ᠮᠠᠨ ᠤ ᠬᠤᠲᠠ ᠶᠢᠨ ᠬᠦᠳᠡᠭᠡ ᠲᠤᠰᠬᠤᠨ ᠮᠠᠯᠵᠢᠬᠤ ᠤᠷᠤᠨ᠂ ᠫᠧᠩ ᠰᠠᠷᠡᠪᠴᠢ ᠶᠢᠨ ᠰᠠᠭᠤᠷᠢ ᠪᠦᠳᠣᠭᠡᠨ ᠪᠠᠶᠢᠭᠤᠯᠣᠯᠲᠠ᠂ ᠡᠪᠡᠰᠣ ᠪᠣᠷᠳᠣᠭᠠᠨ ᠤ | ᠨᠦᠭᠡᠴᠠᠯᠠᠯᠲᠠ ᠵᠡᠷᠭᠡ ᠲᠠᠯ᠎ᠠ ᠶᠢᠨ ᠠᠵᠢᠯ ᠢ ᠰᠠᠶᠢᠨ ᠬᠢᠵᠦ᠂ ᠲᠥᠯ ᠮᠠᠯ ᠤᠨ ᠤᠨᠳᠤᠷᠤᠯᠳᠠ ᠪᠤᠶᠢᠵᠢᠯᠳᠠ ᠶᠢ ᠪᠠᠲᠤᠯᠠᠭᠰᠠᠨ ᠠᠴᠠ᠂ ᠬᠠᠪᠤᠷ ᠤᠨ ᠲᠥᠯ ᠲᠤᠰᠬᠤ | ᠠᠵᠢᠯ ᠡᠷᠴᠢᠮᠳᠠᠢ ᠶᠠᠪᠤᠭᠳᠠᠵᠤ ᠪᠤᠢ᠃ | ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠠᠪᠤᠷ ᠤᠨ ᠲᠥᠯ ᠲᠣᠰᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠯᠴᠢᠨ | ᠲᠠᠷᠢᠶᠠᠴᠢᠨ ᠤ ᠲᠥᠯ ᠲᠤᠰᠴᠤ ᠪᠣᠶᠢᠵᠢᠭᠤᠯᠬᠤ ᠠᠵᠢᠯ ᠢ ᠵᠢᠯᠤᠭᠤᠳᠴᠤ᠂ ᠲᠥᠯ ᠮᠠᠯ ᠤᠨ ᠠᠷᠠᠴᠢᠯᠠᠭ᠎ᠠ ᠶᠢᠨ ᠬᠠᠮᠢᠶᠠᠷᠤᠯᠲᠠ᠂ ᠡᠪᠡᠰᠦ ᠪᠣᠷᠳᠤᠭ᠎ᠠ ᠶᠢᠨ | ᠲᠣᠬᠢᠷᠠᠭᠤᠯᠤᠯᠲᠠ ᠵᠡᠷᠭᠡ ᠮᠡᠷᠭᠡᠵᠢᠯ ᠤᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠲᠥᠯ ᠮᠠᠯ ᠤᠨ ᠤᠨᠳᠤᠷᠤᠯᠳᠠ ᠶᠢᠨ ᠨᠣᠷᠮ᠎ᠠ ᠶᠢ ᠳᠡᠭᠡᠭᠰᠢᠯᠡᠬᠦᠯᠵᠦ ᠪᠤᠢ᠃ ᠤᠲᠤᠭ | ᠬᠤᠰᠢᠭᠤᠨ ᠤ ᠠᠷᠪᠠᠰ ᠰᠤᠮᠤᠨ ᠤ ᠤᠯᠠᠨᠴᠢᠷᠭ᠎ᠠ ᠭᠠᠴᠠᠭᠠᠨ ᠤ ᠮᠠᠯᠴᠢᠨ ᠵᠠᠭᠤᠨᠨᠠᠰᠤᠨ ᠤ ᠲᠥᠯ ᠮᠠᠯ ᠤᠨ ᠤᠨᠳᠤᠷᠤᠯᠳᠠ ᠶᠡᠭᠡ ᠰᠠᠶᠢᠨ ᠪᠠᠶᠢᠵᠤ᠂ ᠡᠵᠡᠨ ᠤ ᠪᠠᠨ | ᠰᠡᠳᠬᠢᠯ ᠢ ᠪᠠᠶᠠᠰᠬᠠᠨ᠎ᠠ᠃ ᠲᠡᠷᠡ ᠰᠤᠷᠪᠤᠯᠵᠢᠯᠠᠭᠴᠢ ᠳᠤ᠂ ᠤᠳᠤ ᠪᠤᠯᠳᠠᠯ᠎ᠠ᠂ 180 ᠢᠯᠡᠬᠦᠦ ᠢᠰᠢᠭᠡ ᠲᠤᠰᠴᠦ᠂ ᠢᠬᠢᠷᠯᠡᠭᠰᠡᠨ ᠨᠣᠷᠮ᠎ᠠ ᠨᠢ 50% ᠠᠴᠠ | ᠳᠡᠭᠡᠭᠰᠢ ᠪᠤᠯᠤᠭᠰᠠᠨ᠂ ᠰᠦᠷᠦᠭ ᠰᠠᠯᠭᠠᠨ ᠬᠠᠮᠢᠶᠠᠷᠬᠤ᠂ ᠰᠢᠮ᠎ᠡ ᠲᠡᠵᠢᠭᠡᠯ ᠢ ᠲᠣᠬᠢᠷᠠᠭᠤᠯᠤᠨ ᠡᠵᠡᠮᠳᠡᠬᠦ ᠵᠡᠷᠭᠡ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ | ᠮᠡᠷᠭᠡᠵᠢᠯ ᠤᠨ ᠳᠡᠮᠵᠢᠯᠭᠡ ᠪᠠᠷ᠂ ᠢᠬᠡᠷᠯᠡᠬᠦ ᠨᠤᠷᠮ᠎ᠠ ᠦᠨᠳᠦᠷ ᠪᠤᠯᠤᠯ᠎ᠠ ᠭᠡᠵᠦ ᠪᠠᠶᠠᠷᠳᠠᠶᠢᠬᠠᠨ ᠶᠠᠷᠢᠵᠤ ᠪᠠᠶᠢᠪᠠ᠃ | ᠮᠠᠨ ᠤ ᠬᠤᠲᠠ ᠶᠢᠨ ᠬᠢᠨ᠂ ᠲᠥᠯ ᠮᠠᠯ ᠤᠨ ᠮᠡᠨᠳᠤ ᠤᠨᠳᠤᠷᠤᠯᠳᠠ ᠶᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠯᠴᠢᠨ ᠲᠠᠷᠢᠶᠠᠴᠢᠨ ᠢ ᠵᠢᠯᠣᠭᠤᠳᠤᠨ | ᠵᠣᠷᠢᠭᠵᠢᠭᠤᠯᠵᠤ ᠪᠠᠶᠢᠭᠠᠳ ᠪᠡᠯᠴᠢᠭᠡᠷᠯᠡᠬᠦᠯᠦᠨ ᠮᠠᠯᠵᠢᠬᠤ ᠪᠠ ᠬᠠᠰᠢᠶᠠᠯᠠᠨ ᠲᠡᠵᠢᠭᠡᠬᠦ ᠠᠷᠭ᠎ᠠ ᠮᠠᠶ᠋ᠢᠭ ᠢᠶᠠᠷ᠂ ᠰᠠᠭᠤᠷᠢ ᠲᠦᠭᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠬᠢᠵᠢᠭ ᠡᠪᠡᠳᠴᠢᠨ ᠤ ᠰᠡᠷᠬᠡᠶᠢᠯᠡᠯᠳᠡ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠲᠦᠮᠵᠢᠲᠡᠶ ᠪᠠᠷ ᠴᠢᠩᠭᠠᠳᠬᠠᠬᠤ ᠶᠢᠨ | ᠲᠠᠭᠠᠤ᠂ ᠡᠪᠡᠰᠦ ᠪᠤᠷᠳᠤᠭᠠᠨ ᠤ ᠬᠠᠩᠭᠠᠯᠭ᠎ᠠ ᠶᠢ ᠬᠦᠢᠴᠡᠳ ᠪᠠᠳᠤᠯᠠᠯ᠎ᠠ᠃ 1 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠪᠤᠳᠠ ᠪᠤᠭ ᠮᠠᠯ ᠤᠨ | ᠲᠦᠯ 171.2 ᠲᠦᠮᠡ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 7.8 ᠪᠠᠷ ᠨᠡᠮᠡᠭᠳᠡᠵᠡᠢ᠃ ᠡᠭᠦᠨ ᠳᠤ ᠪᠤᠳᠠ ᠮᠠᠯ ᠤᠨ ᠲᠦᠯ | ᠨᠢ 2.7 ᠲᠦᠮᠡ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 17.8 ᠪᠠᠷ ᠨᠡᠮᠡᠭᠳᠡᠵᠦ᠂ ᠪᠤᠭ ᠮᠠᠯ ᠤᠨ ᠲᠦᠯ ᠨᠢ 168.5 ᠲᠦᠮᠡ | ᠳᠤ ᠬᠦᠷᠦᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 7.6 ᠪᠠᠷ ᠨᠡᠮᠡᠭᠳᠡᠵᠦ᠂ ᠲᠥᠯ ᠮᠠᠯ ᠤᠨ ᠤᠨᠳᠤᠷᠤᠯᠳᠠ ᠶᠢᠨ ᠵᠠᠭᠤᠨ ᠤ 99 ᠳᠤ | ᠬᠦᠷᠦᠭᠡᠳ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠲᠡᠩᠴᠡᠭᠰᠡᠨ ᠪᠠᠶᠢᠨ᠎ᠠ᠃ | | |