鄂尔多斯市人民政府蒙古文网站 Bet体育365提款不到账_网上365bet_365速发国际是黑平台吗

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠰᠢᠷ᠎ᠠ ᠪᠤᠷᠴᠠᠭ ᠤᠨ ᠬᠡᠷᠡᠯ ᠤᠨ ᠨᠡᠶᠢᠯᠡᠯᠭᠡ ᠶᠢᠨ ᠦᠢᠯᠡᠳᠦᠯ ᠢ ᠳᠡᠭᠡᠭᠰᠢᠯᠡᠭᠦᠯᠪᠡᠯ ᠤᠨᠠᠯᠳᠠ ᠶᠢ ᠶᠡᠭᠡ ᠪᠠᠷ ᠨᠡᠮᠡᠭᠳᠡᠭᠦᠯᠵᠦ ᠪᠣᠯᠣᠨ᠎ᠠ
        ᠨᠡᠶᠢᠲᠡᠯᠡᠭᠰᠡᠨ ᠴᠠᠭ᠄
        2023/2/2
                     ᠭᠧᠨ ᠤ ᠥᠭᠡᠷᠡᠴᠢᠯᠡᠯᠲᠡ ᠪᠠᠷ ᠳᠡᠮᠵᠢᠨ ᠰᠢᠷ᠎ᠠ ᠪᠤᠷᠴᠠᠭ ᠤᠨ ᠬᠡᠷᠡᠯ ᠤᠨ ᠨᠡᠶᠢᠯᠡᠯᠭᠡ ᠶᠢᠨ ᠦᠢᠯᠡᠳᠦᠯ ᠤᠨ ᠠᠰᠢᠭᠯᠠᠮᠵᠢ ᠶᠢ ᠳᠡᠭᠡᠭᠰᠢᠯᠡᠭᠦᠯᠵᠦ᠂ ᠰᠢᠷ᠎ᠠ ᠪᠤᠷᠴᠠᠭ ᠤᠨ ᠶᠠᠰᠤ ᠴᠢᠨᠠᠷ ᠢ ᠬᠤᠪᠢᠷᠠᠭᠤᠯᠬᠤ ᠦᠭᠡᠢ ᠪᠠᠶᠢᠳᠠᠯ ᠳᠣᠣᠷ᠎ᠠ ᠤᠨᠠᠯᠳᠠ ᠶᠢ ᠨᠢ ᠬᠠᠮᠤᠭ ᠤᠨ ᠠᠷᠪᠢᠨ ᠳᠤ ᠪᠠᠨ 33%᠎ ᠪᠠᠷ ᠨᠡᠮᠡᠭᠳᠡᠭᠦᠯᠵᠦ ᠪᠣᠯᠣᠨ᠎ᠠ᠃    ᠭᠡᠷᠡᠯ ᠤᠨ ᠨᠡᠶᠢᠯᠡᠯᠭᠡ ᠶᠢᠨ ᠦᠢᠯᠡᠳᠦᠯ ᠪᠣᠯ ᠤᠷᠭᠤᠮᠠᠯ ᠭᠡᠷᠡᠯ ᠤᠨ ᠡᠨᠧᠷᠭᠢ ᠶᠢ ᠠᠰᠢᠭᠯᠠᠨ᠂ ᠤᠰᠤ ᠪᠣᠯᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠠᠨᠢᠭ ᠪᠣᠳᠠᠰ ᠪᠣᠯᠭᠠᠨ ᠬᠤᠪᠢᠷᠠᠭᠠᠬᠤ ᠶᠢᠨ ᠬᠠᠮᠲᠤ ᠬᠦᠴᠢᠯᠲᠥ᠋ᠷᠥᠭᠴᠢ ᠶᠢ ᠢᠯᠭᠠᠷᠠᠭᠤᠯᠬᠤ ᠶᠠᠪᠤᠴᠠ ᠶᠢ ᠵᠢᠭᠠᠵᠤ ᠪᠠᠶᠢᠨ᠎ᠠ᠃ ᠲᠠᠨᠢᠯᠴᠠᠭᠤᠯᠤᠭᠰᠠᠨ ᠢᠶᠠᠷ᠂ ᠬᠡᠲᠦ ᠴᠢᠩᠭ᠎ᠠ ᠬᠡᠷᠡᠯ ᠤᠨ ᠲᠤᠰᠤᠯᠲᠠ ᠲᠣᠬᠢᠶᠠᠯᠳᠤᠪᠠᠯ᠂ ᠤᠷᠭᠤᠮᠠᠯ ᠥᠪᠡᠷ ᠢ ᠪᠠᠨ ᠬᠠᠮᠠᠭᠠᠯᠠᠬᠤ ᠠᠴᠠ ᠪᠣᠯᠵᠤ ᠨᠠᠪᠴᠢᠨ ᠤ ᠰᠢᠷ᠎ᠠ ᠡᠳ᠋ ᠤᠨ ᠡᠷᠭᠢᠯᠲᠡ ᠶᠢ ᠢᠳᠡᠪᠬᠢᠵᠢᠭᠦᠯᠵᠦ᠂ ᠡᠭᠦᠨ ᠤ ᠤᠯᠠᠮ ᠠᠴᠠ ᠨᠠᠪᠴᠢᠨ ᠤ ᠢᠯᠲᠠᠰᠤ ᠶᠢᠨ ᠢᠯᠡᠭᠦᠴᠡ ᠡᠨᠧᠷᠭᠢ ᠶᠢ ᠢᠯᠭᠠᠷᠠᠭᠤᠯᠵᠤ᠂ ᠬᠤᠷᠴᠠ ᠬᠡᠷᠡᠯ ᠤᠨ ᠬᠥᠨᠥᠭᠡᠯ ᠠᠴᠠ ᠵᠠᠶᠢᠯᠠᠭᠤᠯᠤᠨ᠎ᠠ︔ ᠭᠡᠷᠡᠯ ᠤᠨ ᠲᠤᠰᠤᠯᠲᠠ ᠬᠠᠯᠬᠠᠯᠠᠬᠤ ᠵᠡᠷᠭᠡ ᠰᠢᠯᠲᠠᠭᠠᠨ ᠠᠴᠠ ᠪᠣᠯᠵᠤ ᠪᠠᠭᠤᠷᠠᠬᠤ ᠦᠶ᠎ᠡ ᠳᠤ᠂ ᠨᠠᠪᠴᠢᠨ ᠤ ᠰᠢᠷ᠎ᠠ ᠡᠳ᠋ ᠤᠨ ᠡᠷᠭᠢᠯᠲᠡ ᠶᠢᠨ ᠡᠨᠡ ᠬᠦ ᠬᠠᠮᠠᠭᠠᠯᠠᠯᠲᠠ ᠶᠢᠨ ᠴᠢᠨᠠᠷᠲᠠᠢ ᠲᠣᠭᠲᠠᠴᠠ ᠨᠢ ᠳᠠᠷᠤᠢ ᠬᠠᠭᠠᠭᠳᠠᠵᠤ᠂ ᠡᠭᠦᠨ ᠤ ᠤᠯᠠᠮ ᠠᠴᠠ ᠤᠷᠭᠤᠮᠠᠯ ᠤᠨ ᠨᠠᠪᠴᠢ ᠨᠢ ᠵᠣᠬᠢᠬᠤ ᠬᠡᠮᠵᠢᠶᠡᠨ ᠤ ᠭᠡᠷᠡᠯ ᠤᠨ ᠲᠤᠰᠤᠯᠲᠠ ᠶᠢᠨ ᠬᠦᠴᠦᠯᠡᠴᠡ ᠶᠢᠨ ᠳᠣᠣᠷ᠎ᠠ ᠭᠡᠷᠡᠯ ᠤᠨ ᠨᠡᠶᠢᠯᠡᠯᠭᠡ ᠬᠢᠳᠡᠭ᠃ ᠤᠷᠭᠤᠮᠠᠯ ᠤᠨ ᠨᠠᠪᠴᠢᠨ ᠤ ᠰᠢᠷ᠎ᠠ ᠡᠳ᠋ ᠤᠨ ᠡᠷᠭᠢᠯᠳᠡ ᠪᠠᠨ ᠬᠠᠭᠠᠬᠤ ︽ᠰᠤᠯᠢᠭᠳᠠᠯ ︾ ᠶᠠᠪᠤᠴᠠ ᠨᠢ ᠶᠡᠷᠦ ᠳᠤ ᠪᠠᠨ ᠬᠡᠳᠦᠨ ᠮᠢᠨᠦ᠋ᠲ ᠦᠷᠭᠦᠯᠵᠢᠯᠡᠳᠡᠭ᠂ ᠲᠠᠷᠢᠮᠠᠯ ᠳᠤ ᠠᠪᠴᠤ ᠬᠡᠯᠡᠪᠡᠯ᠂ ᠡᠨᠡ ᠨᠢ ᠤᠤᠯ ᠨᠢ ᠭᠡᠷᠡᠯ ᠤᠨ ᠨᠡᠶᠢᠯᠡᠯᠭᠡ ᠶᠢᠨ ᠦᠢᠯᠡᠳᠦᠯ ᠳᠤ ᠬᠡᠷᠡᠭᠯᠡᠬᠦ ᠴᠠᠭ ᠢ ᠰᠦᠢᠳᠬᠡᠳᠡᠭ᠃ ᠲᠠᠷᠢᠮᠠᠯ ᠤᠨ ᠪᠦᠬᠦ᠋ᠢᠯᠡ ᠤᠷᠭᠤᠯᠲᠠ ᠶᠢᠨ ᠦᠶᠡᠯᠡᠯ ᠤᠨ ᠬᠤᠭᠤᠴᠠᠭᠠᠨ ᠳᠤ᠂ ᠡᠳᠡᠭᠡᠷ ᠢᠬᠢᠷ ᠰᠢᠬᠢᠷ ︽ᠬᠡᠳᠦᠨ ᠮᠢᠨᠦ᠋ᠲ︾᠎ ᠢ ᠨᠡᠶᠢᠯᠡᠭᠦᠯᠪᠡᠯ ᠪᠠᠭ᠎ᠠ ᠪᠤᠰᠤ ᠴᠠᠭ ᠬᠤᠭᠤᠴᠠᠭ᠎ᠠ ᠶᠢ ᠡᠵᠡᠯᠡᠳᠡᠭ᠃ ᠰᠢᠷ᠎ᠠ ᠪᠤᠷᠴᠠᠭ ᠲᠤ ︽VPZ︾ ᠭᠡᠭᠳᠡᠭᠰᠡᠨ ᠪᠦᠲᠦᠴᠡ ᠨᠢ ᠨᠠᠪᠴᠢᠨ ᠤ ᠰᠢᠷ᠎ᠠ ᠡᠳ᠋ ᠤᠨ ᠡᠷᠭᠢᠯᠲᠡ ᠶᠢ ᠲᠣᠬᠢᠷᠠᠭᠤᠯᠵᠤ ᠪᠣᠯᠣᠨ᠎ᠠ᠂ ᠲᠣᠰ ᠪᠦᠲᠦᠴᠡ ᠳᠤ ᠨᠠᠪᠴᠢᠨ ᠤ ᠰᠢᠷ᠎ᠠ ᠡᠳ᠋ ᠤᠨ ᠡᠷᠭᠢᠯᠲᠡ ᠲᠠᠢ ᠬᠤᠯᠪᠣᠭᠳᠠᠯ ᠪᠦᠬᠦᠢ ᠤᠭᠤᠷᠠᠭ ᠤᠨ ᠭᠧᠨ ᠢ 3 ᠳ᠋ᠤᠭᠠᠷᠯᠠᠵᠤ ᠪᠣᠯᠣᠨ᠎ᠠ᠃    ᠰᠢᠷ᠎ᠠ ᠪᠤᠷᠴᠠᠭ ᠤᠨ ︽VPZ︾ ᠪᠦᠲᠦᠴᠡ ᠨᠢ ᠨᠠᠪᠴᠢᠨ ᠤ ᠰᠢᠷ᠎ᠠ ᠡᠳ᠋ ᠤᠨ ᠡᠷᠭᠢᠯᠲᠡ ᠪᠠᠨ ᠬᠠᠭᠠᠬᠤ ︽ᠰᠤᠯᠢᠭᠳᠠᠯ︾ ᠶᠠᠪᠤᠴᠠ ᠶᠢ ᠲᠦᠷᠭᠡᠳᠬᠡᠵᠦ᠂ ᠰᠢᠷ᠎ᠠ ᠪᠤᠷᠴᠠᠭ ᠤᠨ ᠬᠡᠷᠡᠯ ᠤᠨ ᠨᠡᠶᠢᠯᠡᠯᠭᠡ ᠶᠢᠨ ᠦᠢᠯᠡᠳᠦᠯ ᠤᠨ ᠠᠰᠢᠭᠯᠠᠮᠵᠢ ᠶᠢ ᠲᠡᠭᠡᠭᠰᠢᠯᠡᠭᠦᠯᠳᠡᠭ ᠪᠠᠶᠢᠨ᠎ᠠ᠃ ᠰᠢᠷ᠎ᠠ ᠪᠤᠷᠴᠠᠭ ᠤᠨ ᠤᠨᠠᠯᠳᠠ ᠶᠢ 20%᠎ ᠠᠴᠠ ᠳᠡᠭᠡᠭᠰᠢ ᠨᠡᠮᠡᠭᠳᠡᠭᠦᠯᠵᠦ᠂ ᠤᠨᠠᠯᠳᠠ ᠶᠢᠨ ᠬᠡᠮᠵᠢᠶ᠎ᠡ ᠪᠠᠷ ᠬᠠᠮᠤᠭ ᠤᠨ ᠥᠨᠳᠥᠷ ᠣᠷᠣᠨ ᠪᠦᠰᠡ ᠳᠤ 33%᠎ ᠪᠠᠷ ᠨᠡᠮᠡᠭᠳᠡᠬᠦ ᠪᠥᠭᠡᠳ ᠰᠢᠷ᠎ᠠ ᠪᠤᠷᠴᠠᠭ ᠤᠨ ᠶᠠᠰᠤ ᠴᠢᠨᠠᠷ ᠢ ᠨᠦᠯᠦᠭᠡᠯᠡᠬᠦ ᠦᠭᠡᠢ᠃  
        ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ