᠠᠯᠠᠯᠲᠠ ᠪᠠᠷ ᠬᠠᠮᠤᠭ ᠠᠴᠠ ᠪᠦᠷᠢᠨ᠂ ᠣᠨ ᠵᠢᠯ ᠢᠶᠠᠷ ᠬᠠᠮᠤᠭ ᠤᠨ ᠡᠷᠲᠡᠨ ᠤ ᠪᠠᠯᠠᠷ ᠡᠷᠲᠡᠨ ᠤ ᠲᠤᠰᠬᠤᠨ ᠪᠣᠯᠬᠤᠷ ᠲᠤᠰ ᠪᠠᠭᠤᠷᠢ ᠶᠢ ᠢᠯᠡᠷᠡᠭᠦᠯᠦᠮᠡᠭᠴᠡ ᠳᠡᠯᠡᠬᠡᠢ ᠶᠢᠨ ᠠᠩᠬᠠᠷᠤᠯ ᠳᠤ ᠬᠦᠷᠴᠦ᠂ ᠶᠠᠫᠤᠨ ᠤ ᠬᠠᠭᠤᠴᠢ ᠰᠤᠳᠤᠯᠤᠭᠠᠴᠢᠳ ᠴᠦ ᠲᠤᠰ ᠪᠠᠭᠤᠷᠢ ᠶᠢ ᠢᠯᠡᠷᠡᠭᠦᠯᠭᠦ ᠳᠤ ᠢᠳᠡᠪᠬᠢᠲᠡᠢ ᠤᠷᠤᠯᠴᠠᠬᠰᠠᠨ ᠪᠠᠶᠢᠨ᠎ᠠ᠃ ᠲᠤᠮᠲᠠᠲᠦ ᠤᠯᠤᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠨᠡᠶᠢᠭᠡᠮᠯᠢᠭ ᠤᠨ ᠤᠤᠯ ᠤᠨ ᠬᠡᠷᠡᠭ ᠡᠷᠭᠢᠯᠡᠭᠴᠢᠳ ᠤᠨ ᠳᠠᠷᠤᠭ᠎ᠠ ᠰᠦ ᠪᠢᠩ ᠴᠢ ︽ᠲᠤᠮᠲᠠᠲᠦ ᠤᠯᠤᠰ ᠤᠨ ᠪᠣᠯᠪᠠᠰᠤᠨ ᠤ ᠡᠭᠦᠰᠦᠯ ᠤᠨ ᠰᠢᠨ᠎ᠡ ᠬᠠᠶᠢᠯᠲᠠ︾ ᠭᠡᠮᠡᠭᠦ ᠨᠣᠮ ᠳᠠᠭᠠᠨ ᠰᠢᠩ ᠯᠦᠩ ᠸᠠ ᠶᠢᠨ ᠪᠠᠭᠤᠷᠢ ᠶᠢᠨ ᠲᠤᠬᠠᠢ ︽ᠤᠯᠠᠭᠠᠨᠬᠠᠳᠠ ᠬᠤᠲᠠ ᠶᠢᠨ ᠰᠢᠩ ᠯᠦᠩ ᠸᠠ ᠶᠢᠨ ᠪᠠᠭᠤᠷᠢ ᠨᠢ ᠣᠪᠣᠭ ᠤᠭᠰᠠᠭᠠᠨ ᠤ ᠨᠡᠶᠢᠭᠡᠮ ᠠᠴᠠ ᠤᠯᠤᠰ ᠲᠡᠶᠢᠰᠢ ᠬᠥᠭᠵᠢᠭᠰᠡᠨ ᠡᠷᠭᠢᠯᠲᠡ ᠶᠢᠨ ᠴᠡᠭ ᠪᠣᠯᠵᠠᠢ᠂ ᠲᠡᠭᠦᠨ ᠤ ᠪᠣᠯᠪᠠᠰᠤᠨ ᠤ ᠡᠭᠦᠰᠦᠯ ᠨᠢ ᠲᠦᠮᠡᠨ ᠵᠢᠯ ᠠᠴᠠ ᠬᠡᠲᠦᠷᠡᠵᠦ᠂ ᠨᠡᠶᠢᠭᠡᠮ ᠤᠨ ᠬᠤᠪᠢᠶᠠᠷᠢᠯᠠᠯᠲᠠ ᠨᠢ ᠲᠤᠮᠲᠠᠲᠦ ᠣᠷᠣᠨ ᠠᠴᠠ ᠡᠷᠲᠡ ᠪᠠᠶᠢᠭᠰᠠᠨ ᠶᠤᠮ︾ ᠭᠡᠵᠦ ᠪᠢᠴᠢᠭᠰᠡᠨ ᠪᠠᠶᠢᠳᠠᠭ᠃
        6374494383754084423175241.jpg
           ᠬᠠᠰ ᠤᠨ ᠰᠣᠶᠣᠯ ᠤᠨ ᠡᠭᠦᠰᠦᠯ ᠤᠨ ᠪᠠᠲᠤᠲᠠᠢ ᠭᠡᠷᠡᠴᠢ      1992 ᠣᠨ ᠤ ᠨᠠᠮᠤᠷ᠂ ᠰᠢᠩ ᠯᠦᠩ ᠸᠠ ᠶᠢᠨ ᠪᠠᠭᠤᠷᠢ ᠶᠢᠨ 117 ᠳ᠋ᠤᠭᠠᠷ ᠤᠩᠭᠤᠨ ᠳᠠᠬᠢ ᠤᠩᠭᠤᠨ ᠤ ᠡᠵᠡᠨ ᠤ ᠬᠤᠶᠠᠷ ᠲᠠᠯ᠎ᠠ ᠠᠴᠠ ᠬᠤᠣᠰ ᠬᠠᠰ ᠡᠭᠡᠮᠦᠭ ᠢ ᠢᠯᠡᠷᠡᠭᠦᠯᠦᠭᠰᠡᠨ ᠪᠠᠶᠢᠨ᠎ᠠ᠃ 1994 ᠣᠨ ᠤ 10 ᠰᠠᠷ᠎ᠠ ᠳᠤ᠂ 135 ᠳ᠋ᠤᠭᠠᠷ ᠤᠩᠭᠤᠨ ᠠᠴᠠ ᠮᠥᠨ ᠨᠠᠷᠢᠯᠢᠭ ᠤᠷᠠᠯᠠᠨ ᠪᠦᠲᠦᠭᠡᠭᠰᠡᠨ ᠳ᠋ᠢᠶᠠᠮᠧᠳ᠋ᠷ ᠨᠢ 6 ᠰᠠᠨᠲ᠋ᠢᠮᠧᠲᠷ ᠤᠨ ᠬᠤᠣᠰ ᠡᠭᠡᠮᠦᠭ ᠢ ᠢᠯᠡᠷᠡᠭᠦᠯᠦᠭᠰᠡᠨ ᠪᠠᠶᠢᠨ᠎ᠠ᠃ ᠮᠥᠨ ᠪᠠᠰᠠ ᠲᠤᠰ ᠪᠠᠭᠤᠷᠢ ᠶᠢᠨ 7 ᠳ᠋ᠤᠭᠠᠷ ᠤᠩᠭᠤᠨ ᠳᠠᠬᠢ ᠤᠩᠭᠤᠨ ᠤ ᠡᠵᠡᠨ ᠤ ᠵᠡᠭᠦᠨ ᠮᠥᠷᠥ ᠪᠠ ᠪᠠᠷᠠᠭᠤᠨ ᠴᠠᠷᠪᠠᠭᠤ ᠶᠢᠨ ᠶᠠᠰᠤᠨ ᠠᠴᠠ ᠲᠤᠰ ᠲᠤᠰ ᠨᠢᠭᠡ ᠬᠠᠰ ᠵᠠᠰᠠᠯ ᠢ ᠣᠯᠣᠭᠰᠠᠨ ᠪᠠᠶᠢᠨ᠎ᠠ ᠁ ᠲᠤᠰ ᠪᠠᠭᠤᠷᠢ ᠠᠴᠠ ᠢᠯᠡᠷᠡᠭᠦᠯᠦᠭᠰᠡᠨ ᠬᠠᠰ ᠰᠦᠬᠡ᠂ ᠬᠠᠰ ᠡᠭᠡᠮᠦᠭ ᠵᠡᠷᠭᠡ 100 ᠭᠠᠷᠤᠢ ᠬᠠᠰ ᠤᠨ ᠡᠳ᠋ᠯᠡᠯ ᠬᠡᠷᠡᠭᠰᠡᠯ ᠪᠣᠯ ᠪᠦᠷ ᠤᠲᠤ ᠠᠴᠠ 8200 ᠵᠢᠯ ᠠᠴᠠ 7400 ᠵᠢᠯ ᠤᠨ ᠡᠮᠦᠨᠡᠬᠢ ᠪᠣᠳᠠᠰ ᠪᠠᠶᠢᠵᠤ᠂ ᠣᠳᠣᠬᠠᠨ ᠪᠤᠯᠲᠠᠯ᠎ᠠ ᠮᠡᠳᠡᠭᠡᠳ ᠪᠠᠶᠢᠭ᠎ᠠ ᠲᠤᠮᠲᠠᠲᠦ ᠤᠯᠤᠰ ᠤᠨ ᠣᠨ ᠵᠢᠯ ᠢᠶᠠᠷ ᠬᠠᠮᠤᠭ ᠤᠨ ᠡᠷᠲᠡᠨ ᠤ ᠬᠠᠰ ᠡᠳ᠋ᠯᠡᠯ ᠪᠣᠯᠤᠭᠰᠠᠨ ᠪᠠᠶᠢᠨ᠎ᠠ᠃
        6374494385492098234433748.jpg
              ᠬᠠᠰ ᠡᠳ᠋ᠯᠡᠯ ᠠᠴᠠ ᠭᠠᠳᠠᠨ᠎ᠠ ᠰᠢᠩ ᠯᠦᠩ ᠸᠠ ᠶᠢᠨ ᠪᠠᠭᠤᠷᠢ ᠠᠴᠠ ᠪᠠᠰᠠ ᠸᠠᠭᠠᠷ ᠰᠠᠪᠠ᠂ ᠪᠤᠲᠤᠩ᠂ ᠪᠠᠭᠪᠤᠷ ᠵᠢᠴᠢ ᠴᠢᠯᠠᠭᠤᠨ ᠵᠡᠪᠰᠡᠭ ᠢ ᠢᠯᠡᠷᠡᠭᠦᠯᠵᠡᠢ᠃ ᠰᠢᠩ ᠯᠦᠩ ᠸᠠ ᠶᠢᠨ ᠪᠠᠯᠠᠷ ᠡᠷᠲᠡᠨ ᠤ ᠬᠥᠮᠥᠰ ᠭᠤᠣᠯᠳᠠᠭᠤ ᠴᠢᠯᠠᠭᠤᠨ ᠪᠠᠭᠠᠵᠢ ᠶᠢ ᠬᠡᠷᠡᠭᠯᠡᠵᠦ ᠪᠠᠶᠢᠭᠰᠠᠨ ᠶᠤᠮ᠂ ᠲᠤᠰ ᠪᠠᠭᠤᠷᠢ ᠠᠴᠠ ᠭᠤᠣᠯᠳᠠᠭᠤ ᠭᠠᠵᠠᠷ ᠮᠠᠯᠲᠠᠬᠤ ᠳᠤ ᠬᠡᠷᠡᠭᠯᠡᠵᠦ ᠪᠠᠶᠢᠭᠰᠠᠨ ᠴᠢᠯᠠᠭᠤᠨ ᠠᠷᠴᠢᠭᠤᠷ᠂ ᠴᠢᠯᠠᠭᠤᠨ ᠬᠦᠷᠵᠡ᠂ ᠴᠢᠯᠠᠭᠤᠨ ᠰᠦᠬᠡ᠂ ᠴᠢᠯᠠᠭᠤᠨ ᠤᠭᠤᠯᠢ᠂ ᠴᠢᠯᠠᠭᠤᠨ ᠲᠡᠭᠡᠷᠮ᠎ᠡ᠂ ᠴᠢᠯᠠᠭᠤᠨ ᠰᠢᠳᠠᠮ ᠵᠡᠷᠭᠡ ᠶᠢ ᠢᠯᠡᠷᠡᠭᠦᠯᠦᠭᠰᠡᠨ ᠪᠠᠶᠢᠨ᠎ᠠ᠃ ᠡᠭᠦᠨ ᠳᠤ ᠶᠠᠰᠤᠨ ᠡᠰᠢᠨ ᠳᠣᠲᠣᠷ᠎ᠠ ᠴᠢᠯᠠᠭᠤ ᠰᠢᠭᠢᠳᠬᠡᠵᠦ ᠪᠦᠲᠦᠭᠡᠭᠰᠡᠨ ᠭᠢᠲᠤᠭ᠎ᠠ ᠨᠢ ᠤᠮᠠᠷᠠᠲᠤ ᠶᠢᠨ ᠨᠠᠷᠢᠯᠢᠭ ᠴᠢᠯᠠᠭᠤᠨ ᠵᠡᠪᠰᠡᠭ ᠤᠨ ᠤᠯᠠᠮᠵᠢᠯᠠᠯᠲᠤ ᠪᠦᠲᠦᠭᠡᠭᠳᠡᠬᠦᠨ ᠪᠠᠶᠢᠵᠤ ᠬᠠᠭᠤᠴᠢ ᠰᠤᠳᠤᠯᠤᠭᠠᠴᠢᠳ ᠤᠨ ᠠᠩᠬᠠᠷᠤᠯ ᠢ ᠲᠠᠲᠠᠭᠰᠠᠨ ᠪᠠᠶᠢᠳᠠᠭ᠃ ᠡᠳᠡᠭᠡᠷ ᠠᠴᠠ ᠭᠠᠳᠠᠨ᠎ᠠ᠂ ᠲᠤᠰ ᠪᠠᠭᠤᠷᠢ ᠳᠤ ᠠᠷᠢᠶᠠᠲᠠᠨ ᠤ ᠠᠷᠠᠰᠤ ᠶᠢ ᠪᠤᠯᠪᠠᠰᠤᠷᠠᠭᠤᠯᠵᠦ ᠡᠳ᠋ᠰᠢᠭᠦᠯᠭᠦ ᠳᠤ ᠬᠡᠷᠡᠭᠯᠡᠳᠡᠭ ᠴᠢᠯᠠᠭᠤᠨ ᠭᠢᠲᠤᠭ᠎ᠠ ᠪᠠ ᠵᠢᠭᠠᠰᠤ ᠠᠩᠨᠠᠬᠤ ᠪᠠᠭᠠᠵᠢ ᠬᠡᠷᠡᠭᠰᠡᠯ ᠵᠢᠴᠢ ᠶᠠᠰᠤᠨ ᠰᠢᠪᠦᠭᠡ᠂ ᠶᠠᠰᠤᠨ ᠵᠡᠭᠦᠦ ᠵᠡᠷᠭᠡ ᠦᠷᠦᠵᠦ ᠦᠢᠯᠡᠳᠦᠭᠰᠡᠨ ᠨᠠᠷᠢᠯᠢᠭ ᠶᠠᠰᠤᠨ ᠡᠳ᠋ᠯᠡᠯ ᠤᠯᠠᠨ ᠪᠠᠶᠢᠪᠠ᠃ ᠠᠮᠤ ᠪᠤᠳᠠᠭ᠎ᠠ ᠶᠢ ᠪᠤᠯᠪᠠᠰᠤᠷᠠᠭᠤᠯᠬᠤ᠂ ᠲᠠᠷᠢᠮᠠᠯ ᠤᠨ ᠬᠠᠯᠢᠰᠤ ᠶᠢ ᠬᠠᠭᠤᠯᠬᠤ᠂ ᠲᠡᠭᠦᠭᠰᠡᠨ ᠤᠷᠭᠤᠮᠠᠯ ᠤᠨ ᠦᠷ᠎ᠡ ᠶᠢ ᠪᠤᠯᠪᠠᠰᠤᠷᠠᠭᠤᠯᠬᠤ ᠳᠤ ᠬᠡᠷᠡᠭᠯᠡᠵᠦ ᠪᠠᠶᠢᠭᠰᠠᠨ ᠴᠢᠯᠠᠭᠤᠨ ᠲᠡᠭᠡᠷᠮ᠎ᠡ ᠪᠠ ᠴᠢᠯᠠᠭᠤᠨ ᠰᠢᠳᠠᠮ ᠵᠡᠷᠭᠡ ᠨᠢ ᠪᠠᠯᠠᠷ ᠡᠷᠲᠡᠨ ᠤ ᠦᠢᠯᠡᠳᠪᠦᠷᠢᠯᠡᠯ ᠤᠨ ᠪᠠᠶᠢᠳᠠᠯ ᠢ ᠲᠤᠰᠬᠠᠵᠤ᠂ ᠪᠠᠯᠠᠷ ᠡᠷᠲᠡᠨ ᠤ ᠨᠡᠶᠢᠭᠡᠮ ᠤᠨ ᠦᠢᠯᠡᠳᠪᠦᠷᠢᠯᠡᠯ ᠤᠨ ᠬᠦᠴᠦᠨ᠂ ᠦᠢᠯᠡᠳᠪᠦᠷᠢᠯᠡᠯ ᠤᠨ ᠬᠠᠷᠢᠴᠠᠭ᠎ᠠ ᠵᠡᠷᠭᠡ ᠶᠢ ᠰᠤᠳᠤᠯᠬᠤ ᠳᠤ ᠪᠠᠰᠠ ᠴᠦ ᠬᠤᠪᠣᠷ ᠮᠠᠲ᠋ᠧᠷᠢᠶᠠᠯ ᠪᠣᠯᠤᠭᠰᠠᠨ ᠶᠤᠮ᠃
        6374494386642800526683011.jpg
            ᠰᠢᠩ ᠯᠦᠩ ᠸᠠ ᠶᠢᠨ ᠪᠠᠭᠤᠷᠢ ᠨᠢ ᠤᠮᠠᠷᠠᠲᠤ ᠶᠢᠨ ᠭᠠᠵᠠᠷ ᠣᠷᠣᠨ ᠤ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠰᠠᠭᠤᠷᠢᠰᠢᠯ ᠤᠨ ᠭᠡᠯᠪᠡᠷᠢ ᠶᠢ ᠰᠤᠳᠤᠯᠬᠤ ᠳᠤ ᠪᠣᠳᠠᠲᠤ ᠮᠠᠲ᠋ᠧᠷᠢᠶᠠᠯ ᠬᠠᠩᠭᠠᠵᠤ᠂ ᠢᠯᠡᠷᠡᠭᠦᠯᠦᠭᠰᠡᠨ ᠬᠠᠰ ᠤᠨ ᠡᠳ᠋ᠯᠡᠯ ᠨᠢ ᠲᠤᠮᠲᠠᠲᠦ ᠤᠯᠤᠰ ᠤᠨ ᠬᠠᠰ ᠤᠨ ᠰᠣᠶᠣᠯ ᠤᠨ ᠡᠭᠦᠰᠦᠯ ᠢ ᠬᠠᠶᠢᠬᠤ ᠳᠤ ᠪᠣᠳᠠᠲᠤ ᠭᠡᠷᠡᠴᠢ ᠪᠣᠯᠵᠤ᠂ ᠶᠡᠭᠡ ᠬᠡᠮᠵᠢᠶᠡᠨ ᠤ ᠠᠮᠢᠲᠠᠨ ᠤ ᠠᠷᠠᠭ ᠶᠠᠰᠤ ᠨᠢ ᠰᠢᠩ ᠯᠦᠩ ᠸᠠ ᠶᠢᠨ ᠡᠷᠲᠡᠨ ᠤ ᠬᠥᠮᠥᠰ ᠠᠩ ᠠᠩᠨᠠᠵᠤ ᠠᠮᠢᠳᠤᠷᠠᠵᠤ ᠪᠠᠶᠢᠭᠰᠠᠨ ᠤ ᠪᠡᠯᠭᠡ ᠲᠡᠮᠳᠡᠭ ᠪᠣᠯᠤᠭᠰᠠᠨ ᠪᠠᠶᠢᠨ᠎ᠠ᠃ ᠨᠡᠩ ᠴᠦ ᠪᠠᠭᠤᠷᠢ ᠠᠴᠠ ᠣᠯᠳᠠᠭᠰᠠᠨ ᠬᠢᠰᠤᠭ᠎ᠠ ᠶᠢᠨ ᠬᠤᠶᠠᠭ ᠨᠢ ᠰᠢᠩ ᠯᠦᠩ ᠸᠠ ᠶᠢᠨ ᠪᠠᠯᠠᠷ ᠡᠷᠲᠡᠨ ᠤ ᠬᠥᠮᠥᠰ ᠤᠨ ᠳᠣᠲᠣᠭᠠᠳᠤ ᠣᠷᠣᠨ᠂ ᠴᠠᠭᠠᠰᠢᠯᠠᠪᠠᠯ ᠲᠠᠯᠠᠢ ᠳᠠᠭᠠᠤ ᠣᠷᠣᠨ ᠲᠠᠢ ᠰᠣᠯᠢᠯᠴᠠᠭ᠎ᠠ ᠶᠠᠪᠤᠯᠴᠠᠭ᠎ᠠ ᠥᠷᠨᠢᠭᠦᠯᠵᠦ ᠪᠠᠶᠢᠭᠰᠠᠨ ᠤ ᠪᠠᠲᠤᠲᠠᠢ ᠭᠡᠷᠡᠴᠢ ᠪᠣᠯᠤᠭᠰᠠᠨ ᠪᠢᠯᠡ᠃   ᠤᠮᠠᠷᠠᠲᠤ ᠶᠢᠨ ᠭᠤᠷᠪᠠᠨ ᠶᠡᠭᠡ ᠰᠣᠶᠣᠯ ᠤᠨ ᠰᠢᠰᠲ᠋ᠧᠮ ᠤᠨ ᠨᠢᠭᠡ     ᠰᠢᠩ ᠯᠦᠩ ᠸᠠ ᠶᠢᠨ ᠰᠣᠶᠣᠯ ᠪᠣᠯ ᠤᠮᠠᠷᠠᠲᠤ ᠶᠢᠨ ᠭᠤᠷᠪᠠᠨ ᠶᠡᠭᠡ ᠰᠣᠶᠣᠯ ᠤᠨ ᠰᠢᠰᠲ᠋ᠧᠮ ᠤᠨ ᠨᠢᠭᠡ ᠮᠥᠨ᠂ ᠰᠢᠩ ᠯᠦᠩ ᠸᠠ ᠶᠢᠨ ᠪᠠᠭᠤᠷᠢ ᠶᠢ ᠢᠯᠡᠷᠡᠭᠦᠯᠦᠭᠰᠡᠨ ᠨᠢ ᠥᠪᠥᠷ ᠮᠣᠩᠭᠤᠯ ᠭᠠᠵᠠᠷ ᠣᠷᠣᠨ ᠤ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠰᠣᠶᠣᠯ ᠤᠨ ᠢᠷᠡᠯ ᠡᠭᠦᠰᠦᠯ ᠢ ᠬᠠᠷᠠᠭᠤᠯᠵᠤ᠂ ᠬᠤᠩᠱᠠᠨ ᠰᠣᠶᠣᠯ ᠤᠨ ᠡᠭᠦᠰᠦᠯ ᠤᠨ ᠠᠰᠠᠭᠤᠳᠠᠯ ᠢ ᠰᠢᠢᠳᠪᠦᠷᠢᠯᠡᠵᠦ᠂ ᠴᠠᠭᠠᠨ ᠬᠡᠷᠡᠮ ᠤᠨ ᠪᠦᠰᠡ ᠶᠢᠨ ᠵᠡᠭᠦᠨ ᠬᠡᠰᠡᠭ ᠤᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠰᠣᠶᠣᠯ ᠤᠨ ᠣᠨᠴᠠᠯᠢᠭ ᠢ ᠲᠣᠳᠣᠷᠬᠠᠶᠢᠯᠠᠵᠤ᠂ ᠲᠤᠰ ᠭᠠᠵᠠᠷ ᠣᠷᠣᠨ ᠤ ᠰᠣᠶᠣᠯ ᠤᠨ ᠬᠠᠲᠤᠨ ᠭᠤᠣᠯ ᠤᠨ ᠰᠠᠪᠠ ᠭᠠᠵᠠᠷ ᠤᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠰᠣᠶᠣᠯ ᠯᠤᠭ᠎ᠠ ᠵᠡᠷᠭᠡᠴᠡᠨ ᠣᠷᠣᠰᠢᠵᠤ ᠬᠠᠷᠢᠯᠴᠠᠨ ᠨᠥᠯᠥᠭᠡᠯᠡᠭᠰᠡᠨ ᠲᠡᠦᠬᠡ ᠶᠢᠨ ᠪᠠᠶᠢᠷᠢ ᠰᠠᠭᠤᠷᠢ ᠶᠢ ᠲᠣᠳᠣᠷᠬᠠᠶᠢᠯᠠᠭᠰᠠᠨ ᠤ ᠬᠠᠮᠲᠤ ᠪᠦᠬᠦᠶᠢᠯᠡ ᠵᠡᠭᠦᠨ ᠬᠤᠶᠢᠲᠤ ᠶᠢᠨ ᠭᠠᠵᠠᠷ ᠣᠷᠣᠨ ᠤ ᠰᠣᠶᠣᠯ ᠤᠨ ᠬᠥᠭᠵᠢᠯᠲᠡ ᠳᠤ ᠬᠦᠴᠦᠲᠡᠢ ᠲᠦᠯᠭᠢᠭᠦ ᠦᠢᠯᠡᠳᠦᠯ ᠦᠵᠡᠭᠦᠯᠦᠭᠰᠡᠨ ᠪᠠᠶᠢᠨ᠎ᠠ᠃     ᠰᠢᠩ ᠯᠦᠩ ᠸᠠ ᠶᠢᠨ ᠪᠠᠭᠤᠷᠢ ᠠᠴᠠ ᠪᠠᠷᠠᠭᠤᠨ ᠬᠤᠶᠢᠰᠢ ᠪᠠᠷᠤᠭ 13 ᠺᠢᠯᠤᠮᠧᠳ᠋ᠷ ᠤᠨ ᠵᠠᠢ ᠳᠤ᠂ ᠬᠠᠭᠤᠴᠢ ᠰᠤᠳᠤᠯᠤᠭᠠᠴᠢᠳ ᠪᠠᠰᠠ ᠰᠢᠩ ᠯᠦᠩ ᠸᠠ ᠶᠢᠨ ᠰᠣᠶᠣᠯ ᠤᠨ ᠬᠤᠶᠠᠳᠤᠭᠠᠷ ᠬᠤᠭᠤᠴᠠᠭᠠᠨ ᠤ ᠲᠤᠰᠬᠤᠨ ᠤ ᠪᠠᠭᠤᠷᠢ ᠶᠢ ᠢᠯᠡᠷᠡᠭᠦᠯᠦᠭᠰᠡᠨ ᠪᠠᠶᠢᠨ᠎ᠠ᠃ ᠲᠤᠮᠲᠠᠲᠦ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠨᠢ ᠲᠤᠰ ᠪᠠᠭᠤᠷᠢ ᠳᠤ 2 ᠤᠳᠠᠭᠠᠨ ᠤ ᠬᠠᠭᠤᠴᠢ ᠰᠤᠳᠤᠯᠤᠯ ᠤᠨ ᠠᠭᠤᠳᠠᠯᠤᠯᠲᠠ ᠬᠢᠵᠦ᠂ ᠪᠠᠯᠠᠷ ᠡᠷᠲᠡᠨ ᠤ ᠨᠡᠶᠢᠭᠡᠮ ᠤᠨ ᠲᠡᠰ ᠳᠠᠪᠬᠤᠷᠭ᠎ᠠ ᠪᠠ ᠱᠠᠰᠢᠨ ᠰᠢᠲᠦᠯᠭᠡ ᠶᠢᠨ ᠲᠤᠬᠠᠢ ᠰᠢᠨ᠎ᠡ ᠮᠠᠲ᠋ᠧᠷᠢᠶᠠᠯ ᠤᠳ ᠢ ᠢᠯᠡᠷᠡᠭᠦᠯᠦᠭᠰᠡᠨ ᠪᠠᠶᠢᠨ᠎ᠠ᠃ ᠲᠤᠬᠠᠶᠢᠯᠠᠪᠠᠯ᠂ ᠠᠳᠡ ᠠᠮᠢᠳᠤᠷᠠᠵᠤ ᠪᠠᠶᠢᠭᠰᠠᠨ ᠡᠷᠲᠡᠨ ᠤ ᠬᠥᠮᠥᠰ ᠲᠤ ᠵᠡᠷᠭᠡ ᠲᠡᠰ ᠤᠨ ᠢᠯᠭᠠᠭ᠎ᠠ ᠲᠠᠢ ᠪᠠᠶᠢᠵᠤ᠂ ᠵᠠᠷᠢᠮ ᠭᠡᠷ ᠪᠠᠶᠢᠰᠢᠩ ᠨᠢ ᠬᠠᠮᠤᠭ ᠤᠨ ᠪᠦᠷᠢᠨ ᠪᠦᠲᠦᠨ ᠢᠶᠠᠷ ᠢᠶᠠᠨ ᠦᠯᠡᠳᠡᠭᠰᠡᠨ ᠪᠥᠭᠡᠳ ᠢᠯᠡᠷᠡᠭᠦᠯᠦᠭᠰᠡᠨ ᠪᠣᠳᠠᠰ ᠨᠢ ᠤᠯᠠᠨ᠂ ᠬᠠᠭᠤᠴᠢ ᠰᠤᠳᠤᠯᠤᠯ ᠤᠨ ᠦᠨ᠎ᠡ ᠦᠷᠳᠡᠭ ᠢᠶᠠᠷ ᠥᠨᠳᠥᠷ ᠪᠠᠶᠢᠳᠠᠭ᠃ ᠬᠠᠭᠤᠴᠢ ᠰᠤᠳᠤᠯᠤᠯ ᠤᠨ ᠠᠭᠤᠳᠠᠯᠤᠯᠲᠠ ᠳᠤᠮᠳᠠ ᠰᠤᠳᠤᠯᠤᠭᠠᠴᠢᠳ ᠪᠠᠰᠠ ᠮᠠᠩᠨᠠᠢ ᠳᠤᠮᠳᠠ ᠪᠠᠨ ᠨᠦᠬᠡ ᠲᠠᠢ ᠠᠮᠢᠲᠠᠨ ᠤ ᠲᠣᠯᠣᠭᠠᠢ ᠶᠢᠨ ᠶᠠᠰᠤ᠂ ᠬᠢᠰᠤᠭ᠎ᠠ ᠶᠢᠨ ᠬᠤᠶᠠᠭ ᠢ ᠰᠢᠭᠢᠳᠬᠡᠭᠰᠡᠨ ᠨᠢᠭᠤᠷ ᠤᠨ ᠵᠠᠰᠠᠯ ᠵᠡᠷᠭᠡ ᠶᠢ ᠢᠯᠡᠷᠡᠭᠦᠯᠵᠡᠢ᠂ ᠡᠳᠡᠭᠡᠷ ᠪᠣᠳᠠᠰ ᠨᠢ 8000 ᠵᠢᠯ ᠤᠨ ᠡᠮᠦᠨᠡᠬᠢ ᠪᠠᠯᠠᠷ ᠡᠷᠲᠡᠨ ᠤ ᠱᠠᠰᠢᠨ ᠰᠢᠲᠦᠯᠭᠡ ᠶᠢ ᠰᠤᠳᠤᠯᠬᠤ ᠳᠤ ᠴᠢᠬᠤᠯᠠ ᠮᠠᠲ᠋ᠧᠷᠢᠶᠠᠯ ᠪᠠ ᠪᠣᠳᠠᠲᠤ ᠭᠡᠷᠡᠴᠢ ᠪᠣᠯᠤᠭᠰᠠᠨ ᠪᠠᠶᠢᠨ᠎ᠠ᠃     ᠰᠢᠩ ᠯᠦᠩ ᠸᠠ ᠶᠢᠨ ᠰᠣᠶᠣᠯ ᠨᠢ ᠬᠠᠭᠤᠴᠢ ᠰᠤᠳᠤᠯᠤᠯ ᠤᠨ ᠴᠢᠬᠤᠯᠠ ᠢᠯᠡᠷᠡᠭᠦᠯᠦᠯᠲᠡ ᠶᠢᠨ ᠬᠤᠪᠢ ᠪᠠᠷ ᠠᠤᠬᠠᠨ ᠬᠤᠰᠢᠭᠤ ᠶᠢ ᠳᠡᠯᠡᠬᠡᠢ ᠳᠤ ᠲᠠᠨᠢᠭᠤᠯᠤᠭᠰᠠᠨ ᠪᠥᠭᠡᠳ ᠲᠤᠰ ᠬᠤᠰᠢᠭᠤ ᠳᠤ ᠬᠥᠭᠵᠢᠯᠲᠡ ᠶᠢᠨ ᠰᠢᠨ᠎ᠡ ᠪᠣᠯᠣᠮᠵᠢ ᠶᠢ ᠠᠪᠴᠢᠷᠠᠭᠰᠠᠨ ᠶᠤᠮ᠃ ᠣᠶᠢᠷ᠎ᠠ ᠶᠢᠨ ᠵᠢᠯ ᠠᠩᠭ᠍ᠯᠢ᠂ ᠠᠮᠧᠷᠢᠺᠠ᠂ ᠤᠷᠤᠰ᠂ ᠹᠷᠠᠨᠼᠢ᠂ ᠠᠦ᠋ᠰᠳ᠋ᠷᠠᠯᠢᠶ᠎ᠠ᠂ ᠺᠤᠷᠢᠶᠠ ᠵᠡᠷᠭᠡ ᠤᠯᠤᠰ ᠤᠨ ᠲᠤᠰᠬᠠᠢ ᠮᠡᠷᠭᠡᠵᠢᠯᠲᠡᠳ ᠰᠢᠩ ᠯᠦᠩ ᠸᠠ ᠶᠢᠨ ᠰᠣᠶᠣᠯ ᠢ ᠲᠤᠶᠢᠯ ᠢᠶᠠᠷ ᠴᠢᠬᠤᠯᠠᠴᠢᠯᠠᠨ ᠦᠵᠡᠵᠦ᠂ ᠠᠤᠬᠠᠨ ᠬᠤᠰᠢᠭᠤᠨ ᠳᠤ ᠣᠯᠠᠨᠲᠠ ᠢᠷᠡᠵᠦ ᠪᠠᠶᠢᠴᠠᠭᠠᠨ ᠰᠤᠳᠤᠯᠤᠯᠲᠠ ᠬᠢᠬᠦ ᠪᠣᠯᠤᠭᠰᠠᠨ ᠶᠤᠮ᠃ ᠲᠤᠰ ᠪᠠᠭᠤᠷᠢ ᠨᠢ ᠮᠥᠨ 1992 ᠣᠨ ᠳᠤ ᠲᠤᠮᠲᠠᠲᠦ ᠤᠯᠤᠰ ᠤᠨ ᠠᠷᠪᠠᠨ ᠶᠡᠭᠡ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠶᠢᠨ ᠨᠢᠭᠡ ᠪᠣᠯᠵᠤ᠂ 1996 ᠣᠨ ᠳᠤ ᠲᠦᠷᠦ ᠶᠢᠨ ᠶᠠᠪᠤᠳᠠᠯ ᠤᠨ ᠬᠤᠷᠢᠶᠠᠨ ᠠᠴᠠ ᠨᠡᠶᠢᠲᠡᠯᠡᠭᠰᠡᠨ ᠪᠦᠭᠦ ᠤᠯᠤᠰ ᠤᠨ ᠴᠢᠬᠤᠯᠠ ᠲᠡᠦᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ︽ᠨᠠᠢᠮᠠᠳᠤᠭᠠᠷ ᠲᠠᠪᠤᠨ ᠵᠢᠯ︾ ᠎ ᠤᠨ ᠲᠥᠯᠦᠪᠵᠢᠭᠦᠯᠭᠡ ᠶᠢᠨ ᠬᠤᠭᠤᠴᠠᠭᠠᠨ ᠤ ᠪᠦᠭᠦ ᠤᠯᠤᠰ ᠤᠨ ᠠᠷᠪᠠᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ᠂ ᠬᠤᠷᠢᠳᠤᠭᠠᠷ ᠵᠠᠭᠤᠨ ᠤ ᠲᠤᠮᠲᠠᠲᠦ ᠤᠯᠤᠰ ᠤᠨ ᠬᠠᠭᠤᠴᠢ ᠰᠤᠳᠤᠯᠤᠯ ᠤᠨ ᠵᠠᠭᠤᠨ ᠲᠣᠮᠣ ᠢᠯᠡᠷᠡᠭᠦᠯᠦᠯᠲᠡ ᠵᠡᠷᠭᠡ ᠪᠠᠷ ᠦᠨᠡᠯᠡᠭᠳᠡᠭᠰᠡᠨ ᠪᠠᠶᠢᠨ᠎ᠠ᠃ 
        ᠢᠷᠡᠯᠲᠡ᠄ ᠳᠣᠮᠳᠠᠳᠣ ᠣᠯᠣᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ