ᠡᠨᠡ ᠵᠢᠯ ᠠᠴᠠ ᠨᠠᠭᠠᠰᠢ᠂ ᠬᠤᠳᠠ ᠶᠢᠨ ᠤᠰᠤᠨ ᠠᠰᠢᠭᠯᠠᠯᠲᠠ ᠶᠢᠨ ᠲᠤᠪᠴᠢᠶ᠎ᠡ ᠤᠰᠤᠯᠠᠯᠲᠠ ᠶᠢᠨ ᠣᠷᠣᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ | ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠤᠨ᠂ ᠤᠰᠤᠯᠠᠬᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠪᠦᠲᠦᠮᠵᠢᠲᠡᠢ ᠨᠡᠮᠡᠭᠳᠡᠬᠦᠯᠤᠨ᠂ ᠮᠠᠨ ᠤ ᠬᠤᠳᠠ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠳᠤ ᠬᠦᠴᠦᠨ | ᠨᠡᠮᠡᠷᠢᠯᠡᠵᠤ ᠪᠠᠶᠢᠨ᠎ᠠ᠃ | ᠣᠶᠢᠯᠠᠭᠠᠭᠰᠠᠨ ᠢᠶᠠᠷ᠂ ᠮᠠᠨ ᠤ ᠬᠤᠲᠠ ᠣᠲᠣᠬᠠᠨ ᠳᠤ 6 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠲᠠᠢ ᠪᠠᠶᠢᠵᠤ᠂ ᠲᠥᠯᠥᠪᠯᠡᠭᠰᠡᠨ | ᠤᠰᠤᠯᠠᠯᠲᠠ ᠶᠢᠨ ᠲᠠᠯᠠᠪᠠᠶ ᠨᠢ 153.19 ᠲᠦᠮᠡᠨ ᠮᠤ᠋ ᠳᠤ ᠬᠦᠷᠴᠡᠶ᠃ 2023 ᠣᠨ ᠳᠤ᠂ 2450 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ | ᠳᠣᠭᠢᠷᠠᠭᠤᠯᠤᠨ᠂ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠥᠷᠢᠳᠦᠭᠦᠯᠬᠦ ᠪᠠ ᠤᠰᠤ ᠠᠷᠪᠢᠯᠠᠬᠤ | ᠥᠭᠡᠷᠡᠴᠢᠯᠡᠯᠲᠡ ᠳᠤ ᠬᠡᠷᠡᠭᠯᠡᠵᠦ᠂ ᠲᠥᠷᠥᠯ ᠵᠦᠢᠯ ᠤᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠤ ᠳᠠᠷᠠᠭ᠎ᠠ᠂ 4.9 ᠲᠦᠮᠡᠨ ᠮᠥ ᠤᠰᠤᠯᠠᠯᠲᠠ ᠶᠢᠨ ᠲᠠᠯᠠᠪᠠᠶ ᠶᠢ | ᠰᠠᠶᠢᠵᠢᠷᠠᠭᠤᠯᠵᠤ᠂ ᠤᠰᠤᠯᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠢ ᠠᠷᠪᠢᠯᠠᠵᠤ᠂ ᠡᠷᠴᠢᠮᠵᠢᠭᠦᠯᠦᠨ | ᠠᠰᠢᠭᠯᠠᠬᠤ ᠶᠢ ᠠᠬᠢᠭᠤᠯᠬᠤ ᠪᠤᠯᠤᠨ᠎ᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠡᠯ᠎ᠡ ᠭᠠᠵᠠᠷ ᠤᠨ ᠬᠢᠨ ᠢ ᠵᠢᠯᠣᠭᠤᠳᠤᠨ ᠬᠠᠪᠤᠷ ᠤᠨ | ᠲᠠᠷᠢᠶᠠᠯᠠᠭ᠎ᠠ ᠶᠢᠨ ᠪᠡᠯᠡᠳᠭᠡᠯ ᠠᠵᠢᠯ ᠤᠨ ᠠᠰᠢᠭᠲᠠᠶ ᠴᠠᠭ ᠲᠣᠬᠢᠶᠠᠯ ᠢ ᠠᠮᠵᠢᠵᠤ᠂ ᠤᠰᠤᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠪᠠ | ᠥᠭᠡᠷᠡᠴᠢᠯᠡᠯᠲᠡ ᠶᠢᠨ ᠠᠬᠢᠴᠠ ᠶᠢ ᠲᠦᠷᠭᠡᠳᠭᠡᠨ ᠠᠬᠢᠭᠤᠯᠵᠤ᠂ ᠣᠨ ᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | | | |