ᠤᠶᠢᠷ᠎ᠠ ᠶᠢᠨ ᠵᠢᠯ ᠠᠴᠠ ᠣᠷᠳᠣᠰ ᠬᠤᠲᠠ ᠰᠤᠷᠭᠠᠨ ᠬᠦᠮᠦᠵᠢᠯ ᠤᠨ ︽ᠰᠢᠨ᠎ᠡ ᠬᠡᠯᠪᠡᠷᠢ ᠶᠢᠨ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ︾ | ᠪᠠᠷ ᠲᠣᠭᠠᠵᠢᠭᠤᠯᠤᠭᠰᠠᠨ ᠰᠤᠷᠭᠠᠨ ᠬᠥᠮᠦᠵᠢᠯ ᠤᠨ ᠤᠷᠴᠢᠨ ᠠᠬᠤᠢ ᠶᠢ ᠪᠤᠶ ᠪᠣᠯᠭᠠᠵᠤ᠂ ᠮᠡᠳᠡᠭᠡ ᠵᠠᠩᠭᠢ ᠶᠢᠨ ᠰᠦᠯᠵᠢᠶ᠎ᠡ᠂ ᠲᠠᠪᠴᠠᠩ ᠤᠨ ᠰᠢᠰᠲ᠋ᠧᠮ᠂ | ᠲᠣᠭᠠᠵᠢᠭᠤᠯᠤᠭᠰᠠᠨ ᠡᠬᠢ ᠪᠠᠶᠠᠯᠢᠭ᠂ ᠣᠶᠤᠨᠲᠤ ᠰᠤᠷᠭᠠᠭᠤᠯᠢ ᠶᠢᠨ ᠬᠦᠷᠢᠶ᠎ᠡ᠂ ᠢᠳᠡᠬᠡᠮᠵᠢᠳᠤ ᠠᠮᠤᠷ ᠲᠦᠪᠰᠢᠨ ᠵᠡᠷᠭᠡ ᠬᠦᠷᠢᠶ᠎ᠡ ᠴᠠᠷᠠᠭ᠎ᠠ ᠳᠠᠬᠢ ᠪᠦᠲᠦᠭᠡᠨ | ᠪᠠᠶᠢᠭᠤᠯᠤᠯᠲᠠ ᠪᠠᠨ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠥᠷᠭᠡᠨ ᠣᠯᠠᠨ ᠪᠠᠭᠰᠢ ᠰᠤᠷᠤᠭᠴᠢᠳ ᠲᠤ ᠨᠡᠩ ᠤᠯᠠᠨ ᠠᠰᠢᠭ ᠬᠦᠷᠳᠡᠬᠡᠵᠦ᠂ ᠤᠳᠤ | ᠦᠶ᠎ᠠ ᠶᠢᠨ ᠮᠡᠳᠡᠭᠡ ᠵᠠᠩᠭᠢ ᠶᠢᠨ ᠮᠡᠷᠬᠡᠵᠢᠯ ᠢᠶᠠᠷ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠤᠭᠰᠠᠨ ᠠᠴᠠ ᠬᠤᠲᠠ ᠬᠥᠳᠡᠭᠡ ᠶᠢᠨ | ᠰᠤᠷᠭᠠᠨ ᠬᠥᠮᠦᠵᠢᠯ ᠤᠨ ᠨᠢᠭᠡ ᠴᠤᠭᠴᠠᠵᠢᠭᠤᠯᠤᠭᠰᠠᠨ ᠬᠦ᠋ᠭᠵᠢᠯᠳᠡ ᠦᠯᠡᠮᠵᠢ ᠠᠮᠵᠢᠯᠳᠠ ᠤᠯᠤᠭᠰᠠᠨ ᠪᠠᠶᠢᠨ᠎ᠠ᠃ | ᠬᠤᠲᠠ ᠬᠦ᠋ᠳᠡᠭᠡ ᠶᠢ ᠨᠢᠭᠡ ᠴᠣᠭᠴᠠᠵᠢᠭᠤᠯᠤᠨ ᠲᠣᠭᠠᠵᠢᠭᠤᠯᠤᠭᠰᠠᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠡᠭᠡᠭᠡᠪᠡ | ᠤᠷᠳᠤᠰ ᠬᠤᠳᠠ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠰᠤᠷᠭᠠᠨ ᠬᠦ᠋ᠮᠦᠵᠢᠯ ᠤᠨ ᠲᠤᠰᠬᠠᠢ ᠰᠦᠯᠵᠢᠶ᠎ᠡ ᠶᠢ ᠨᠡᠪᠳᠡᠷᠡᠬᠦᠯᠵᠦ᠂ ᠰᠤᠷᠭᠠᠨ | ᠬᠥᠮᠦᠵᠢᠯ ᠤᠨ ᠬᠤᠲᠠ ᠶᠢᠨ ᠬᠡᠪᠴᠢᠶᠡᠨ ᠤ ᠰᠦᠯᠵᠢᠶ᠎ᠡ ᠪᠠᠷ ᠳᠠᠮᠵᠢᠭᠤᠯᠤᠨ ᠬᠤᠲᠠ ᠬᠥᠳᠡᠭᠡ ᠶᠢᠨ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠪᠦᠬᠦᠨ ᠢ ᠬᠠᠮᠤᠷᠤᠨ | ᠬᠤᠯᠪᠣᠬᠤ ᠶᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ 118 ᠰᠤᠷᠭᠠᠭᠤᠯᠢ ᠪᠠ ᠬᠡᠦᠬᠡᠳ ᠤᠨ ᠴᠡᠴᠡᠷᠯᠢᠭ ᠢ ᠬᠤᠲᠠ ᠪᠠᠯᠭᠠᠰᠤ ᠠᠴᠠ ᠳᠡᠭᠡᠭᠰᠢᠬᠢ | 330 ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠠᠢ ᠠᠳᠠᠯᠢ ᠪᠠᠷ ᠴᠥᠮ 1000 MB ᠵᠢᠴᠢ ᠲᠡᠭᠦᠨ ᠠᠴᠠ ᠳᠡᠭᠡᠭᠰᠢᠬᠢ ᠬᠤᠷᠳᠤᠴᠠ ᠪᠦᠬᠦᠢ ᠬᠤᠲᠠ ᠶᠢᠨ | ᠰᠤᠷᠭᠠᠨ ᠬᠥᠮᠦᠵᠢᠯ ᠤᠨ ᠰᠦᠯᠵᠢᠶ᠎ᠡ ᠳᠤ ᠵᠠᠯᠭᠠᠨ ᠣᠷᠣᠭᠤᠯᠵᠤ᠂ ᠬᠤᠲᠠ ᠪᠠᠯᠭᠠᠰᠤᠨ ᠤ ᠰᠤᠷᠭᠠᠭᠤᠯᠢ ᠲᠠᠢ ᠠᠳᠠᠯᠢ ᠲᠦᠪᠰᠢᠨ ᠳᠤ ᠬᠦᠷᠬᠡᠭᠰᠡᠨ ᠪᠠᠶᠢᠨ᠎ᠠ᠃ | ᠬᠤᠲᠠ ᠶᠢᠨ ᠱᠠᠲᠤᠨ ᠠᠴᠠ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠰᠤᠷᠭᠠᠨ ᠬᠥᠮᠦᠵᠢᠯ ᠤᠨ ᠡᠭᠦᠯᠡᠨ ᠲᠠᠪᠴᠠᠩ ᠢ ᠨᠢᠭᠡᠳᠦᠯᠲᠡᠢ ᠲᠥᠯᠥᠪᠯᠡᠨ | ᠪᠠᠶᠢᠭᠤᠯᠵᠤ᠂ ᠣᠷᠳᠣᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠢ ᠪᠠᠭᠲᠠᠭᠠᠭᠰᠠᠨ ᠪᠣᠶ ᠪᠦᠬᠦᠢ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠪᠠᠲᠤᠯᠠᠭ᠎ᠠ ᠲᠠᠢ | ᠂ ᠨᠡᠶᠢᠳᠡᠮ ᠬᠡᠷᠡᠭᠯᠡᠬᠦ ᠰᠤᠷᠭᠠᠨ ᠬᠦ᠋ᠮᠦᠵᠢᠯ ᠤᠨ ᠡᠭᠦᠯᠡᠨ ᠦᠢᠯᠡᠴᠢᠯᠡᠭᠡ ᠬᠠᠩᠭᠠᠵᠤ᠂ ᠡᠬᠦᠨ ᠳᠤ ᠲᠣᠭᠠᠵᠢᠭᠤᠯᠤᠭᠰᠠᠨ ᠰᠤᠷᠭᠠᠨ ᠬᠦ᠋ᠮᠦᠵᠢᠯ ᠤᠨ ᠵᠢᠭᠠᠨ | ᠰᠤᠷᠭᠠᠯᠲᠠ ᠶᠢᠨ ᠡᠬᠢ ᠪᠠᠶᠠᠯᠢᠭ ᠬᠢᠭᠡᠳ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠢᠯᠡᠴᠢᠯᠡᠭᠡ ᠪᠠᠭᠳᠠᠵᠤ ᠪᠤᠢ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠩᠭᠠᠭᠰᠠᠨ ᠣᠯᠠᠨ ᠨᠡᠶᠢᠲᠡ ᠶᠢᠨ ᠲᠤᠭᠠᠵᠢᠭᠤᠯᠤᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠰᠠᠭᠤᠷᠢᠨ | ᠳᠡᠭᠡᠷ᠎ᠡ᠂ ᠬᠤᠲᠠ ᠶᠢᠨ ᠰᠤᠷᠭᠠᠨ ᠬᠥᠮᠦᠵᠢᠯ ᠤᠨ ᠡᠬᠦᠯᠡᠨ ᠳᠠᠪᠴᠠᠩ ᠠᠴᠠ 9 ᠲᠤᠭᠠᠵᠢᠭᠤᠯᠤᠭᠰᠠᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠡᠬᠢ | ᠪᠠᠶᠠᠯᠢᠭ ᠢ ᠬᠠᠩᠭᠠᠵᠤ᠂ ᠡᠭᠦᠨ ᠳᠤ ᠴᠤᠤ ᠰᠢᠩ ᠲᠣᠭᠠᠵᠢᠭᠤᠯᠤᠭᠰᠠᠨ ᠨᠣᠮ ᠪᠢᠴᠢᠭ ᠪᠣᠯᠣᠨ ᠰᠡᠳᠬᠦᠯ᠂ ᠶᠡᠷᠦᠩᠬᠡᠶᠢᠯᠡᠭᠰᠡᠨ ᠮᠡᠳᠡᠯᠭᠡ ᠪᠣᠯᠣᠨ ᠬᠢᠴᠢᠶᠡᠯ | ᠲᠦᠷᠦᠯ ᠤᠨ ᠰᠦᠯᠵᠢᠶᠡᠨ ᠬᠢᠴᠢᠶᠡᠯ᠂ ᠬᠢᠴᠢᠶᠡᠯ ᠲᠦᠷᠦᠯ ᠤᠨ ᠰᠦᠯᠵᠢᠶᠡᠨ ᠤ ᠡᠬᠢ ᠪᠠᠶᠠᠯᠢᠭ᠂ ᠰᠢᠯᠢᠳᠡᠭ ᠰᠦᠯᠵᠢᠶᠡᠨ ᠤ ᠡᠬᠢ ᠪᠠᠶᠠᠯᠢᠭ᠂ ᠪᠠᠭᠰᠢ ᠶᠢᠨ ᠵᠢᠭᠠᠨ | ᠰᠤᠳᠤᠯᠤᠯᠳᠠ ᠪᠠ ᠪᠣᠯᠪᠠᠰᠤᠷᠠᠭᠤᠯᠤᠯ᠂ ᠠᠮᠤᠷ ᠲᠦᠪᠰᠢᠨ ᠤ ᠰᠤᠷᠭᠠᠨ ᠬᠥᠮᠦᠵᠢᠯ ᠵᠢᠴᠢ ᠲᠧᠯᠸᠢᠰ ᠰᠤᠷᠭᠠᠨ ᠬᠥᠮᠦᠵᠢᠯ ᠵᠡᠷᠭᠡ ᠡᠬᠢ ᠪᠠᠶᠠᠯᠢᠭ ᠢ ᠪᠠᠭᠳᠠᠭᠠᠪᠠ᠃ | ᠰᠦᠯᠵᠢᠶ᠎ᠠ᠂ ᠰᠢᠯᠵᠢᠶ᠎ᠠ ᠠᠴᠠ ᠤᠲᠠᠰᠤᠲᠤ ᠲᠧᠯᠸᠢᠰ ᠬᠦᠷᠲᠡᠯ᠎ᠡ᠂ ᠰᠤᠷᠭᠠᠭᠤᠯᠢ᠂ ᠪᠠᠭᠰᠢ ᠰᠣᠷᠣᠭᠴᠢ᠂ ᠭᠡᠷ ᠪᠦᠯᠢ ᠨᠢᠭᠡ ᠪᠦᠷᠢ ᠴᠥᠮ ᠥᠪᠡᠷ ᠤᠨ | ᠬᠡᠷᠡᠭᠴᠡᠭᠡ ᠳᠡᠭᠡᠨ ᠲᠣᠬᠢᠷᠠᠬᠤ ᠡᠬᠢ ᠪᠠᠶᠠᠯᠢᠭ ᠢ ᠰᠣᠩᠭᠤᠨ ᠬᠡᠷᠡᠭᠯᠡᠵᠦ ᠪᠣᠯᠬᠤ ᠪᠥᠭᠡᠳ ︽ᠮᠠᠯᠵᠢᠬᠤ ᠲᠠᠷᠢᠶᠠᠯᠠᠬᠤ ᠤᠷᠤᠨ ᠤ ᠰᠤᠷᠭᠠᠭᠤᠯᠢ ᠨᠤᠭᠤᠳ ᠬᠤᠳᠠ ᠶᠢᠨ | ᠨᠦᠬᠦᠴᠡᠯ ᠢᠶᠠᠷ ᠬᠠᠮᠤᠭ ᠤᠨ ᠰᠡᠶᠢᠨ ᠲᠤᠮᠳᠠᠳᠤ ᠪᠠᠭ᠎ᠠ ᠰᠤᠷᠭᠠᠭᠤᠯᠢ ᠲᠠᠢ ᠠᠳᠠᠯᠢᠬᠠᠨ ᠲᠤᠭᠠᠵᠢᠭᠤᠯᠤᠭᠰᠠᠨ ᠵᠢᠭᠠᠨ ᠰᠤᠷᠭᠠᠯᠳᠠ ᠶᠢᠨ ᠡᠬᠢ ᠪᠠᠶᠠᠯᠢᠭ ᠢ ᠬᠡᠷᠡᠭᠯᠡᠬᠦ︾ | ᠶᠢ ᠪᠡᠶᠡᠯᠡᠬᠦᠯᠪᠠ᠃ ᠰᠢᠯᠢᠳᠡᠭ ᠲᠤᠭᠠᠵᠢᠭᠤᠯᠤᠭᠰᠠᠨ ᠡᠬᠢ ᠪᠠᠶᠠᠯᠢᠭ ᠲᠤ ᠰᠠᠭᠤᠷᠢᠯᠠᠨ᠂ ᠬᠥᠳᠡᠭᠡ ᠲᠣᠰᠬᠤᠨ ᠤ ᠰᠤᠷᠭᠠᠭᠤᠯᠢ ᠨᠤᠭᠤᠳ ︽ᠣᠶᠤᠨᠲᠤ ᠬᠢᠴᠢᠶᠡᠯ ᠤᠨ | ᠲᠠᠩᠭᠢᠮ︾ ᠢ ᠬᠠᠶᠢᠨ ᠰᠦᠪᠡᠭᠴᠢᠯᠡᠵᠦ᠂ ᠰᠤᠷᠭᠠᠨ ᠬᠥᠮᠦᠵᠢᠯ ᠤᠨ ᠲᠣᠭᠠᠵᠢᠭᠤᠯᠤᠯᠳᠠ ᠶᠢᠨ ᠬᠡᠯᠪᠡᠷᠢ ᠪᠠᠨ ᠬᠤᠪᠢᠷᠠᠭᠤᠯᠤᠭᠰᠠᠨ ︽ᠬᠤᠰᠢᠭᠤᠴᠢ︾᠂ ︽ | ᠳᠠᠭᠠᠭᠤᠯᠤᠭᠴᠢ︾ ᠪᠤᠯᠤᠬᠰᠠᠨ ᠪᠠᠶᠢᠨ᠎ᠠ᠄ ᠤᠳᠤᠬᠠᠨ ᠳᠤ 5 ᠰᠤᠷᠭᠠᠭᠤᠯᠢ ᠨᠢ ᠤᠶᠤᠨᠴᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢ | ᠪᠠᠶᠢᠭᠤᠯᠵᠤ᠂ ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡ ᠵᠡᠷᠭᠡ 3 ᠬᠢᠴᠢᠶᠡᠯ ᠲᠦᠷᠦᠯ ᠢ ᠬᠠᠮᠤᠷᠤᠭᠰᠠᠨ ︽ᠳᠡᠭᠡᠳᠦ ᠳᠡᠰ ᠤᠨ ᠰᠡᠳᠬᠢᠬᠦᠢ ᠢᠢᠨ | ᠬᠥᠭᠵᠢᠯᠲᠡ ᠳᠤ ᠰᠠᠭᠤᠷᠢᠯᠠᠭᠰᠠᠨ 211 ᠤᠶᠤᠨᠴᠢ ᠬᠢᠴᠢᠶᠡᠯ ᠤᠨ ᠲᠠᠩᠭᠢᠮ ᠤᠨ ᠵᠢᠭᠠᠨ ᠰᠤᠷᠭᠠᠯᠲᠠ ᠢᠢᠨ ᠬᠡᠪ ᠵᠠᠭᠪᠤᠷ︾ ᠢ ᠰᠦᠪᠡᠭᠴᠢᠯᠡᠨ ᠪᠦᠷᠢᠯᠳᠦᠭᠦᠯᠵᠦ᠂ | 7 ᠬᠤᠰᠢᠭᠤ ᠲᠣᠭᠤᠷᠢᠭ᠂ 22 ᠬᠤᠲᠠ ᠪᠠᠯᠭᠠᠰᠤᠨ ᠤ ᠰᠤᠷᠭᠠᠭᠤᠯᠢ ᠶᠢ ᠣᠷᠣᠨ ᠪᠦᠰᠡ ᠶᠢᠨ ᠵᠢᠭᠠᠨ ᠰᠤᠷᠭᠠᠯᠲᠠ ᠶᠢᠨ ᠵᠠᠭᠪᠤᠷ ᠤᠨ ᠬᠤᠪᠢᠰᠤᠯᠲᠠ ᠶᠢᠨ | ᠦ᠋ᠯᠡᠳᠦᠯᠭᠡ ᠶᠢᠨ ᠡ᠊ᠩᠨᠡᠭᠡᠨ ᠳᠤ ᠣᠷᠣᠭᠤᠯᠬᠤ ᠶᠢ ᠪᠦᠲᠦᠮᠵᠢᠲᠡᠶ ᠠᠬᠢᠭᠤᠯᠵᠤ᠂ ᠣᠷᠳᠣᠰ ᠬᠤᠲᠠ ᠶᠢᠨ ᠲᠠᠭᠠᠭᠠᠴᠢᠯᠠᠵᠤ ᠪᠦᠬᠦᠢ ᠤᠯᠤᠰ ᠤᠨ ᠲᠠᠰ ᠤᠨ ︽ᠮᠡᠳᠡᠭᠡ | ᠵᠠᠩᠭᠢ ᠶᠢᠨ ᠮᠡᠷᠭᠡᠵᠢᠯ ᠢ ᠠᠭᠤᠰᠤᠯᠴᠠᠭᠤᠯᠬᠤ ᠰᠢᠨ᠎ᠡ ᠮᠠᠶ᠋ᠢᠭ ᠤᠨ ᠵᠢᠭᠠᠨ ᠰᠤᠷᠭᠠᠯᠳᠠ ᠪᠠ ᠰᠤᠷᠤᠯᠴᠠᠬᠤ ᠵᠠᠭᠪᠤᠷ︾ ᠤᠨ ᠲᠤᠷᠰᠢᠯᠲᠠ ᠶᠢᠨ ᠲᠣᠭᠤᠷᠢᠭ ᠤᠨ | ᠠᠵᠢᠯ ᠤᠨ ︽ᠬᠤᠰᠢᠭᠤᠴᠢ ᠠᠩᠭᠢ︾ ᠪᠣᠯᠤᠭᠰᠠᠨ ᠪᠠᠶᠢᠨ᠎ᠠ᠃ | ᠦᠵᠡᠭᠳᠡᠬᠦ᠋ᠴᠡ ᠲᠤᠭ᠎ᠠ ᠪᠠᠷᠢᠮᠳᠠ ᠪᠠᠷ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠳᠤᠲᠠᠭᠤᠳᠠᠯ ᠢ ᠨᠥᠬᠦᠪᠦᠷᠢᠯᠡᠪᠠ | ᠬᠥᠳᠡᠭᠡ ᠲᠣᠰᠬᠤᠨ ᠤ ᠰᠤᠷᠭᠠᠭᠤᠯᠢ ᠶᠢᠨ ᠬᠠᠮᠢᠶᠠᠷᠤᠯᠲᠠ ᠬᠤᠳᠠ ᠪᠠᠯᠭᠠᠰᠤ ᠶᠢᠨ ᠬᠢ ᠳ᠋ᠠᠢ ᠬᠠᠷᠢᠴᠠᠭᠤᠯᠪᠠᠯ ᠵᠣᠬᠢᠬᠤ ᠵᠥᠷᠢᠶ᠎ᠡ ᠲᠠᠢ ᠪᠠᠶᠢᠳᠠᠯ ᠳᠤ ᠴᠢᠭᠯᠡᠬᠦᠯᠦᠨ᠂ | ᠤᠷᠳᠤᠰ ᠬᠤᠲᠠ ᠶᠢᠨ ᠰᠤᠷᠭᠠᠨ ᠬᠥᠮᠦᠵᠢᠯ ᠤᠨ ᠡᠬᠦᠯᠡᠨ ᠳᠠᠪᠴᠠᠩ ᠨᠢ ᠠᠮᠤᠷ ᠲᠦᠪᠰᠢᠨ ᠢ ᠲᠣᠭᠤᠷᠢᠨ ᠪᠠᠶᠢᠴᠠᠭᠠᠬᠤ᠂ ᠬᠢᠴᠢᠶᠡᠯ ᠲᠤᠬᠢᠷᠠᠭᠤᠯᠬᠤ᠂ ᠬᠢᠴᠢᠶᠡᠯ | ᠰᠣᠩᠭᠤᠬᠤ᠂ ᠰᠦᠯᠵᠢᠶ᠎ᠡ ᠪᠠᠷ ᠰᠢᠯᠭᠠᠯᠲᠠ ᠬᠢᠨᠠᠬᠤ᠂ ᠬᠢᠷᠢ ᠪᠦᠲᠦᠮᠵᠢ ᠶᠢ ᠵᠠᠳᠠᠯᠬᠤ᠂ ᠰᠣᠷᠣᠭᠴᠢ ᠶᠢ ᠦᠨᠡᠯᠡᠬᠦ᠂ ᠨᠣᠮ ᠪᠢᠴᠢᠭ ᠢ ᠬᠠᠮᠢᠶᠠᠷᠬᠤ ᠵᠡᠷᠭᠡ ᠳᠠᠯ᠎ᠠ ᠪᠠᠷ | ᠦᠢᠯᠡᠴᠢᠯᠡᠭᠡ ᠬᠠᠩᠭᠠᠪᠠ᠃ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢᠨ ᠬᠡᠷᠡᠭᠯᠡᠭᠡ ᠨᠢ ᠬᠥᠳᠡᠭᠡ ᠲᠣᠰᠬᠤᠨ ᠤ ᠰᠤᠷᠭᠠᠭᠤᠯᠢ ᠶᠢᠨ ᠠᠮᠤᠷ ᠲᠦ᠋ᠪᠰᠢᠨ ᠤ | ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠵᠦ᠂ ᠪᠠᠭᠰᠢ ᠠᠵᠢᠯᠲᠠᠨ ᠰᠠᠨᠠᠭᠠᠴᠢᠯᠠᠭ᠎ᠠ ᠠᠴᠠ ᠪᠠᠨ ᠰᠤᠷᠭᠠᠭᠤᠯᠢ ᠶᠢᠨ ᠬᠦᠷᠢᠶᠡᠨ ᠤ ᠲᠣᠭᠤᠷᠢᠨ | ᠪᠠᠶᠢᠴᠠᠭᠠᠯᠲᠠ ᠳᠤ ᠣᠷᠣᠯᠴᠠᠵᠤ᠂ 84% ᠶᠢᠨ ᠠᠮᠤᠷ ᠲᠦᠪᠰᠢᠨ ᠤ ᠭᠡᠮ ᠰᠤᠭᠤᠭ ᠢ ᠰᠶᠢᠳᠪᠦᠷᠢᠯᠡᠪᠠ︔ ᠬᠢᠴᠢᠶᠡᠯ ᠲᠤᠬᠢᠷᠠᠭᠤᠯᠬᠤ ᠬᠡᠷᠡᠭᠯᠡᠭᠡ ᠨᠢ ᠬᠢᠴᠢᠶᠡᠯ | ᠬᠥᠮᠦᠵᠢᠯ ᠤᠨ ᠠᠵᠢᠯᠲᠠᠳ ᠤᠨ 2 ᠡᠳᠦᠷ ᠬᠢᠳᠡᠭ ᠠᠵᠢᠯ ᠢ 2 ᠴᠠᠭ ᠪᠣᠯᠭᠠᠨ ᠪᠣᠭᠤᠨᠢᠰᠬᠠᠪᠠ︔ ᠬᠢᠴᠢᠶᠡᠯ ᠰᠣᠩᠭᠤᠬᠤ ᠳᠤ 1/3 ᠢᠢᠨ ᠬᠥᠳᠡᠭᠡ ᠲᠣᠰᠬᠤᠨ ᠤ | ᠰᠤᠷᠭᠠᠭᠤᠯᠢ ᠶᠢ ᠬᠠᠪᠰᠤᠷᠴᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠢᠢ ᠵᠣᠬᠢᠶᠠᠨ ᠪᠠᠶᠢᠭᠤᠯᠬᠤ ᠳᠤ ᠨᠠᠩ ᠲᠥ᠋ᠬᠦᠮ ᠪᠣᠯᠭᠠᠪᠠ︔ ᠮᠢᠩᠭ᠎ᠠ ᠲᠦᠮᠡᠨ ᠳᠡᠪᠲᠡᠷ | ᠴᠠᠭᠠᠰᠤᠨ ᠨᠣᠮ ᠰᠡᠳᠬᠦᠯ ᠢ ᠡᠭᠦᠯᠡᠨ ᠦ᠋ᠯᠡᠴᠢᠯᠡᠭᠡ ᠪᠠᠷ ᠬᠠᠮᠢᠶᠠᠷᠴᠤ᠂ ᠵᠢᠭᠡᠯᠡᠨ ᠤᠩᠰᠢᠬᠤ ᠨᠣᠷᠮ᠎ᠠ᠂ ᠨᠤᠮ ᠤᠨ ᠰᠠᠩ ᠳᠤ ᠬᠠᠳᠠᠭᠠᠯᠠᠵᠤ ᠪᠠᠶᠢᠭ᠎ᠠ ᠨᠤᠮ ᠲᠡᠪᠳᠡᠷ | ᠵᠡᠷᠭᠡ ᠡᠯ᠎ᠡ ᠵᠦᠢᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠡᠷᠢᠨ ᠬᠠᠶᠢᠵᠤ ᠴᠢᠳᠠᠬᠤ ᠪᠤᠯᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠨᠣᠮ ᠪᠢᠴᠢᠭ ᠤᠨ | ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠡᠩ ᠲᠡᠩᠴᠡᠭᠦᠷᠢᠲᠡᠢ᠂ ᠨᠡᠩ ᠦᠷ᠎ᠡ ᠪᠦᠲᠦᠮᠵᠢ ᠲᠠᠢ ᠪᠣᠯᠭᠠᠪᠠ ᠁ ᠵᠤᠷᠪᠤᠰ ᠵᠤᠷᠪᠤᠰ ᠬᠠᠮᠢᠶᠠᠷᠤᠯᠲᠠ ᠶᠢᠨ | ᠲᠣᠭᠲᠠᠭᠠᠯ ᠢ ᠬᠡᠷᠡᠭᠯᠡᠬᠦ ᠳᠤ ᠲᠦᠭᠦᠮ ᠡᠯᠧᠺᠲᠷᠤᠨ ᠪᠢᠴᠢᠭ ᠮᠠᠲ᠋ᠧᠷᠢᠶᠠᠯ ᠪᠤᠯᠭᠠᠵᠤ᠂ ᠴᠠᠭᠠᠰᠤᠨ ᠡᠬᠡ ᠲᠠᠩᠰᠠ ᠶᠢ ᠡᠯᠧᠺᠲᠷᠤᠨ ᠪᠦ᠋ᠷᠢᠳᠬᠡᠯ ᠤᠨ ᠵᠢᠷᠤᠭ ᠬᠦᠰᠦᠨᠦᠭ | ᠪᠣᠯᠭᠠᠨ ᠬᠤᠪᠢᠷᠠᠭᠤᠯᠵᠤ᠂ ︽ᠬᠤᠲᠠ — ᠬᠤᠰᠢᠭᠤ — ᠰᠤᠷᠭᠠᠭᠤᠯᠢ︾ ᠭᠤᠷᠪᠠᠨ ᠱᠠᠲᠤᠨ ᠤ ᠰᠤᠷᠭᠠᠨ ᠬᠥᠮᠦᠵᠢᠯ ᠤᠨ ᠦᠵᠡᠭᠳᠡᠬᠦ᠋ᠴᠡ ᠲᠤᠭ᠎ᠠ | ᠪᠠᠷᠢᠮᠳᠠ ᠪᠠᠷ ᠬᠥᠳᠡᠭᠡ ᠲᠣᠰᠬᠤᠨ ᠤ 118 ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ | ᠴᠢᠩᠭᠠᠳᠬᠠᠪᠠ᠃ | ᠣᠷᠳᠣᠰ ᠬᠤᠲᠠ ᠶᠢᠨ ᠪᠤᠶ ᠪᠦᠬᠦᠢ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠳᠤ ᠴᠥᠮ 80 ᠢᠨᠴ ᠠᠴᠠ ᠳᠡᠭᠡᠭᠰᠢᠬᠢ ᠣᠯᠠᠨ ᠵᠠᠭᠤᠴᠢᠲᠤ | ᠬᠦᠷᠦᠯᠴᠡᠨ ᠡᠵᠡᠮᠳᠡᠬᠦ ᠨᠢᠭᠡ ᠴᠣᠭᠴᠠᠲᠤ ᠮᠠᠰᠢᠨ ᠲᠣᠬᠢᠷᠠᠭᠤᠯᠵᠤ᠂ ᠲᠡᠳᠡᠭᠡᠷ ᠨᠢ ᠴᠥᠮ ᠤᠯᠤᠰ᠂ ᠥ ᠪᠡᠷᠲᠡᠭᠡᠨ ᠵᠠᠰᠠᠬᠤ ᠣᠷᠣᠨ ᠪᠠ ᠣᠷᠳᠣᠰ ᠬᠤᠲᠠ ᠶᠢᠨ | ᠰᠤᠷᠭᠠᠨ ᠬᠥᠮᠦᠵᠢᠯ ᠤᠨ ᠰᠠᠯᠠᠭ᠎ᠠ ᠮᠥ᠋ᠴᠢᠷ ᠤᠨ ᠬᠠᠩᠭᠠᠭᠰᠠᠨ ᠣᠯᠠᠨ ᠨᠡᠶᠢᠲᠡ ᠶᠢᠨ ᠲᠣᠭᠠᠵᠢᠭᠤᠯᠤᠭᠰᠠᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ | ᠦᠢᠯᠡᠴᠢᠯᠡᠭᠡ ᠶᠢ ᠬᠡᠷᠡᠭᠯᠡᠵᠦ ᠲᠡᠶᠢᠯᠳᠡᠭ᠃ ᠡᠭᠦᠨ ᠳᠤ ᠪᠠᠭᠰᠢ ᠨᠠᠷ ᠡᠳᠦᠷ ᠲᠤᠲᠤᠮ ᠤᠨ ᠵᠢᠭᠠᠨ ᠰᠤᠷᠭᠠᠯᠲᠠ ᠳᠠᠭᠠᠨ ᠠᠰᠢᠭᠯᠠᠵᠤ ᠪᠤᠯᠬᠤ ᠪᠦᠭᠡᠳ ᠠᠯᠤᠰ ᠠᠴᠠ | ᠬᠠᠷᠢᠯᠴᠠᠨ ᠬᠤᠷᠰᠢᠯᠴᠠᠬᠤ ᠵᠢᠭᠠᠨ ᠰᠤᠷᠭᠠᠯᠲᠠ ᠶᠢᠨ ᠰᠤᠳᠤᠯᠭᠠᠨ ᠢ ᠳᠡᠮᠵᠢᠬᠦ ︽ᠰᠦᠯᠵᠢᠶ᠎ᠠ ᠪᠠᠷ ᠬᠤᠷᠰᠢᠯᠴᠠᠬᠤ ᠬᠢᠴᠢᠶᠡᠯ ᠤᠨ ᠲᠠᠩᠭᠢᠮ︾ ᠢ ᠪᠦᠬᠦ | ᠰᠤᠷᠭᠠᠭᠤᠯᠢ ᠳᠤ ᠲᠣᠬᠢᠷᠠᠭᠤᠯᠵᠤ᠂ ᠬᠠᠪᠰᠤᠷᠤᠨ ᠳᠡᠳᠬᠦᠬᠦ ᠰᠤᠷᠭᠠᠭᠤᠯᠢ ᠪᠠ ᠬᠤᠯᠪᠤᠭ᠎ᠠ ᠪᠠᠶᠢᠭᠤᠯᠤᠭᠰᠠᠨ ᠰᠤᠷᠭᠠᠭᠤᠯᠢ ᠯᠤᠭ᠎ᠠ ᠣᠷᠣᠨ ᠵᠠᠢ ᠠᠯᠤᠰᠯᠠᠨ ᠵᠢᠭᠠᠨ | ᠰᠤᠷᠭᠠᠯᠲᠠ ᠶᠢᠨ ᠰᠤᠳᠤᠯᠭᠠᠨ ᠤ ᠠᠵᠢᠯᠯᠠᠭ᠎ᠠ ᠥᠷᠨᠢᠭᠦᠯᠵᠦ ᠪᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ 10 ᠰᠤᠷᠭᠠᠭᠤᠯᠢ ᠳᠤ ᠬᠠᠪᠲᠠᠭᠠᠢ ᠺᠣᠮᠫᠢᠦ᠋ᠲ᠋ᠧᠷ ᠲᠤ | ᠰᠠᠭᠤᠷᠢᠯᠠᠭᠰᠠᠨ ᠣᠶᠤᠨᠲᠤ ᠬᠢᠴᠢᠶᠡᠯ ᠤᠨ ᠲᠠᠩᠭᠢᠮ ᠤᠨ ᠵᠢᠭᠠᠨ ᠰᠤᠷᠭᠠᠯᠲᠠ ᠶᠢ ᠲᠦᠷᠦᠬᠦᠯᠡᠨ ᠥᠷᠨᠢᠭᠦᠯᠵᠦ᠂ ᠪᠥᠬᠦ ᠰᠤᠷᠭᠠᠭᠤᠯᠢ ᠶᠢᠨ ᠰᠤᠷᠤᠭᠴᠢ ᠨᠢᠬᠡ ᠪᠦᠷᠢ | ᠬᠠᠪᠲᠠᠭᠠᠢ ᠺᠣᠮᠫᠢᠦ᠋ᠲ᠋ᠧᠷ ᠲᠠᠢ ᠪᠠᠶᠢᠬᠤ ᠶᠢ ᠪᠡᠶᠡᠯᠡᠭᠦᠯᠪᠡ᠃ ᠬᠦᠳᠡᠭᠡ ᠲᠤᠰᠬᠤᠨ ᠤ ᠰᠤᠷᠭᠠᠭᠤᠯᠢ ᠶᠢᠨ ᠬᠢᠴᠢᠶᠡᠯ ᠤᠨ ᠲᠠᠩᠭᠢᠮ ᠦᠩᠬᠡᠷᠡᠭᠰᠡᠨ ᠤ ᠬᠢ ᠰᠢᠭ | ᠬᠢᠴᠢᠶᠡᠯ ᠤᠨ ᠳᠡᠪᠳᠡᠷ ᠤᠨ ᠠᠭᠤᠯᠭ᠎ᠠ ᠳᠠᠭᠠᠨ ᠯᠡ ᠪᠠᠷᠢᠭᠳᠠᠬᠤ ᠬᠡᠪ ᠵᠠᠭᠪᠤᠷ ᠠᠴᠠ ᠰᠠᠯᠵᠤ᠂ ᠰᠤᠷᠤᠭᠴᠢᠳ ᠡᠬᠦᠯᠡᠨ ᠳᠠᠪᠴᠠᠩ ᠢᠶᠠᠷ ᠨᠠᠩ ᠪᠠᠶᠠᠯᠢᠭ ᠠᠭᠤᠯᠭ᠎ᠠ ᠲᠠᠢ | ᠵᠢᠭᠠᠨ ᠰᠤᠷᠭᠠᠯᠳᠠ ᠶᠢ ᠬᠦᠷᠳᠡᠬᠦ ᠪᠤᠯᠪᠠ᠃ | ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠨᠤᠭᠤᠳ ᠰᠢᠨ᠎ᠡ ᠶᠢ ᠡᠭᠦᠳᠦᠭᠴᠢᠳ ᠤᠨ ᠠᠩᠭᠢ ᠶᠢᠨ ᠭᠡᠷ ᠲᠣᠬᠢᠷᠠᠭᠤᠯᠬᠤ᠂ ᠬᠤᠲᠠ ᠬᠥᠳᠡᠭᠡ ᠶᠢᠨ | ᠰᠤᠷᠭᠠᠭᠤᠯᠢ ᠬᠠᠪᠰᠤᠷᠤᠯᠴᠠᠭ᠎ᠠ ᠪᠠᠶᠢᠭᠤᠯᠤᠨ STEAM ᠪᠠ ᠰᠢᠨ᠎ᠡ ᠶᠢ ᠡᠭᠦᠳᠦᠭᠴᠢᠳ ᠤᠨ ᠵᠢᠭᠠᠨ ᠰᠤᠷᠭᠠᠯᠲᠠ ᠥᠷᠨᠢᠭᠦᠯᠬᠦ ᠵᠢᠴᠢ ᠬᠤᠳᠠ ᠬᠤᠰᠢᠭᠤ | ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠠᠷᠲ᠋ᠣᠨ ᠵᠢᠷᠤᠭ ᠤᠨ ᠨᠠᠶᠢᠷ ᠵᠡᠷᠭᠡ ᠠᠵᠢᠯᠯᠠᠭ᠎ᠠ ᠶᠢ ᠦᠨᠳᠦᠰᠦᠨ ᠱᠠᠲᠤᠨ ᠳᠤ ᠪᠠᠭᠤᠯᠭᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠦ᠋ᠮᠦᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠤ ᠪᠠᠭᠰᠢ ᠰᠤᠷᠤᠭᠴᠢᠳ ᠲᠤ ᠡᠳᠠᠯᠢᠬᠠᠨ ᠢᠶᠠᠷ | ᠬᠦᠷᠳᠡᠬᠡᠵᠦ᠂ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠲᠤ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠠᠮᠢᠵᠢᠷᠠᠯ ᠤᠨ ᠬᠦᠴᠦᠨ ᠢ ᠮᠡᠳᠡᠷᠡᠭᠦᠯᠪᠡ᠃ | ᠬᠤᠳᠠ ᠶᠢᠨ ᠬᠠᠪᠰᠤᠷᠤᠯᠴᠠᠭ᠎ᠠ ᠪᠠᠶᠢᠭᠤᠯᠤᠭᠰᠠᠨ ᠰᠤᠷᠭᠠᠭᠤᠯᠢ ᠶᠢᠨ ᠡᠳᠦᠷ ᠲᠤᠳᠤᠮ ᠤᠨ ᠵᠢᠭᠠᠨ ᠰᠤᠳᠤᠯᠤᠯᠳᠠ ᠪᠠ ᠡᠯ᠎ᠡ ᠲᠦᠷᠦᠯ ᠤᠨ ᠰᠤᠳᠤᠯᠤᠨ ᠰᠤᠷᠤᠯᠴᠠᠬᠤ | ᠠᠵᠢᠯᠯᠠᠭ᠎ᠠ ᠳᠤ ᠬᠥᠳᠡᠭᠡ ᠲᠣᠰᠬᠤᠨ ᠤ ᠪᠠᠭᠰᠢ ᠶᠢ ᠰᠦᠯᠵᠢᠶ᠎ᠠ ᠪᠠᠷ ᠣᠷᠣᠯᠴᠠᠭᠤᠯᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠮᠡᠷᠭᠡᠵᠢᠯ ᠢ ᠠᠰᠢᠭᠯᠠᠨ ᠬᠤᠳᠠ | ᠬᠥᠳᠡᠭᠡ ᠶᠢᠨ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳ᠋ᠡᠭᠡᠭᠰᠢᠯᠡᠭᠦᠯᠵᠦ᠂ ᠬᠤᠳᠠ ᠬᠥᠳᠡᠭᠡ ᠶᠢᠨ ᠬᠠᠪᠰᠤᠷᠤᠯᠴᠠᠭ᠎ᠠ ᠪᠠᠶᠢᠭᠤᠯᠤᠭᠰᠠᠨ | ᠰᠤᠷᠭᠠᠭᠤᠯᠢ ᠶᠢ ᠠᠭᠠᠵᠢᠮ ᠢᠶᠠᠷ ᠬᠤᠣᠰ ᠴᠢᠭᠯᠡᠯ ᠢᠶᠠᠷ ᠬᠠᠷᠢᠯᠴᠠᠨ ᠠᠬᠢᠭᠤᠯᠪᠠ᠃ | ᠰᠢᠯᠢᠳᠡᠭ ︽ᠡᠬᠢ ᠪᠠᠶᠠᠯᠢᠭ ᠪᠠ ᠦᠢᠯᠡᠴᠢᠯᠡᠭᠡ︾ ᠶᠢ ᠬᠠᠩᠭᠠᠵᠤ ᠬᠤᠲᠠ ᠬᠦ᠋ᠳᠡᠭᠡ ᠶᠢᠨ ᠰᠤᠷᠭᠠᠭᠤᠯᠢ ᠬᠠᠪᠰᠤᠷᠤᠯᠴᠠᠭ᠎ᠠ ᠪᠠᠶᠢᠭᠤᠯᠤᠨ ᠬᠦᠭᠵᠢᠪᠡ | ᠬᠢᠶ᠎ᠠ ᠪᠠᠭᠰᠢ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ ᠪᠣᠯᠣᠨ ᠬᠠᠩᠭᠢᠨ ᠬᠤᠰᠢᠭᠤᠨ ᠤ ᠵᠢᠷᠭᠠᠯᠠᠩᠳᠤ ᠪᠠᠭ᠎ᠠ ᠰᠤᠷᠭᠠᠭᠤᠯᠢ 2019 ᠣᠨ ᠠᠴᠠ | ᠡᠬᠢᠯᠡᠨ OMO ︵ᠰᠦᠯᠵᠢᠶᠡᠨ ᠳᠡᠭᠡᠷ᠎ᠡ + ᠠᠬᠤᠢ ᠳᠠᠯᠠᠪᠠᠢ︶ ᠵᠠᠭᠪᠤᠷ ᠢᠶᠠᠷ ᠲᠠᠮᠵᠢᠨ ᠬᠠᠪᠰᠤᠷᠤᠯᠴᠠᠭ᠎ᠠ ᠪᠠᠶᠢᠭᠤᠯᠤᠨ ᠵᠢᠭᠠᠨ ᠰᠤᠷᠭᠠᠯᠲᠠ ᠶᠢᠨ ᠬᠠᠮᠲᠤ ᠶᠢᠨ | ᠴᠣᠭᠴᠠ ᠶᠢ ᠪᠠᠶᠢᠭᠤᠯᠤᠭᠰᠠᠨ ᠠᠴᠠ 2021 ᠤᠨ ᠳᠤ ᠵᠢᠷᠭᠠᠯᠠᠩᠳᠤ ᠪᠠᠭ᠎ᠠ ᠰᠤᠷᠭᠠᠭᠤᠯᠢ ᠶᠢᠨ ᠤᠯᠠᠨ ᠲᠦᠷᠦᠯ ᠤᠨ ᠵᠢᠭᠠᠨ ᠰᠤᠷᠭᠠᠯᠲᠠ ᠶᠢᠨ ᠭᠦᠢᠴᠡᠳᠬᠡᠯ | ᠲᠤᠭ᠎ᠠ ᠨᠢ ᠬᠤᠳᠠ ᠶᠢᠨ ᠰᠤᠷᠭᠠᠭᠤᠯᠢ ᠨᠤᠭᠤᠳ ᠠᠴᠠ ᠳᠠᠪᠠᠭᠤᠯᠢᠭ ᠪᠤᠯᠵᠤ᠂ ᠬᠤᠳᠠ ᠬᠥᠳᠡᠭᠡ ᠶᠢᠨ ᠬᠠᠪᠰᠤᠷᠤᠯᠴᠠᠭ᠎ᠠ ᠪᠠᠶᠢᠭᠤᠯᠵᠤ ᠬᠥᠭᠵᠢᠭᠰᠡᠨ ᠦᠯᠢᠭᠡᠷ | ᠲᠠᠭᠤᠷᠢᠶᠠᠯ ᠪᠤᠯᠵᠠᠢ᠃ | ᠮᠡᠳᠡᠭᠡ ᠵᠠᠩᠭᠢᠵᠢᠯᠲᠠ ᠨᠢ ᠬᠥᠳᠡᠭᠡ ᠲᠣᠰᠬᠤᠨ ᠤ ᠰᠤᠷᠭᠠᠭᠤᠯᠢ ᠶᠢᠨ ᠬᠠᠮᠵᠢᠯᠴᠠᠨ ᠬᠦ᠋ᠭᠵᠢᠬᠦ ᠳᠤ ᠠᠵᠠ ᠲᠣᠬᠢᠶᠠᠯ ᠤᠯᠭᠤᠪᠠ᠃ ᠶᠡᠷᠦᠳᠡᠬᠡᠨ ᠲᠠᠷᠠᠬᠠᠢ ᠪᠤᠲᠠᠷᠬᠠᠢ | ᠪᠠᠶᠢᠷᠢᠰᠢᠭᠰᠠᠨ ᠬᠥᠳᠡᠭᠡ ᠲᠣᠰᠬᠤᠨ ᠤ ᠰᠤᠷᠭᠠᠭᠤᠯᠢ ᠨᠢ ︽ᠰᠦᠯᠵᠢᠶ᠎ᠠ ᠪᠠᠷ ᠬᠤᠷᠰᠢᠯᠴᠠᠬᠤ ᠬᠢᠴᠢᠶᠡᠯ ᠤᠨ ᠲᠠᠩᠭᠢᠮ︾ ᠢᠶᠠᠷ ᠳᠠᠮᠵᠢᠨ᠂ ᠬᠤᠲᠠ ᠶᠢᠨ | ᠬᠡᠪᠴᠢᠶᠡᠨ ᠳᠠᠬᠢ ᠠᠯᠢ ᠨᠢᠬᠡᠨ ᠰᠤᠷᠭᠠᠭᠤᠯᠢ ᠲᠠᠢ ︽ᠢᠵᠢᠯ ᠳᠠᠪᠲᠠᠮᠵᠢ ᠪᠠᠷ ᠬᠠᠷᠢᠯᠴᠠᠨ ᠬᠤᠷᠰᠢᠯᠴᠠᠵᠤ︾ ᠴᠢᠯᠦᠬᠡᠳᠤ ︽ᠬᠠᠮᠲᠤ ᠶᠢᠨ ᠴᠣᠭᠴᠠ︾ ᠶᠢ | ᠪᠠᠶᠢᠭᠤᠯᠵᠤ ᠪᠤᠯᠳᠠᠭ᠃ ᠲᠡᠷᠡ ᠨᠢ ︽ᠭᠤᠷᠪᠠᠨ ᠬᠢᠴᠢᠶᠡᠯ ᠤᠨ ᠲᠠᠩᠭᠢᠮ︾ ︵ᠲᠤᠰᠬᠠᠶᠢᠯᠠᠨ ᠳᠠᠮᠵᠢᠭᠤᠯᠬᠤ ᠬᠢᠴᠢᠶᠡᠯ ᠤᠨ ᠲᠠᠩᠭᠢᠮ᠂ ᠨᠠᠷᠠᠲᠤ ᠪᠠᠭᠰᠢ ᠶᠢᠨ | ᠬᠢᠴᠢᠶᠡᠯ ᠤᠨ ᠲᠠᠩᠭᠢᠮ᠂ ᠨᠠᠷᠠᠲᠤ ᠰᠤᠷᠭᠠᠭᠤᠯᠢ ᠶᠢᠨ ᠰᠦᠯᠵᠢᠶᠡᠨ ᠤ ᠬᠢᠴᠢᠶᠡᠯ ᠤᠨ ᠲᠠᠩᠭᠢᠮ︶᠂ ᠬᠤᠳᠠ ᠬᠦᠳᠡᠭᠡ ᠶᠢᠨ ᠰᠤᠷᠭᠠᠭᠤᠯᠢ ᠬᠠᠪᠰᠤᠷᠤᠯᠴᠠᠭ᠎ᠠ | ᠪᠠᠶᠢᠭᠤᠯᠬᠤ᠂ OMO ᠶᠢᠨ ᠠᠭᠤᠰᠤᠯᠴᠠᠯ ᠢᠶᠠᠷ ᠳᠠᠮᠵᠢᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠬᠢᠭᠡᠳ ᠰᠤᠷᠭᠠᠨ | ᠬᠥᠮᠦᠵᠢᠯ ᠤᠨ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠳᠤ ᠪᠠᠶᠢᠩᠭᠤ ᠬᠦᠷᠭᠡᠵᠦ ᠪᠤᠢ᠃ ᠵᠢᠭᠠᠨ ᠰᠤᠷᠭᠠᠯᠲᠠ ᠶᠢᠨ ᠬᠤᠪᠢ ᠳᠤ ︽ | ᠭᠤᠷᠪᠠᠨ ᠬᠢᠴᠢᠶᠡᠯ ᠤᠨ ᠲᠠᠩᠭᠢᠮ︾ ᠢᠶᠠᠷ ᠳ᠋ᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠪᠠᠭᠰᠢ ᠰᠤᠷᠤᠭᠴᠢᠳ ᠲᠤ ᠴᠢᠨᠠᠷ ᠰᠠᠶᠢᠲᠠᠢ ᠵᠢᠭᠠᠨ | ᠰᠤᠷᠭᠠᠯᠲᠠ ᠶᠢᠨ ᠠᠭᠤᠯᠭ᠎ᠠ ᠶᠢ ᠵᠡᠷᠭᠡ ᠪᠠᠷ ᠬᠦᠷᠲᠡᠭᠡᠵᠦ᠂ ᠵᠢᠭᠠᠨ ᠰᠤᠳᠤᠯᠤᠭᠴᠢ ᠪᠠ ᠬᠤᠲᠠ ᠶᠢᠨ ᠴᠢᠨᠠᠷ ᠰᠠᠶᠢᠲᠠᠢ ᠬᠠᠪᠰᠤᠷᠤᠯᠴᠠᠭ᠎ᠠ ᠪᠠᠶᠢᠭᠤᠯᠤᠭᠰᠠᠨ | ᠰᠤᠷᠭᠠᠭᠤᠯᠢ ᠶᠢᠨ ᠪᠠᠭᠰᠢ ᠶᠢᠨ ᠵᠢᠭᠠᠨ ᠵᠢᠯᠣᠭᠤᠳᠤᠯᠭ᠎ᠠ ᠪᠠᠷ ᠵᠢᠭᠠᠨ ᠰᠤᠷᠭᠠᠯᠲᠠ ᠪᠠᠨ ᠰᠢᠯᠢᠳᠡᠭᠵᠢᠬᠦᠯᠵᠦ᠂ ᠵᠢᠭᠠᠨ ᠰᠤᠷᠭᠠᠯᠲᠠ ᠶᠢᠨ ᠶᠠᠪᠤᠴᠠ ᠪᠠ ᠦᠷ᠎ᠡ | ᠪᠦᠲᠦᠮᠵᠢ ᠶᠢ ᠦᠨᠡᠯᠡᠬᠦᠯᠵᠦ᠂ ᠬᠥᠳᠡᠭᠡ ᠲᠣᠰᠬᠤᠨ ᠤ ᠰᠤᠷᠭᠠᠭᠤᠯᠢ ᠶᠢᠨ ᠵᠢᠭᠠᠨ ᠰᠤᠷᠭᠠᠯᠲᠠ ᠶᠢ ᠲᠠᠰᠤᠷᠠᠯᠲᠠ ᠦᠭᠡᠢ ᠠᠬᠢᠭᠤᠯᠪᠠ᠃ ︵︽ᠦᠪᠦᠷ ᠮᠤᠩᠭᠤᠯ ᠤᠨ | ᠡᠳᠦᠷ ᠤᠨ ᠰᠤᠨᠢᠨ︾ ᠠᠴᠠ︶ | | ᠰᠦᠯᠵᠢᠶᠡᠨ ᠲᠡᠭᠡᠷ᠎ᠡ ᠵᠢᠭᠠᠬᠤ ᠶᠢ ᠰᠤᠳᠤᠯᠬᠤ ᠠᠵᠢᠯᠯᠠᠭ᠎ᠠ ᠦᠷᠨᠢᠬᠦᠯᠦᠨ᠎ᠠ | | ᠤᠶᠤᠨᠴᠢ ᠲᠤᠷᠰᠢᠯᠳᠠ ᠶᠢᠨ ᠲᠠᠰᠤᠭ | | ᠤᠯᠠᠨ ᠵᠠᠭᠤᠴᠢᠳᠤ ᠬᠢᠴᠢᠶᠡᠯ ᠤᠨ ᠲᠠᠩᠭᠢᠮ | | ᠨᠤᠮ ᠤᠨ ᠪᠡᠯᠡᠭ ᠲᠤᠰᠤᠨ᠎ᠠ | | ᠬᠠᠪᠳᠠᠭᠠᠢ ᠺᠤᠮᠫᠢᠦ᠋ᠲᠷ ᠢᠶᠠᠷ ᠬᠢᠴᠢᠶᠡᠯᠯᠡᠨ᠎ᠡ | | ᠰᠢᠨ᠎ᠠ ᠶᠢᠨ ᠴᠠᠶᠢᠯᠠᠯᠭ᠎ᠠ | | | | | | | |