鄂尔多斯市人民政府蒙古文网站 Bet体育365提款不到账_网上365bet_365速发国际是黑平台吗

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠠᠩᠭᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠵᠠᠷᠯᠠᠯ
        ᠨᠡᠶᠢᠲᠡᠯᠡᠭᠰᠡᠨ ᠴᠠᠭ᠄
        2022/10/26
              2022 ᠣᠨ ᠤ 10 ᠰᠠᠷ᠎ᠠ ᠶᠢᠨ 24᠎ ᠤ ᠡᠳᠦᠷ᠂ ᠬᠠᠩᠭᠢᠨ ᠬᠤᠰᠢᠭᠤᠨ ᠤ ᠬᠢᠨ ᠲᠤᠰᠠᠭᠠᠷᠯᠠᠨ ᠡᠵᠡᠮᠳᠡᠵᠦ ᠪᠠᠶᠢᠭ᠎ᠠ ᠬᠥᠮᠥᠰ ᠲᠤ ᠪᠥᠭᠡᠮ ᠬᠦᠴᠢᠯ ᠤᠨ ᠠᠩᠬᠠᠨ ᠤ ᠪᠠᠶᠢᠴᠠᠭᠠᠯᠲᠠ ᠬᠢᠬᠦ ᠳᠤᠮᠳᠠ ᠠᠷᠭ᠎ᠠ ᠴᠢᠨᠠᠷᠲᠠᠢ 8 ᠬᠥᠮᠥᠨ ᠢ ᠢᠯᠡᠷᠡᠭᠦᠯᠦᠭᠡᠳ ᠤᠳᠤ ᠨᠢᠭᠡᠨᠲᠡ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠬᠦᠷᠭᠡᠵᠦ ᠡᠮᠨᠡᠭᠦᠯᠪᠡ᠃ ᠬᠠᠩᠭᠢᠨ ᠬᠤᠰᠢᠭᠤᠨ ᠤ ᠬᠢᠨ ᠳᠠᠷᠤᠢ ᠲᠦᠷᠭᠡᠨ ᠬᠤᠯᠪᠣᠭᠳᠠᠬᠤ ᠬᠥᠮᠥᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠡᠬᠢ ᠡᠭᠦᠰᠦᠯ ᠢ ᠨᠢ ᠡᠷᠢᠨ᠂ ᠨᠠᠷᠢᠨ ᠪᠠᠶᠢᠴᠠᠭᠠᠵᠤ ᠬᠠᠮᠢᠶᠠᠷᠤᠨ ᠡᠵᠡᠮᠳᠡᠵᠦ᠂ ᠨᠢᠭᠲᠠ ᠣᠶᠢᠷᠠᠲᠤᠭᠰᠠᠳ ᠪᠠ ᠲᠠᠮ ᠢᠶᠠᠷ ᠣᠶᠢᠷᠠᠲᠤᠭᠰᠠᠳ ᠢ ᠮᠥᠷᠳᠡᠨ ᠪᠠᠶᠢᠴᠠᠭᠠᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ ᠳᠣᠣᠷ᠎ᠠ ᠬᠤᠯᠪᠣᠭᠳᠠᠯ ᠪᠦᠬᠦᠢ ᠤᠴᠢᠷ ᠶᠠᠪᠤᠳᠠᠯ ᠢ ᠵᠠᠷᠯᠠᠶ᠎ᠠ᠄      ᠨᠢᠭᠡ᠂ ᠠᠩᠬᠠᠨ ᠤ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ       ᠶᠧ ᠣᠪᠣᠭᠲᠤ 3 ︵ᠶᠧ ᠣᠪᠣᠭᠲᠤ 1᠎ ᠶᠢᠨ ᠡᠴᠢᠭᠡ︶᠎ ᠶᠢᠨ ᠠᠶᠠᠯᠠᠯ ᠤᠨ ᠵᠠᠮ ᠮᠥᠷ ᠶᠧ ᠣᠪᠣᠭᠲᠤ 3᠎ ᠶᠢᠨ ᠥᠪᠡᠷ ᠤᠨ ᠲᠣᠭᠠᠴᠢᠯᠲᠠ ᠶᠢ ᠦᠨᠳᠦᠰᠦᠯᠡᠪᠡᠯ᠄       10 ᠰᠠᠷ᠎ᠠ ᠶᠢᠨ 16᠎ ᠤ ᠡᠳᠦᠷ ᠠᠴᠠ 10 ᠰᠠᠷ᠎ᠠ ᠶᠢᠨ 21᠎ ᠤ ᠡᠳᠦᠷ ᠪᠣᠯᠲᠠᠯ᠎ᠠ᠂ ᠢ ᠱᠠᠩ ᠺᠧ ᠶᠡᠷᠦᠩᠬᠡᠶᠢᠯᠡᠭᠰᠡᠨ ᠠᠰᠠᠷ ︵ᠿᠢ ᠶᠤᠸᠠᠢ ᠰᠢᠤᠸᠠᠨ G1 ᠲᠣᠭᠤᠷᠢᠭ︶᠎ ᠤᠨ ᠵᠢᠷᠭᠤᠳᠤᠭᠠᠷ ᠳᠠᠪᠬᠤᠷᠭ᠎ᠠ ᠶᠢᠨ ᠨᠡᠶᠢᠲᠡ ᠶᠢᠨ ᠪᠠᠶᠢᠷᠢ ᠳᠤ ᠪᠠᠶᠢᠵᠤ᠂ ᠡᠳᠦᠷ ᠪᠦᠷᠢ ᠶᠢᠨ ᠦᠳᠡ ᠪᠠ ᠣᠷᠣᠢ ᠶᠢᠨ ᠬᠤᠭᠤᠯᠠ ᠪᠠᠨ ᠵᠢᠷᠭᠤᠳᠤᠭᠠᠷ ᠳᠠᠪᠬᠤᠷᠭ᠎ᠠ ᠶᠢᠨ ᠬᠤᠭᠤᠯᠠᠨ ᠭᠡᠷ ᠲᠤ ᠢᠳᠡᠵᠦ ᠪᠠᠶᠢᠪᠠ᠃       10 ᠰᠠᠷ᠎ᠠ ᠶᠢᠨ 22᠎ ᠤᠨ ᠡᠳᠦᠷ ᠤᠨ ᠦᠳᠡ ᠶᠢᠨ ᠡᠮᠦᠨ᠎ᠡ ᠣᠷᠣᠨ ᠰᠠᠭᠤᠴᠠ ᠳᠠᠭᠠᠨ ᠪᠠᠶᠢᠵᠤ᠂ 10 ᠴᠠᠭ ᠤᠨ ᠣᠷᠴᠢᠮ ᠢᠶᠠᠷ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠰᠢᠯᠵᠢᠵᠦ ᠣᠴᠢᠪᠠ᠃      ᠬᠤᠶᠠᠷ᠂ ᠠᠩᠬᠠᠨ ᠤ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠵᠧᠩ ᠣᠪᠣᠭᠲᠤ ︵ᠶᠧ ᠣᠪᠣᠭᠲᠤ 1᠎ ᠶᠢᠨ ᠡᠬᠡ︶᠎ ᠶᠢᠨ ᠠᠶᠠᠯᠠᠯ ᠤᠨ ᠵᠠᠮ ᠮᠥᠷ       ᠵᠧᠩ ᠣᠪᠣᠭᠲᠤ ᠶᠢᠨ ᠥᠪᠡᠷ ᠤᠨ ᠲᠣᠭᠠᠴᠢᠯᠲᠠ ᠶᠢ ᠦᠨᠳᠦᠰᠦᠯᠡᠪᠡᠯ᠄       10 ᠰᠠᠷ᠎ᠠ ᠶᠢᠨ 15᠎ ᠤ ᠡᠳᠦᠷ ᠠᠴᠠ 10 ᠰᠠᠷ᠎ᠠ ᠶᠢᠨ 22᠎ ᠤᠨ ᠡᠳᠦᠷ ᠤᠨ 10 ᠴᠠᠭ ᠪᠣᠯᠲᠠᠯ᠎ᠠ᠂ ᠬᠥᠳᠡᠯᠵᠦ ᠪᠠᠷᠢᠬᠤ ᠳᠤ ᠳᠥᠭᠦᠮ ᠦᠭᠡᠢ ᠠᠴᠠ ᠪᠣᠯᠵᠤ ᠢ ᠱᠠᠩ ᠺᠧ ᠶᠡᠷᠦᠩᠬᠡᠶᠢᠯᠡᠭᠰᠡᠨ ᠠᠰᠠᠷ ︵ᠿᠢ ᠶᠤᠸᠠᠢ ᠰᠢᠤᠸᠠᠨ G1 ᠲᠣᠭᠤᠷᠢᠭ︶᠎ ᠤᠨ ᠵᠢᠷᠭᠤᠳᠤᠭᠠᠷ ᠳᠠᠪᠬᠤᠷᠭ᠎ᠠ ᠶᠢᠨ ᠨᠡᠶᠢᠲᠡ ᠶᠢᠨ ᠪᠠᠶᠢᠷᠢ ᠳᠤ ᠪᠠᠶᠢᠵᠤ᠂ ᠳᠠᠷᠠᠭ᠎ᠠ ᠨᠢ ᠲᠥᠪᠯᠡᠷᠡᠭᠦᠯᠦᠨ ᠲᠤᠰᠠᠭᠠᠷᠯᠠᠬᠤ ᠭᠠᠵᠠᠷ ᠲᠤ ᠰᠢᠯᠵᠢᠵᠦ ᠣᠴᠢᠪᠠ᠃      ᠭᠤᠷᠪᠠ᠂ ᠠᠩᠬᠠᠨ ᠤ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠯᠢᠦ ᠣᠪᠣᠭᠲᠤ ᠶᠢᠨ ᠠᠶᠠᠯᠠᠯ ᠤᠨ ᠵᠠᠮ ᠮᠥᠷ       ᠯᠢᠦ ᠣᠪᠣᠭᠲᠤ ᠶᠢᠨ ᠥᠪᠡᠷ ᠤᠨ ᠲᠣᠭᠠᠴᠢᠯᠲᠠ ᠶᠢ ᠦᠨᠳᠦᠰᠦᠯᠡᠪᠡᠯ᠄       10 ᠰᠠᠷ᠎ᠠ ᠶᠢᠨ 16᠎ ᠤ ᠡᠳᠦᠷ ᠤᠨ 16 ᠴᠠᠭ 10 ᠮᠢᠨᠦ᠋ᠲ ᠤᠨ ᠦᠶᠡᠰ ᠢᠶᠠᠷ ᠬᠡᠦᠬᠡᠳ ᠢᠶᠠᠨ ᠰᠢᠤᠸᠠᠢ ᠹᠦ᠋ ᠰᠠᠭᠤᠭᠠᠯᠢ ᠲᠣᠭᠤᠷᠢᠭ ᠤᠨ ᠰᠢᠨ ᠮᠢᠶᠣᠣ ᠮᠢᠶᠣᠣ ᠭᠡᠷ ᠪᠦᠯᠢ ᠶᠢᠨ ᠦᠢᠯᠡᠴᠢᠯᠡᠭᠡᠨ ᠤ ᠲᠥᠪ ᠲᠤ ᠬᠦᠷᠭᠡᠭᠰᠡᠨ ᠤ ᠲᠠᠷᠠᠭ᠎ᠠ ᠣᠶᠢᠷ᠎ᠠ ᠬᠠᠪᠢ ᠶᠢᠨ ᠳᠡᠯᠭᠡᠭᠦᠷ ᠠᠴᠠ ᠪᠠᠷᠠᠭ᠎ᠠ ᠬᠤᠳᠠᠯᠳᠤᠨ ᠠᠪᠴᠤ ︵ᠲᠣᠭᠠᠴᠠᠭ᠎ᠠ ᠬᠢᠭᠰᠡᠨ ᠴᠠᠭ ᠨᠢ 16 ᠴᠠᠭ 12 ᠮᠢᠨᠦ᠋ᠲ︶᠂ ᠲᠠᠷᠠᠭ᠎ᠠ ᠨᠢ ᠵᠢᠦ ᠫᠢᠨ ᠶᠦᠨ ᠴᠢ ᠰᠧᠴᠤᠸᠠᠨ ᠤ ᠬᠤᠭᠤᠯᠠᠨ ᠭᠡᠷ ᠤᠨ ᠬᠠᠵᠠᠭᠤᠳᠠᠭᠢ ᠵᠥᠩ ᠷᠦᠢ ᠡᠮ ᠤᠨ ᠳᠡᠯᠭᠡᠭᠦᠷ ᠲᠤ ᠬᠦᠷᠴᠦ ᠡᠮ ᠬᠤᠳᠠᠯᠳᠤᠨ ᠠᠪᠤᠭᠠᠳ ︵ᠲᠣᠭᠠᠴᠠᠭ᠎ᠠ ᠬᠢᠭᠰᠡᠨ ᠴᠠᠭ ᠨᠢ 16 ᠴᠠᠭ 40 ᠮᠢᠨᠦ᠋ᠲ︶ ᠭᠡᠷ ᠲᠡᠭᠡᠨ ᠬᠠᠷᠢᠭᠰᠠᠨ ᠤ ᠲᠠᠷᠠᠭ᠎ᠠ ᠲᠠᠬᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 17᠎ ᠤ ᠡᠳᠦᠷ ᠤᠨ 9 ᠴᠠᠭ ᠤᠨ ᠦᠶ᠎ᠡ ᠪᠠᠷ ᠰᠦ᠋ ᠬᠠᠢ ᠴᠢᠶᠠᠩ ᠭᠡᠷᠡᠯᠲᠦᠭᠦᠯᠭᠡ ᠶᠢᠨ ᠬᠡᠷᠡᠭᠰᠡᠯ ᠤᠨ ᠳᠡᠯᠭᠡᠭᠦᠷ ᠠᠴᠠ ᠳ᠋ᠧᠩ ᠬᠤᠳᠠᠯᠳᠤᠨ ᠠᠪᠤᠭᠠᠳ ︵ᠲᠣᠭᠠᠴᠠᠭ᠎ᠠ ᠬᠢᠭᠰᠡᠨ ᠴᠠᠭ ᠨᠢ 9 ᠴᠠᠭ 12 ᠮᠢᠨᠦ᠋ᠲ︶᠂ ᠲᠠᠬᠢᠨ ᠱᠦᠨ ᠳ᠋ᠡ ᠴᠡᠪᠡᠷᠯᠡᠭᠡ ᠶᠢᠨ ᠬᠡᠷᠡᠭᠰᠡᠯ ᠤᠨ ᠳᠡᠯᠭᠡᠭᠦᠷ ᠠᠴᠠ ᠤᠰᠤᠨ ᠬᠤᠭᠤᠯᠠᠢ ᠬᠤᠳᠠᠯᠳᠤᠨ ᠠᠪᠤᠭᠰᠠᠨ ᠤ ᠲᠠᠷᠠᠭ᠎ᠠ ︵ᠲᠣᠭᠠᠴᠠᠭ᠎ᠠ ᠬᠢᠭᠰᠡᠨ ᠴᠠᠭ ᠨᠢ 9 ᠴᠠᠭ 25 ᠮᠢᠨᠦ᠋ᠲ︶ ᠭᠡᠷ ᠲᠡᠭᠡᠨ ᠬᠠᠷᠢᠭᠠᠳ ᠳᠠᠭᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 18᠎ ᠤ ᠡᠳᠦᠷ ᠤᠨ 16 ᠴᠠᠭ ᠤᠨ ᠦᠶ᠎ᠡ ᠪᠠᠷ ᠬᠤᠸᠠ ᠴᠧᠨ ᠱᠠᠩ ᠳ᠋ᠦ᠋ ᠰᠠᠭᠤᠭᠠᠯᠢ ᠲᠣᠭᠤᠷᠢᠭ ᠲᠤ ᠪᠠᠶᠢᠭ᠎ᠠ ᠥᠬᠢᠨ ᠳᠡᠭᠦᠦ ᠶᠢᠨ ᠢᠶᠠᠨ ︵ᠭᠡᠷ ᠲᠤ ᠬᠥᠮᠥᠨ ᠪᠠᠶᠢᠭᠰᠠᠨ ᠦᠭᠡᠢ︶ ᠭᠡᠷ ᠲᠤ ᠣᠴᠢᠵᠤ ᠰᠢᠲᠠᠮᠠᠬᠠᠢ ᠬᠡᠢ ᠶᠢ ᠨᠢ ᠵᠠᠰᠠᠭᠰᠠᠨ ᠤ ᠳᠠᠷᠠᠭ᠎ᠠ ᠭᠡᠷ ᠲᠡᠭᠡᠨ ᠬᠠᠷᠢᠭᠠᠳ ᠲᠠᠬᠢᠨ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 19᠎ ᠤ ᠡᠳᠦᠷ ᠤᠨ 10 ᠴᠠᠭ 40 ᠮᠢᠨᠦ᠋ᠲ ᠲᠤ ᠬᠤᠪᠢ ᠶᠢᠨ ᠮᠠᠰᠢᠨ ᠲᠡᠷᠭᠡ ᠪᠠᠷ ᠢᠶᠠᠨ ᠢ ᠱᠠᠩ ᠺᠧ ᠳᠡᠯᠭᠡᠭᠦᠷ ᠲᠤ ᠬᠦᠷᠴᠦ ᠪᠠᠷᠠᠭ᠎ᠠ ᠬᠤᠳᠠᠯᠳᠤᠨ ᠠᠪᠤᠭᠠᠳ 11 ᠴᠠᠭ 20 ᠮᠢᠨᠦ᠋ᠲ ᠤᠨ ᠦᠶ᠎ᠡ ᠪᠠᠷ ᠭᠡᠷ ᠲᠡᠭᠡᠨ ᠬᠠᠷᠢᠭᠰᠠᠨ ᠤ ᠲᠠᠷᠠᠭ᠎ᠠ ᠲᠠᠬᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 20᠎ ᠤ ᠡᠳᠦᠷ ᠤᠨ 15 ᠴᠠᠭ ᠲᠤ ᠬᠠᠩᠭᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠣᠴᠢᠵᠤ ᠳᠣᠲᠣᠷ ᠡᠮᠨᠡᠯᠭᠡ ᠶᠢᠨ ᠰᠠᠯᠠᠭ᠎ᠠ ᠳᠤ ᠬᠦᠷᠴᠦ ᠡᠪᠡᠳᠴᠢᠨ ᠢᠶᠠᠨ ᠡᠮᠨᠡᠭᠦᠯᠪᠡ᠂ ᠳᠠᠷᠠᠭ᠎ᠠ ᠨᠢ CT ᠲᠠᠰᠤᠭ ᠲᠤ ᠬᠦᠷᠴᠦ ᠪᠠᠶᠢᠴᠠᠭᠠᠯᠲᠠ ᠬᠢᠯᠭᠡᠪᠡ᠂ ᠳᠠᠭᠤᠰᠤᠭᠰᠠᠨ ᠤ ᠳᠠᠷᠠᠭ᠎ᠠ ᠭᠡᠷ ᠲᠡᠭᠡᠨ ᠬᠠᠷᠢᠭᠠᠳ ᠳᠠᠭᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 21᠎ ᠤ ᠡᠳᠦᠷ ᠤᠨ 8 ᠴᠠᠭ ᠲᠤ ᠳᠣᠲᠣᠷ ᠰᠠᠯᠠᠭ᠎ᠠ ᠳᠤ ᠣᠴᠢᠵᠤ ᠡᠮᠴᠢᠯᠡᠭᠦᠯᠵᠦ ᠪᠠᠷᠠᠭᠠᠳ ᠰᠢᠯᠭᠠᠨ ᠪᠠᠶᠢᠴᠠᠭᠠᠬᠤ ᠲᠠᠰᠤᠭ ᠲᠤ ᠬᠦᠷᠴᠦ ᠴᠢᠰᠤᠨ ᠤ ᠪᠠᠶᠢᠴᠠᠭᠠᠯᠲᠠ ᠬᠢᠯᠭᠡᠪᠡ᠃ 10 ᠴᠠᠭ ᠤᠨ ᠦᠶ᠎ᠡ ᠪᠠᠷ ᠲᠡᠷᠭᠡ ᠵᠢᠯᠣᠭᠤᠳᠤᠨ ᠰᠢ ᠶᠠᠩ ᠶᠠᠩ ᠴᠢᠯᠦᠭᠡᠲᠦ ᠳᠡᠯᠭᠡᠭᠦᠷ ᠤᠨ ᠣᠶᠢᠷᠠᠯᠴᠠᠭᠠᠬᠢ ᠵᠠᠮ ᠤᠨ ᠬᠠᠵᠠᠭᠤ ᠠᠴᠠ ᠰᠣᠩᠭᠢᠨ᠎ᠠ ᠬᠤᠳᠠᠯᠳᠤᠨ ᠠᠪᠤᠭᠠᠳ ᠭᠡᠷ ᠲᠡᠭᠡᠨ ᠬᠠᠷᠢᠵᠠᠢ᠃ 14 ᠴᠠᠭ 40 ᠮᠢᠨᠦ᠋ᠲ ᠤᠨ ᠦᠶ᠎ᠡ ᠪᠠᠷ ᠬᠤᠪᠢ ᠶᠢᠨ ᠮᠠᠰᠢᠨ ᠲᠡᠷᠭᠡ ᠪᠠᠷ ᠢᠶᠠᠨ ᠲᠣᠮᠣ ᠠᠭᠤᠳᠠᠮ ᠲᠠᠯᠠᠪᠠᠶ ᠶᠢᠨ ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ᠣᠴᠢᠵᠤ ᠪᠥᠭᠡᠮ ᠬᠦᠴᠢᠯ ᠤᠨ ᠪᠠᠶᠢᠴᠠᠭᠠᠯᠲᠠ ᠬᠢᠯᠬᠡᠵᠤ ᠪᠠᠷᠠᠭᠠᠳ ᠠᠷᠠᠳ ᠤᠨ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭ᠎ᠠ ᠳᠤ ᠬᠦᠷᠴᠦ ᠡᠮᠴᠢᠯᠡᠭᠡ ᠬᠢᠯᠭᠡᠪᠡ᠃ 15 ᠴᠠᠭ 30 ᠮᠢᠨᠦ᠋ᠲ ᠲᠤ ᠳᠤᠮᠳᠠᠳᠤ ᠤᠯᠤᠰ ᠤᠨ ᠴᠢᠯᠠᠭᠤᠨ ᠲᠣᠰᠣᠨ ᠤ ︵ᠪᠠᠢ ᠯᠢᠩ ᠵᠠᠮ ᠤᠨ ᠳᠡᠯᠭᠡᠭᠦᠷ︶ ᠲᠣᠰᠣ ᠨᠡᠮᠡᠭᠦ ᠦᠷᠳᠡᠭᠡ ᠳᠤ ᠬᠦᠷᠴᠦ ᠲᠡᠷᠭᠡᠨ ᠳᠡᠭᠡᠨ ᠲᠣᠰᠣ ᠨᠡᠮᠡᠭᠡᠳ ︵ᠲᠣᠭᠠᠴᠠᠭ᠎ᠠ ᠬᠢᠭᠰᠡᠨ ᠴᠠᠭ ᠨᠢ 15 ᠴᠠᠭ 36 ᠮᠢᠨᠦ᠋ᠲ︶ ᠭᠡᠷ ᠲᠡᠭᠡᠨ ᠬᠠᠷᠢᠪᠠ᠃ 17 ᠴᠠᠭ 50 ᠮᠢᠨᠦ᠋ᠲ ᠤᠨ ᠦᠶ᠎ᠡ ᠪᠠᠷ ᠲᠡᠷᠭᠡ ᠪᠠᠷ ᠢᠶᠠᠨ ᠶᠤᠸᠠᠢ ᠱᠤ᠋ ᠷᠦᠩ ᠡᠸᠦ᠋ᠷᠦᠫᠡ ᠡᠮᠨᠡᠯᠭᠡ ᠶᠢᠨ ᠡᠮᠴᠢᠯᠡᠭᠡᠨ ᠤ ᠭᠠᠵᠠᠷ ᠲᠤ ᠬᠦᠷᠴᠦ ᠡᠮ ᠬᠤᠳᠠᠯᠳᠤᠨ ᠠᠪᠤᠪᠠ ︵ᠲᠣᠭᠠᠴᠠᠭ᠎ᠠ ᠬᠢᠭᠰᠡᠨ ᠴᠠᠭ ᠨᠢ 17 ᠴᠠᠭ 58 ᠮᠢᠨᠦ᠋ᠲ︶᠃ ᠰᠡᠭᠦᠯᠡᠷ ᠨᠢ ᠷᠦᠩ ᠹᠧᠩ ᠳᠡᠯᠭᠡᠭᠦᠷ ᠲᠤ ᠬᠦᠷᠴᠦ ᠪᠠᠷᠠᠭ᠎ᠠ ᠬᠤᠳᠠᠯᠳᠤᠨ ᠠᠪᠤᠭᠠᠳ ︵ᠲᠣᠭᠠᠴᠠᠭ᠎ᠠ ᠬᠢᠭᠰᠡᠨ ᠴᠠᠭ ᠨᠢ 18 ᠴᠠᠭ 03 ᠮᠢᠨᠦ᠋ᠲ︶ ᠭᠡᠷ ᠲᠡᠭᠡᠨ ᠬᠠᠷᠢᠪᠠ᠃ 20 ᠴᠠᠭ 40 ᠮᠢᠨᠦ᠋ᠲ ᠲᠤ ᠲᠡᠷᠭᠡ ᠪᠠᠷ ᠢᠶᠠᠨ ᠰᠢᠤᠸᠠᠢ ᠹᠦ᠋ ᠰᠠᠭᠤᠭᠠᠯᠢ ᠲᠣᠭᠤᠷᠢᠭ ᠤᠨ ᠰᠢᠨ ᠮᠢᠶᠣᠣ ᠮᠢᠶᠣᠣ ᠭᠡᠷ ᠪᠦᠯᠢ ᠶᠢᠨ ᠦᠢᠯᠡᠴᠢᠯᠡᠭᠡᠨ ᠤ ᠲᠥᠪ ᠲᠤ ᠬᠦᠷᠴᠦ ᠬᠡᠦᠬᠡᠳ ᠢᠶᠠᠨ ᠲᠤᠰᠪᠠ᠂ ᠡᠨᠡ ᠬᠤᠭᠤᠷᠣᠨᠳᠤ ᠲᠡᠷᠭᠡᠨ ᠳᠡᠭᠡᠨ ᠬᠦᠯᠢᠶᠡᠵᠦ ᠪᠠᠶᠢᠪᠠ᠂ 22 ᠴᠠᠭ 40 ᠮᠢᠨᠦ᠋ᠲ ᠤᠨ ᠦᠶ᠎ᠡ ᠪᠠᠷ ᠲᠡᠷᠭᠡ ᠪᠠᠷ ᠢᠶᠠᠨ ᠺᠠᠩ ᠦ᠋ ᠠᠮᠤ ᠪᠤᠳᠠᠭ᠎ᠠ ᠢᠳᠡᠰᠢᠨ ᠨᠣᠭᠤᠭ᠎ᠠ ᠶᠢᠨ ᠳᠡᠯᠭᠡᠭᠦᠷ ᠲᠤ ᠬᠦᠷᠴᠦ ᠪᠠᠷᠠᠭ᠎ᠠ ᠬᠤᠳᠠᠯᠳᠤᠨ ᠠᠪᠤᠭᠠᠳ ︵ᠲᠣᠭᠠᠴᠠᠭ᠎ᠠ ᠬᠢᠭᠰᠡᠨ ᠴᠠᠭ ᠨᠢ 22 ᠴᠠᠭ 46 ᠮᠢᠨᠦ᠋ᠲ︶ ᠭᠡᠷ ᠲᠡᠭᠡᠨ ᠬᠠᠷᠢᠭᠰᠠᠨ ᠤ ᠲᠠᠷᠠᠭ᠎ᠠ ᠳᠠᠬᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 22᠎ ᠤᠨ ᠡᠳᠦᠷ ᠭᠡᠷ ᠠᠴᠠ ᠪᠠᠨ ᠭᠠᠷᠤᠭᠰᠠᠨ ᠦᠭᠡᠢ᠃       10 ᠰᠠᠷ᠎ᠠ ᠶᠢᠨ 23᠎ ᠤ ᠡᠳᠦᠷ ᠭᠡᠷ ᠠᠴᠠ ᠪᠠᠨ ᠭᠠᠷᠤᠭᠰᠠᠨ ᠦᠭᠡᠢ᠂ 17 ᠴᠠᠭ ᠤᠨ ᠦᠶ᠎ᠡ ᠪᠠᠷ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠰᠢᠯᠵᠢᠵᠦ ᠣᠴᠢᠪᠠ᠃      ᠳᠥᠷᠪᠡ᠂ ᠠᠩᠬᠠᠨ ᠤ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠯᠢᠦ ᠣᠪᠣᠭᠲᠤ 1 ︵ᠯᠢᠦ ᠣᠪᠣᠭᠲᠤ ᠶᠢᠨ ᠥᠬᠢᠨ︶᠎ ᠶᠢᠨ ᠠᠶᠠᠯᠠᠯ ᠤᠨ ᠵᠠᠮ ᠮᠥᠷ       ᠯᠢᠦ ᠣᠪᠣᠭᠲᠤ 1᠎ ᠶᠢᠨ ᠥᠪᠡᠷ ᠤᠨ ᠲᠣᠭᠠᠴᠢᠯᠲᠠ ᠶᠢ ᠦᠨᠳᠦᠰᠦᠯᠡᠪᠡᠯ᠄       10 ᠰᠠᠷ᠎ᠠ ᠶᠢᠨ 16᠎ ᠤ ᠡᠳᠦᠷ ᠤᠨ 16 ᠴᠠᠭ 10 ᠮᠢᠨᠦ᠋ᠲ ᠤᠨ ᠦᠶ᠎ᠡ ᠪᠠᠷ ᠠᠪᠤ ᠨᠢ ᠿᠢ ᠶᠤᠸᠠᠢ ᠰᠢᠤᠸᠠᠨ A ᠰᠠᠭᠤᠭᠠᠯᠢ ᠲᠣᠭᠤᠷᠢᠭ ᠠᠴᠠ ᠲᠡᠭᠦᠨ ᠢ ᠰᠢᠤᠸᠠᠢ ᠹᠦ᠋ ᠰᠠᠭᠤᠭᠠᠯᠢ ᠲᠣᠭᠤᠷᠢᠭ ᠤᠨ ᠰᠢᠨ ᠮᠢᠶᠣᠣ ᠮᠢᠶᠣᠣ ᠭᠡᠷ ᠪᠦᠯᠢ ᠶᠢᠨ ᠦᠢᠯᠡᠴᠢᠯᠡᠭᠡᠨ ᠤ ᠲᠥᠪ ᠲᠤ ᠬᠦᠷᠭᠡᠪᠡ᠃       10 ᠰᠠᠷ᠎ᠠ ᠶᠢᠨ 17᠎ ᠤ ᠡᠳᠦᠷ ᠠᠴᠠ 21᠎ ᠤ ᠡᠳᠦᠷ ᠪᠣᠯᠲᠠᠯ᠎ᠠ ᠡᠳᠦᠷ ᠪᠦᠷᠢ ᠬᠢᠴᠢᠶᠡᠯ ᠣᠷᠣᠬᠤ ᠪᠠᠷ ᠯᠦ᠋ᠩ ᠽᠢ ᠰᠢᠨ ᠪᠠᠭ᠎ᠠ ᠰᠤᠷᠭᠠᠭᠤᠯᠢ ᠪᠠ ᠰᠢᠨ ᠮᠢᠶᠤᠤ ᠮᠢᠶᠤᠤ ᠭᠡᠷ ᠪᠦᠯᠢ ᠶᠢᠨ ᠦᠢᠯᠡᠴᠢᠯᠡᠭᠡᠨ ᠤ ᠲᠥᠪ ᠤᠨ ᠬᠤᠭᠤᠷᠣᠨᠳᠤ ᠨᠠᠭᠠᠰᠢ ᠴᠠᠭᠠᠰᠢ ᠶᠠᠪᠤᠵᠤ ᠪᠠᠶᠢᠪᠠ᠃       10 ᠰᠠᠷ᠎ᠠ ᠶᠢᠨ 21᠎ ᠤ ᠡᠳᠦᠷ ᠤᠨ 20 ᠴᠠᠭ 40 ᠮᠢᠨᠦ᠋ᠲ ᠤᠨ ᠦᠶ᠎ᠡ ᠪᠠᠷ ᠠᠪᠤ ᠨᠢ ᠲᠡᠭᠦᠨ ᠢ ᠰᠢᠨ ᠮᠢᠶᠣᠣ ᠮᠢᠶᠣᠣ ᠭᠡᠷ ᠪᠦᠯᠢ ᠶᠢᠨ ᠦᠢᠯᠡᠴᠢᠯᠡᠭᠡᠨ ᠤ ᠲᠥᠪ ᠠᠴᠠ ᠲᠤᠰᠤᠭᠠᠳ ᠿᠢ ᠶᠤᠸᠠᠢ ᠰᠢᠤᠸᠠᠨ A ᠰᠠᠭᠤᠭᠠᠯᠢ ᠲᠣᠭᠤᠷᠢᠭ ᠲᠤ ᠬᠠᠷᠢᠭᠰᠠᠨ ᠤ ᠳᠠᠷᠠᠭ᠎ᠠ ᠳᠠᠭᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 22᠎ ᠤᠨ ᠡᠳᠦᠷ ᠭᠡᠷ ᠠᠴᠠ ᠪᠠᠨ ᠭᠠᠷᠤᠭᠰᠠᠨ ᠦᠭᠡᠢ᠃       10 ᠰᠠᠷ᠎ᠠ ᠶᠢᠨ 23᠎ ᠤ ᠡᠳᠦᠷ ᠭᠡᠷ ᠠᠴᠠ ᠪᠠᠨ ᠭᠠᠷᠤᠭᠰᠠᠨ ᠦᠭᠡᠢ᠂ 17 ᠴᠠᠭ ᠤᠨ ᠦᠶ᠎ᠡ ᠪᠠᠷ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠰᠢᠯᠵᠢᠵᠦ ᠣᠴᠢᠪᠠ᠃      ᠲᠠᠪᠤ᠂ ᠠᠩᠬᠠᠨ ᠤ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠱᠧᠨ ᠣᠪᠣᠭᠲᠤ ︵ᠯᠢᠦ ᠣᠪᠣᠭᠲᠤ ᠶᠢᠨ ᠵᠢᠭᠡ ᠬᠦᠦ︶᠎ ᠶᠢᠨ ᠠᠶᠠᠯᠠᠯ ᠤᠨ ᠵᠠᠮ ᠮᠥᠷ       ᠬᠢᠵᠢᠭ ᠡᠪᠡᠳᠴᠢᠨ ᠤ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠪᠡᠯ᠂ ᠱᠧᠨ ᠣᠪᠣᠭᠲᠤ ᠪᠣᠯᠣᠨ ᠯᠢᠦ ᠣᠪᠣᠭᠲᠤ 1᠎ ᠶᠢᠨ ᠠᠶᠠᠯᠠᠯ ᠤᠨ ᠵᠠᠮ ᠮᠥᠷ ᠨᠢ ᠠᠳᠠᠯᠢᠬᠠᠨ᠃      ᠵᠢᠷᠭᠤᠭ᠎ᠠ᠂ ᠠᠩᠬᠠᠨ ᠤ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠯᠢᠦ ᠣᠪᠣᠭᠲᠤ 2 ︵ᠯᠢᠦ ᠣᠪᠣᠭᠲᠤ ᠶᠢᠨ ᠡᠴᠢᠭᠡ︶᠎ ᠤᠨ ᠠᠶᠠᠯᠠᠯ ᠤᠨ ᠵᠠᠮ ᠮᠥᠷ       ᠯᠢᠦ ᠣᠪᠣᠭᠲᠤ 2᠎ ᠤᠨ ᠥᠪᠡᠷ ᠤᠨ ᠲᠣᠭᠠᠴᠢᠯᠲᠠ ᠶᠢ ᠦᠨᠳᠦᠰᠦᠯᠡᠪᠡᠯ᠄       10 ᠰᠠᠷ᠎ᠠ ᠶᠢᠨ 19᠎ ᠤ ᠡᠳᠦᠷ ᠤᠨ 8 ᠴᠠᠭ 54 ᠮᠢᠨᠦ᠋ᠲ ᠤᠨ ᠦᠶ᠎ᠡ ᠪᠠᠷ ᠿᠢ ᠶᠤᠸᠠᠢ ᠰᠢᠤᠸᠠᠨ A ᠰᠠᠭᠤᠭᠠᠯᠢ ᠲᠣᠭᠤᠷᠢᠭ ᠲᠠᠬᠢ ᠰᠠᠭᠤᠭ᠎ᠠ ᠭᠠᠵᠠᠷ ᠠᠴᠠ ᠪᠠᠨ ᠪᠦᠯᠬᠦᠮᠳᠡᠯ ᠨᠡᠶᠢᠭᠡᠮ ᠲᠣᠭᠤᠷᠢᠭ ᠤᠨ ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ᠬᠦᠷᠴᠦ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠤ ᠳᠠᠷᠠᠭ᠎ᠠ ᠭᠡᠷ ᠲᠡᠭᠡᠨ ᠬᠠᠷᠢᠭᠠᠳ ᠳᠠᠭᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 20᠎ ᠤ ᠡᠳᠦᠷ ᠤᠨ 9 ᠴᠠᠭ ᠤᠨ ᠦᠶ᠎ᠡ ᠪᠠᠷ ᠺᠠᠩ ᠧ ᠳᠡᠯᠭᠡᠭᠦᠷ ᠠᠴᠠ ᠪᠠᠷᠠᠭ᠎ᠠ ᠬᠤᠳᠠᠯᠳᠤᠨ ᠠᠪᠤᠭᠰᠠᠨ ᠤ ᠲᠠᠷᠠᠭ᠎ᠠ ︵ᠪᠡᠯᠡᠨ ᠵᠣᠭᠤᠰ ᠥᠭᠪᠡ︶ ᠭᠡᠷ ᠲᠡᠭᠡᠨ ᠬᠠᠷᠢᠭᠠᠳ ᠳᠠᠭᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 21᠎ ᠤ ᠡᠳᠦᠷ ᠤᠨ 8 ᠴᠠᠭ 30 ᠮᠢᠨᠦ᠋ᠲ ᠤᠨ ᠦᠶ᠎ᠡ ᠪᠠᠷ ᠰᠠᠭᠤᠭᠠᠯᠢ ᠲᠣᠭᠤᠷᠢᠭ ᠲᠤ ᠰᠡᠯᠡᠭᠦᠴᠡᠨ ᠠᠯᠬᠤᠵᠤ᠂ 10 ᠴᠠᠭ ᠤᠨ ᠦᠶ᠎ᠡ ᠪᠠᠷ ᠭᠡᠷ ᠲᠡᠭᠡᠨ ᠬᠠᠷᠢᠭᠠᠳ ᠳᠠᠭᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 22᠎ ᠤᠨ ᠡᠳᠦᠷ ᠭᠡᠷ ᠠᠴᠠ ᠪᠠᠨ ᠭᠠᠷᠤᠭᠰᠠᠨ ᠦᠭᠡᠢ᠃       10 ᠰᠠᠷ᠎ᠠ ᠶᠢᠨ 23᠎ ᠤ ᠡᠳᠦᠷ ᠭᠡᠷ ᠠᠴᠠ ᠪᠠᠨ ᠭᠠᠷᠤᠭᠰᠠᠨ ᠦᠭᠡᠢ᠂ 17 ᠴᠠᠭ ᠤᠨ ᠦᠶ᠎ᠡ ᠪᠠᠷ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠰᠢᠯᠵᠢᠵᠦ ᠣᠴᠢᠪᠠ᠃      ᠳᠣᠯᠤᠭ᠎ᠠ᠂ ᠠᠩᠬᠠᠨ ᠤ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠸᠠᠩ ᠣᠪᠣᠭᠲᠤ ︵ᠯᠢᠦ ᠣᠪᠣᠭᠲᠤ ᠶᠢᠨ ᠡᠵᠢ︶᠎ ᠶᠢᠨ ᠠᠶᠠᠯᠠᠯ ᠤᠨ ᠵᠠᠮ ᠮᠥᠷ       ᠸᠠᠩ ᠣᠪᠣᠭᠲᠤ ᠶᠢᠨ ᠥᠪᠡᠷ ᠤᠨ ᠲᠣᠭᠠᠴᠢᠯᠲᠠ ᠶᠢ ᠦᠨᠳᠦᠰᠦᠯᠡᠪᠡᠯ᠄       10 ᠰᠠᠷ᠎ᠠ ᠶᠢᠨ 19᠎ ᠤ ᠡᠳᠦᠷ ᠤᠨ 10 ᠴᠠᠭ 40 ᠮᠢᠨᠦ᠋ᠲ ᠲᠤ ᠿᠢ ᠶᠤᠸᠠᠢ ᠰᠢᠤᠸᠠᠨ A ᠰᠠᠭᠤᠭᠠᠯᠢ ᠲᠣᠭᠤᠷᠢᠭ ᠠᠴᠠ ᠢ ᠱᠠᠩ ᠺᠧ ᠳᠡᠯᠭᠡᠭᠦᠷ ᠲᠤ ᠬᠦᠷᠴᠦ ᠪᠠᠷᠠᠭ᠎ᠠ ᠬᠤᠳᠠᠯᠳᠤᠨ ᠠᠪᠤᠭᠠᠳ᠂ 11 ᠴᠠᠭ 20 ᠮᠢᠨᠦ᠋ᠲ ᠤᠨ ᠦᠶᠡᠰ ᠭᠡᠷ ᠲᠡᠭᠡᠨ ᠬᠠᠷᠢᠭᠰᠠᠨ ᠤ ᠳᠠᠷᠠᠭ᠎ᠠ ᠳᠠᠭᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 20᠎ ᠤ ᠡᠳᠦᠷ ᠤᠨ ᠦᠳᠡ ᠶᠢᠨ ᠡᠮᠦᠨ᠎ᠡ ᠭᠠᠳᠠᠭᠰᠢ ᠭᠠᠷᠤᠭᠰᠠᠨ ᠦᠭᠡᠢ᠂ 14 ᠴᠠᠭ 57 ᠮᠢᠨᠦ᠋ᠲ ᠲᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ 15 ᠴᠠᠭ 14 ᠮᠢᠨᠦ᠋ᠲ ᠲᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭ᠎ᠠ ᠳᠤ ᠣᠴᠢᠵᠤ ᠡᠮᠴᠢᠯᠡᠭᠡ ᠬᠢᠯᠭᠡᠵᠤ᠂ ᠳᠠᠷᠠᠭ᠎ᠠ ᠨᠢ CT ᠲᠠᠰᠤᠭ ᠲᠤ ᠬᠦᠷᠴᠦ ᠪᠠᠶᠢᠴᠠᠭᠠᠯᠲᠠ ᠬᠢᠯᠭᠡᠵᠤ ᠪᠠᠷᠠᠭᠠᠳ ᠭᠡᠷ ᠲᠡᠭᠡᠨ ᠬᠠᠷᠢᠭᠰᠠᠨ ᠤ ᠳᠠᠷᠠᠭ᠎ᠠ ᠳᠠᠭᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 21᠎ ᠤ ᠡᠳᠦᠷ ᠤᠨ 8 ᠴᠠᠭ 35 ᠮᠢᠨᠦ᠋ᠲ ᠲᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭ᠎ᠠ ᠳᠤ ᠣᠴᠢᠵᠤ ᠡᠮᠴᠢᠯᠡᠭᠦᠯᠵᠦ ᠪᠠᠷᠠᠭᠠᠳ ᠰᠢᠯᠭᠠᠨ ᠪᠠᠶᠢᠴᠠᠭᠠᠬᠤ ᠲᠠᠰᠤᠭ ᠲᠤ ᠬᠦᠷᠴᠦ ᠴᠢᠰᠤᠨ ᠤ ᠪᠠᠶᠢᠴᠠᠭᠠᠯᠲᠠ ᠬᠢᠯᠭᠡᠪᠡ᠂ 10 ᠴᠠᠭ ᠤᠨ ᠦᠶ᠎ᠡ ᠪᠠᠷ ᠰᠢ ᠶᠠᠩ ᠶᠠᠩ ᠴᠢᠯᠦᠭᠡᠲᠦ ᠳᠡᠯᠭᠡᠭᠦᠷ ᠤᠨ ᠣᠶᠢᠷᠠᠯᠴᠠᠭᠠᠬᠢ ᠵᠠᠮ ᠤᠨ ᠬᠠᠵᠠᠭᠤ ᠠᠴᠠ ᠰᠣᠩᠭᠢᠨ᠎ᠠ ᠬᠤᠳᠠᠯᠳᠤᠵᠤ ᠠᠪᠤᠭᠠᠳ ᠭᠡᠷ ᠲᠡᠭᠡᠨ ᠬᠠᠷᠢᠵᠠᠢ᠃ 20 ᠴᠠᠭ 40 ᠮᠢᠨᠦ᠋ᠲ ᠤᠨ ᠦᠶ᠎ᠡ ᠪᠠᠷ ᠰᠢᠤᠸᠠᠢ ᠹᠦ᠋ ᠰᠠᠭᠤᠭᠠᠯᠢ ᠲᠣᠭᠤᠷᠢᠭ ᠤᠨ ᠰᠢᠨ ᠮᠢᠶᠤᠤ ᠮᠢᠶᠤᠤ ᠭᠡᠷ ᠪᠦᠯᠢ ᠶᠢᠨ ᠦᠢᠯᠡᠴᠢᠯᠡᠭᠡᠨ ᠤ ᠲᠥᠪ ᠲᠤ ᠬᠦᠷᠴᠦ ᠬᠡᠦᠬᠡᠳ ᠢᠶᠠᠨ ᠲᠤᠰᠴᠤ᠂ 22 ᠴᠠᠭ 40 ᠮᠢᠨᠦ᠋ᠲ ᠤᠨ ᠦᠶ᠎ᠡ ᠪᠠᠷ ᠰᠠᠭᠤᠭᠠᠯᠢ ᠲᠣᠭᠤᠷᠢᠭ ᠤᠨ ᠡᠭᠦᠳᠡᠨ ᠳᠠᠬᠢ ᠺᠠᠩ ᠦ᠋ ᠨᠣᠭᠤᠭ᠎ᠠ ᠶᠢᠨ ᠳᠡᠯᠭᠡᠭᠦᠷ ᠠᠴᠠ ᠪᠠᠷᠠᠭ᠎ᠠ ᠬᠤᠳᠠᠯᠳᠤᠨ ᠠᠪᠤᠭᠠᠳ ᠭᠡᠷ ᠲᠡᠭᠡᠨ ᠬᠠᠷᠢᠭᠰᠠᠨ ᠤ ᠲᠠᠷᠠᠭ᠎ᠠ ᠳᠠᠬᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 22᠎ ᠤᠨ ᠡᠳᠦᠷ ᠭᠡᠷ ᠠᠴᠠ ᠪᠠᠨ ᠭᠠᠷᠤᠭᠰᠠᠨ ᠦᠭᠡᠢ᠃ 10 ᠰᠠᠷ᠎ᠠ ᠶᠢᠨ 23᠎ ᠤ ᠡᠳᠦᠷ ᠭᠡᠷ ᠠᠴᠠ ᠪᠠᠨ ᠭᠠᠷᠤᠭᠰᠠᠨ ᠦᠭᠡᠢ᠂ 17 ᠴᠠᠭ ᠤᠨ ᠦᠶ᠎ᠡ ᠪᠠᠷ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠰᠢᠯᠵᠢᠵᠦ ᠣᠴᠢᠪᠠ᠃      ᠨᠠᠢᠮᠠ᠂ ᠠᠩᠬᠠᠨ ᠤ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠠ ᠣᠪᠣᠭᠲᠤ ᠶᠢᠨ ᠠᠶᠠᠯᠠᠯ ᠤᠨ ᠵᠠᠮ ᠮᠥᠷ       ᠠ ᠣᠪᠣᠭᠲᠤ ᠶᠢᠨ ᠥᠪᠡᠷ ᠤᠨ ᠲᠣᠭᠠᠴᠢᠯᠲᠠ ᠶᠢ ᠦᠨᠳᠦᠰᠦᠯᠡᠪᠡᠯ᠄       10 ᠰᠠᠷ᠎ᠠ ᠶᠢᠨ 17᠎ ᠤ ᠡᠳᠦᠷ ᠤᠨ 8 ᠴᠠᠭ 30 ᠮᠢᠨᠦ᠋ᠲ ᠲᠤ᠂ ᠱᠠᠩ ᠬᠤᠸᠠ ᠰᠠᠭᠤᠭᠠᠯᠢ ᠲᠣᠭᠤᠷᠢᠭ ᠠᠴᠠ ᠬᠤᠪᠢ ᠶᠢᠨ ᠮᠠᠰᠢᠨ ᠲᠡᠷᠭᠡ ᠪᠠᠷ ᠢᠶᠠᠨ ᠢ ᠱᠠᠩ ᠺᠧ ᠭᠠᠷᠠᠭ ᠤᠨ ᠨᠠᠢᠮᠠ ᠪᠠᠶᠠᠷ ᠴᠡᠩᠭᠡᠯ ᠤᠨ ᠬᠤᠳᠠ ᠳᠤ ᠠᠵᠢᠯᠯᠠᠬᠤ ᠪᠠᠷ ᠶᠠᠪᠤᠵᠤ᠂ 12 ᠴᠠᠭ ᠲᠤ ᠠᠵᠢᠯ ᠠᠴᠠ ᠪᠠᠨ ᠪᠠᠭᠤᠭᠠᠳ ᠱᠠᠩ ᠬᠤᠸᠠ ᠰᠠᠭᠤᠭᠠᠯᠢ ᠲᠣᠭᠤᠷᠢᠭ ᠲᠠᠬᠢ ᠭᠡᠷ ᠲᠡᠭᠡᠨ ᠪᠤᠴᠠᠪᠠ᠃ ᠦᠳᠡ ᠶᠢᠨ ᠬᠤᠶᠢᠨ᠎ᠠ ᠶᠢᠨ 16 ᠴᠠᠭ ᠤᠨ ᠦᠶ᠎ᠡ ᠪᠠᠷ᠂ ᠰᠢᠩ ᠬᠠᠩ ᠵᠠᠬ᠎ᠠ ᠳᠡᠯᠭᠡᠭᠦᠷ ᠤᠨ ᠬᠤᠶᠠᠳᠤᠭᠠᠷ ᠳᠠᠪᠬᠤᠷᠭ᠎ᠠ ︵ᠵᠡᠭᠦᠨ ᠡᠭᠦᠳᠡ ᠪᠠᠷ ᠺᠣᠳ᠋ ᠰᠢᠷᠪᠢᠵᠦ ᠣᠷᠣᠪᠠ᠂ ᠰᠢᠷᠪᠢᠭᠰᠡᠨ ᠴᠠᠭ᠄ 16 ᠴᠠᠭ 42 ᠮᠢᠨᠦ᠋ᠲ︶᠎ ᠳᠤ ᠬᠦᠷᠴᠦ ᠱᠠᠬᠠᠢ ᠶᠢᠨ ᠳᠡᠯᠭᠡᠭᠦᠷ ᠤᠨ ᠡᠵᠡᠩᠨᠡᠭᠴᠢᠳ ᠲᠠᠢ ᠰᠢᠲᠠᠷ᠎ᠠ ᠲᠣᠭᠯᠠᠵᠤ᠂ 17 ᠴᠠᠭ ᠤᠨ ᠦᠶ᠎ᠡ ᠪᠠᠷ ᠭᠡᠷ ᠲᠡᠭᠡᠨ ᠬᠠᠷᠢᠵᠠᠢ᠃ ᠬᠤᠭᠤᠯᠠ ᠪᠠᠨ ᠢᠳᠡᠵᠦ ᠪᠠᠷᠠᠭᠠᠳ ᠱᠠᠩ ᠬᠤᠸᠠ ᠰᠠᠭᠤᠭᠠᠯᠢ ᠲᠣᠭᠤᠷᠢᠭ ᠲᠤ ᠰᠡᠯᠡᠭᠦᠴᠡᠨ ᠠᠯᠬᠤᠵᠤ ᠪᠠᠷᠠᠭᠠᠳ ᠭᠡᠷ ᠲᠡᠭᠡᠨ ᠬᠠᠷᠢᠭᠠᠳ ᠳᠠᠬᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 18᠎ ᠤ ᠡᠳᠦᠷ ᠤᠨ 10 ᠴᠠᠭ ᠲᠤ ᠰᠢᠩ ᠬᠠᠩ ᠵᠠᠬ᠎ᠠ ᠳᠡᠯᠭᠡᠭᠦᠷ ᠤᠨ ᠬᠤᠶᠠᠳᠤᠭᠠᠷ ᠳᠠᠪᠬᠤᠷᠭ᠎ᠠ ︵ᠵᠡᠭᠦᠨ ᠡᠭᠦᠳᠡ ᠪᠠᠷ ᠺᠣᠳ᠋ ᠰᠢᠷᠪᠢᠵᠦ ᠣᠷᠣᠪᠠ︶᠎ ᠳᠤ ᠬᠦᠷᠴᠦ ᠱᠠᠬᠠᠢ ᠶᠢᠨ ᠳᠡᠯᠭᠡᠭᠦᠷ ᠤᠨ ᠡᠵᠡᠩᠨᠡᠭᠴᠢᠳ ᠲᠠᠢ ᠰᠢᠲᠠᠷ᠎ᠠ ᠲᠣᠭᠯᠠᠵᠤ᠂ 11 ᠴᠠᠭ 30 ᠮᠢᠨᠦ᠋ᠲ ᠤᠨ ᠦᠶ᠎ᠡ ᠪᠠᠷ ᠭᠡᠷ ᠲᠡᠭᠡᠨ ᠬᠠᠷᠢᠪᠠ᠃ 13 ᠴᠠᠭ 30 ᠮᠢᠨᠦ᠋ᠲ ᠲᠤ ᠰᠢᠩ ᠬᠠᠩ ᠵᠠᠬ᠎ᠠ ᠳᠡᠯᠭᠡᠭᠦᠷ ᠤᠨ ᠬᠤᠶᠠᠳᠤᠭᠠᠷ ᠳᠠᠪᠬᠤᠷᠭ᠎ᠠ ︵ᠵᠡᠭᠦᠨ ᠡᠭᠦᠳᠡ ᠪᠠᠷ ᠺᠣᠳ᠋ ᠰᠢᠷᠪᠢᠵᠦ ᠣᠷᠣᠪᠠ᠂ ᠰᠢᠷᠪᠢᠭᠰᠡᠨ ᠴᠠᠭ᠄ 13 ᠴᠠᠭ 07 ᠮᠢᠨᠦ᠋ᠲ︶᠎ ᠳᠤ ᠬᠦᠷᠴᠦ ᠱᠠᠬᠠᠢ ᠶᠢᠨ ᠳᠡᠯᠭᠡᠭᠦᠷ ᠤᠨ ᠡᠵᠡᠩᠨᠡᠭᠴᠢᠳ ᠲᠠᠢ ᠰᠢᠲᠠᠷ᠎ᠠ ᠲᠣᠭᠯᠠᠵᠤ᠂ 16 ᠴᠠᠭ ᠤᠨ ᠦᠶ᠎ᠡ ᠪᠠᠷ ᠬᠤᠶᠠᠳᠤᠭᠠᠷ ᠳᠠᠪᠬᠤᠷᠭ᠎ᠠ ᠶᠢᠨ ᠨᠢᠭᠡᠨ ᠬᠤᠪᠴᠠᠰᠤᠨ ᠤ ᠳᠡᠯᠭᠡᠭᠦᠷ ᠤᠨ ᠡᠵᠡᠩᠨᠡᠭᠴᠢ ᠲᠠᠢ ᠵᠣᠭᠤᠭᠳᠠᠵᠤ ᠪᠠᠷᠠᠭᠠᠳ ᠭᠡᠷ ᠲᠡᠭᠡᠨ ᠬᠠᠷᠢᠭᠰᠠᠨ ᠤ ᠲᠠᠷᠠᠭ᠎ᠠ ᠳᠠᠬᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 19᠎ ᠤ ᠡᠳᠦᠷ ᠤᠨ 8 ᠴᠠᠭ ᠤᠨ ᠦᠶ᠎ᠡ ᠪᠠᠷ ᠬᠤᠪᠢ ᠶᠢᠨ ᠮᠠᠰᠢᠨ ᠲᠡᠷᠭᠡ ᠪᠠᠷ ᠢᠶᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠡᠰᠡᠷᠭᠦ ᠲᠠᠯ᠎ᠠ ᠳᠠᠬᠢ ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ᠬᠦᠷᠴᠦ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠵᠤ ᠪᠠᠷᠠᠭᠠᠳ 10 ᠴᠠᠭ ᠤᠨ ᠦᠶ᠎ᠡ ᠪᠠᠷ ᠪᠠᠶᠢᠭᠤᠯᠭ᠎ᠠ ᠳᠠᠭᠠᠨ ᠬᠦᠷᠴᠦ ᠠᠵᠢᠯᠯᠠᠵᠤ᠂ 12 ᠴᠠᠭ ᠤᠨ ᠦᠶ᠎ᠡ ᠪᠠᠷ ᠠᠵᠢᠯ ᠠᠴᠠ ᠪᠠᠨ ᠪᠠᠭᠤᠪᠠ᠃ 13 ᠴᠠᠭ 30 ᠮᠢᠨᠦ᠋ᠲ ᠤᠨ ᠦᠶ᠎ᠡ ᠪᠠᠷ ᠲᠠᠬᠢᠨ ᠪᠠᠶᠢᠭᠤᠯᠭ᠎ᠠ ᠳᠠᠭᠠᠨ ᠣᠴᠢᠵᠤ᠂ 20 ᠴᠠᠭ 30 ᠮᠢᠨᠦ᠋ᠲ ᠤᠨ ᠦᠶ᠎ᠡ ᠪᠠᠷ ᠠᠵᠢᠯ ᠠᠴᠠ ᠪᠠᠨ ᠪᠠᠭᠤᠭᠠᠳ ᠭᠡᠷ ᠲᠡᠭᠡᠨ ᠬᠠᠷᠢᠭᠰᠠᠨ ᠤ ᠲᠠᠷᠠᠭ᠎ᠠ ᠳᠠᠬᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 20᠎ ᠤ ᠡᠳᠦᠷ ᠤᠨ 8 ᠴᠠᠭ 30 ᠮᠢᠨᠦ᠋ᠲ ᠲᠤ ᠪᠠᠶᠢᠭᠤᠯᠭ᠎ᠠ ᠳᠠᠭᠠᠨ ᠣᠴᠢᠵᠤ ᠠᠵᠢᠯᠯᠠᠪᠠ᠂ 12 ᠴᠠᠭ ᠲᠤ ᠠᠵᠢᠯ ᠠᠴᠠ ᠪᠠᠨ ᠪᠠᠭᠤᠵᠤ ᠭᠡᠷ ᠲᠡᠭᠡᠨ ᠬᠠᠷᠢᠪᠠ᠂ 13 ᠴᠠᠭ 30 ᠮᠢᠨᠦ᠋ᠲ ᠲᠤ ᠪᠠᠰᠠ ᠪᠠᠶᠢᠭᠤᠯᠭ᠎ᠠ ᠳᠠᠭᠠᠨ ᠣᠴᠢᠵᠤ ᠠᠵᠢᠯᠯᠠᠭᠠᠳ 20 ᠴᠠᠭ 30 ᠮᠢᠨᠦ᠋ᠲ ᠲᠤ ᠠᠵᠢᠯ ᠠᠴᠠ ᠪᠠᠨ ᠪᠠᠭᠤᠵᠤ ᠭᠡᠷ ᠲᠡᠭᠡᠨ ᠬᠠᠷᠢᠭᠠᠳ ᠳᠠᠭᠢᠵᠤ ᠭᠠᠳᠠᠭᠰᠢ ᠭᠠᠷᠤᠭᠰᠠᠨ ᠦᠭᠡᠢ᠃       10 ᠰᠠᠷ᠎ᠠ ᠶᠢᠨ 21᠎ ᠤ ᠡᠳᠦᠷ ᠤᠨ 8 ᠴᠠᠭ ᠤᠨ ᠦᠶ᠎ᠡ ᠪᠠᠷ ᠪᠠᠶᠠᠨ ᠰᠠᠭᠤᠭᠠᠯᠢ ᠲᠣᠭᠤᠷᠢᠭ ᠤᠨ ᠪᠥᠭᠡᠮ ᠬᠦᠴᠢᠯ ᠤᠨ ᠥᠯᠢᠭᠡᠷ ᠠᠪᠬᠤ ᠭᠠᠵᠠᠷ ᠲᠤ ᠬᠦᠷᠴᠦ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠵᠤ ᠪᠠᠷᠠᠭᠠᠳ ᠪᠠᠶᠢᠭᠤᠯᠭ᠎ᠠ ᠳᠠᠭᠠᠨ ᠣᠴᠢᠵᠤ ᠠᠵᠢᠯᠯᠠᠪᠠ᠂ 12 ᠴᠠᠭ ᠤᠨ ᠦᠶ᠎ᠡ ᠪᠠᠷ ᠢ ᠱᠠᠩ ᠺᠧ ᠳᠡᠯᠭᠡᠭᠦᠷ ᠲᠤ ᠬᠦᠷᠴᠦ ᠨᠣᠭᠤᠭ᠎ᠠ ᠬᠤᠳᠠᠯᠳᠤᠵᠤ ᠠᠪᠤᠭᠠᠳ ᠭᠡᠷ ᠲᠡᠭᠡᠨ ᠬᠠᠷᠢᠪᠠ ︵ᠲᠣᠭᠠᠴᠠᠭ᠎ᠠ ᠬᠢᠭᠰᠡᠨ ᠴᠠᠭ ᠨᠢ 12 ᠴᠠᠭ 10 ᠮᠢᠨᠦ᠋ᠲ︶᠂ 13 ᠴᠠᠭ 30 ᠮᠢᠨᠦ᠋ᠲ ᠤᠨ ᠦᠶ᠎ᠡ ᠪᠠᠷ ᠪᠠᠶᠢᠭᠤᠯᠭ᠎ᠠ ᠳᠠᠭᠠᠨ ᠣᠴᠢᠵᠤ ᠠᠵᠢᠯᠯᠠᠪᠠ᠂ ᠳᠠᠷᠠᠭ᠎ᠠ ᠨᠢ ᠮᠡᠳᠡᠭᠳᠡᠯ ᠢ ᠣᠯᠣᠭᠠᠳ ᠲᠥᠪᠯᠡᠷᠡᠭᠦᠯᠦᠨ ᠲᠤᠰᠠᠭᠠᠷᠯᠠᠬᠤ ᠭᠠᠵᠠᠷ ᠲᠤ ᠰᠢᠯᠵᠢᠵᠦ ᠣᠴᠢᠪᠠ᠃       ᠣᠳᠣᠬᠠᠨ ᠳᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠬᠡᠷᠪᠡ ᠳᠡᠭᠡᠷ᠎ᠡ ᠳᠤᠷᠠᠳᠤᠭᠰᠠᠨ ᠠᠶᠠᠯᠠᠯ ᠤᠨ ᠵᠠᠮ ᠮᠥᠷ ᠯᠦᠭᠡ ᠳᠠᠪᠬᠤᠴᠠᠭᠰᠠᠨ ᠬᠥᠮᠥᠰ ᠪᠠᠶᠢᠪᠠᠯ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠢ ᠪᠤᠶᠤ ᠰᠠᠭᠤᠵᠤ ᠪᠠᠶᠢᠭ᠎ᠠ ᠪᠠᠭᠤᠳᠠᠯ ᠳᠠᠭᠠᠨ ᠳᠠᠷᠤᠶᠢᠬᠠᠨ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃       ᠳᠡᠭᠡᠷᠡᠬᠢ ᠠᠩᠬᠠᠨ ᠤ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠬᠥᠮᠥᠰ ᠢ ᠲᠤᠰᠠᠭᠠᠷᠯᠠᠨ ᠡᠵᠡᠮᠳᠡᠬᠦ ᠶᠠᠪᠤᠴᠠ ᠳᠤ ᠢᠯᠡᠷᠡᠭᠦᠯᠦᠭᠰᠡᠨ ᠶᠤᠮ᠂ ᠡᠶᠢᠮᠦ ᠠᠴᠠ ᠠᠷᠠᠳ ᠣᠯᠠᠨ ᠢᠶᠠᠷ ᠢᠶᠠᠨ ᠭᠡᠯᠮᠡᠭᠳᠡᠨ ᠰᠠᠨᠳᠤᠷᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠵᠤ᠂ ᠡᠷᠡᠭᠦᠯ ᠮᠡᠨᠳᠤ ᠠᠮᠢᠳᠤᠷᠠᠯ ᠤᠨ ᠠᠷᠭ᠎ᠠ ᠮᠠᠶ᠋ᠢᠭ ᠢ ᠪᠠᠲᠤᠯᠠᠬᠤ ᠶᠢ ᠬᠦᠰᠡᠵᠦ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠯᠲᠡ ᠶᠢᠨ ᠲᠠᠷᠢᠯᠭ᠎ᠠ ᠶᠢ ᠰᠠᠨᠠᠭᠠᠴᠢᠯᠠᠭ᠎ᠠ ᠠᠴᠠ ᠪᠠᠨ ᠳᠠᠷᠢᠵᠤ᠂ ᠠᠮᠠᠪᠴᠢ ᠵᠡᠭᠦᠬᠦ᠂ ᠰᠠᠨᠠᠭᠠᠴᠢᠯᠠᠭ᠎ᠠ ᠠᠴᠠ ᠪᠠᠨ ᠺᠣᠳ᠋ ᠰᠢᠷᠪᠢᠬᠦ᠂ ᠺᠣᠳ᠋ ᠢᠶᠠᠨ ᠭᠠᠷᠭᠠᠬᠤ᠂ ᠺᠣᠳ᠋ ᠢᠶᠠᠨ ᠰᠢᠯᠭᠠᠨ ᠪᠠᠶᠢᠴᠠᠭᠠᠯᠭᠠᠬᠤ ᠶᠢ ᠪᠠᠷᠢᠮᠲᠠᠯᠠᠨ᠂ 2 ᠮᠧᠲᠷ ᠤᠨ ᠠᠮᠤᠷ ᠲᠦᠪᠰᠢᠨ ᠵᠠᠢ ᠶᠢ ᠪᠠᠲᠤᠯᠠᠵᠤ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠵᠢᠪᠠᠷ ᠨᠡᠪᠲᠡᠷᠡᠭᠦᠯᠬᠦ᠂ ᠠᠷᠢᠭᠤᠳᠬᠠᠯ ᠬᠢᠬᠦ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠡᠷᠬᠢᠮᠯᠡᠬᠦ ᠬᠡᠷᠡᠭᠲᠡᠢ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ ᠳᠠᠷᠤᠶᠢᠬᠠᠨ ᠣᠶᠢᠷᠠᠯᠴᠠᠭᠠᠬᠢ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠶᠢᠨ ᠬᠠᠮᠲᠤ 7 ᠡᠳᠦᠷ ᠤᠨ ᠠᠶᠠᠯᠠᠯ ᠤᠨ ᠵᠠᠮ ᠮᠥᠷ ᠵᠢᠴᠢ ᠣᠶᠢᠷᠠᠲᠤᠭᠰᠠᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠳᠡᠵᠦ᠂ ᠡᠪᠡᠳᠴᠢᠨ ᠦᠵᠡᠭᠦᠯᠬᠦ ᠶᠠᠪᠤᠴᠠ ᠳᠤ ᠠᠮᠠᠪᠴᠢ ᠵᠡᠭᠦᠵᠦ᠂ ᠠᠯᠢ ᠴᠢᠳᠠᠬᠤ ᠪᠠᠷ ᠨᠡᠶᠢᠲᠡ ᠶᠢᠨ ᠲᠡᠷᠭᠡ ᠤᠨᠤᠭ᠎ᠠ ᠳᠤ ᠰᠠᠭᠤᠬᠤ ᠠᠴᠠ ᠵᠠᠶᠢᠯᠠᠰᠬᠢᠭᠠᠷᠠᠢ︕                                    ᠬᠠᠩᠭᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                                                               2022 ᠣᠨ ᠤ 10 ᠰᠠᠷ᠎ᠠ ᠶᠢᠨ 25᠎ ᠤ ᠡᠳᠦᠷ 
        ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ